ᠦᠪᠡᠷᠲᠡᠭᠡᠨ ᠵᠠᠰᠠᠬᠤ ᠣᠷᠣᠨ ᠤ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠫᠷᠦᠭᠷᠡᠮ ᠤᠨ ᠰᠢᠯᠢ ᠶᠢᠨ ᠭᠤᠣᠯ ᠥᠷᠲᠡᠭᠡ ᠳᠠᠬᠢ ᠨᠡᠪᠳᠡᠷᠡᠭᠦᠯᠭᠡ ᠶᠠᠪᠤᠬᠳᠠᠪᠠ
ᠨᠡᠶᠢᠲᠡᠯᠡᠭᠰᠡᠨ ᠴᠠᠭ᠄
2024/11/26
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠷᠠᠳᠢᠣ᠋ ᠲᠧᠯᠸᠢᠰ ᠬᠤᠷᠢᠶ᠎ᠠ ᠵᠡᠷᠭᠡ 8 ᠰᠠᠯᠠᠭ᠎ᠠ ᠮᠥᠴᠢᠷ ᠤᠨ ᠬᠠᠮᠲᠤᠷᠠᠨ ᠦᠢᠯᠡᠳᠦᠭᠰᠡᠨ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ︽ᠥᠪᠥᠷ ᠮᠣᠩᠭᠤᠯ ᠤᠨ ᠰᠠᠶᠢᠨ ᠡᠳ᠋︾ ᠫᠷᠦᠭᠷᠡᠮ ᠤᠨ 10 ᠳ᠋ᠤᠭᠠᠷ ᠦᠷᠲᠡᠭᠡ ᠪᠤᠯᠬᠤ ᠰᠢᠯᠢ ᠶᠢᠨ ᠭᠤᠣᠯ ᠠᠶᠢᠮᠠᠭ ᠤᠨ ᠲᠤᠰᠬᠠᠢ ᠲᠠᠯᠠᠪᠠᠢ ᠶᠢᠨ ᠨᠡᠪᠳᠡᠷᠡᠭᠦᠯᠭᠡ ᠵᠢᠩᠭᠢᠨᠢ ᠪᠠᠷ ᠡᠭᠢᠯᠡᠪᠡ᠃      ᠰᠢᠯᠢ ᠶᠢᠨ ᠭᠤᠣᠯ ᠬᠤᠨᠢ᠂ ᠰᠢᠯᠢ ᠶᠢᠨ ᠭᠤᠣᠯ ᠴᠠᠭᠠᠨ ᠢᠳᠡᠭᠡ᠂ ᠰᠢᠯᠢ ᠶᠢᠨ ᠭᠤᠣᠯ ᠤᠨ ᠭᠠᠷ ᠪᠡᠯᠡᠭ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠ ︽ᠦᠪᠦᠷ ᠮᠣᠩᠭᠤᠯ︾ ᠲᠡᠮᠳᠡᠭᠲᠦ ᠲᠠᠸᠠᠷ ᠨᠢ ᠦᠵᠡᠭᠴᠢᠳ ᠢ ᠶᠡᠬᠡᠳᠡ ᠲᠠᠲᠠᠪᠠ᠃ ᠳᠡᠯᠡᠬᠡᠢ ᠶᠢᠨ ᠰᠣᠶᠣᠯ ᠤᠨ ᠥᠪ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠪᠦᠬᠦ ᠤᠯᠤᠰ ᠲᠤ ᠨᠡᠷ᠎ᠡ ᠠᠯᠳᠠᠷᠰᠢᠭᠰᠠᠨ ᠲᠠᠯ᠎ᠠ ᠨᠤᠲᠤᠭ ᠤᠨ ᠨᠠᠭᠠᠳᠤᠮ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠦᠪᠡᠷ ᠢᠶᠠᠨ ᠮᠠᠰᠢᠨ ᠪᠠᠷᠢᠵᠥ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠶᠡᠭᠡ ᠲᠣᠭᠤᠷᠢᠯ ᠵᠠᠮ ᠵᠡᠷᠭᠡ ᠵᠢᠭᠤᠯᠴᠢᠯᠠᠯ ᠤᠨ ᠲᠠᠨᠢᠯᠴᠠᠭᠤᠯᠭ᠎ᠠ ᠨᠢ ᠭᠦᠮᠦᠰ ᠤᠨ ᠰᠡᠳᠬᠢᠯ ᠢ ᠳᠠᠳᠠᠪᠠ᠃ ︽ᠥᠪᠥᠷ ᠮᠣᠩᠭᠤᠯ ᠤᠨ ᠰᠠᠶᠢᠨ ᠡᠳ᠋︾ ᠫᠷᠣᠭ᠍ᠷᠠᠮ ᠨᠢ ᠡᠷᠳᠡᠮ ᠠᠪᠢᠶᠠᠰ ᠢᠶᠠᠨ ᠦᠵᠡᠭᠦᠯᠭᠦ᠂ ᠳᠠᠭᠤᠯᠠᠵᠦ ᠪᠦᠵᠢᠭᠯᠡᠭᠦ᠂ ᠣᠷᠣᠨ ᠨᠤᠲᠤᠭ ᠤᠨ ᠵᠦᠴᠦᠭᠡ ᠲᠤᠭᠯᠠᠬᠤ ᠵᠡᠷᠭᠡ ᠭᠡᠯᠪᠡᠷᠢ ᠪᠠᠷ ᠥᠪᠥᠷ ᠮᠣᠩᠭᠤᠯ ᠤᠨ ᠵᠠᠩ ᠢᠷᠭᠡᠨᠰᠢᠯ ᠢ ᠢᠯᠡᠷᠡᠭᠦᠯᠵᠦ᠂ ᠲᠤᠩ ᠶᠡᠭᠡ ᠲᠠᠲᠠᠬᠤ ᠬᠦᠴᠦᠨ ᠲᠠᠢ᠂ ᠳᠠᠯᠳᠠ ᠬᠦᠴᠦᠨ ᠲᠠᠢ᠂ ᠠᠮᠢᠵᠢᠷᠠᠯ ᠤᠨ ᠬᠦᠴᠦᠨ ᠲᠠᠢ ᠥᠪᠥᠷ ᠮᠣᠩᠭᠤᠯ ᠢ ᠭᠦᠮᠦᠰ ᠲᠤ ᠲᠠᠨᠢᠭᠤᠯᠵᠠᠢ᠃      ᠲᠣᠰ ᠬᠤᠭᠤᠴᠠᠭᠠᠨ ᠤ ︽ᠥᠪᠥᠷ ᠮᠣᠩᠭᠤᠯ ᠤᠨ ᠰᠠᠶᠢᠨ ᠡᠳ᠋︾ ᠰᠢᠯᠢ ᠶᠢᠨ ᠭᠤᠣᠯ ᠠᠶᠢᠮᠠᠭ ᠤᠨ ᠲᠤᠰᠬᠠᠢ ᠲᠠᠯᠠᠪᠠᠶ ᠳᠤ᠂ ᠥᠪᠥᠷ ᠮᠣᠩᠭᠤᠯ ᠤᠨ ᠡᠷᠳᠡᠨᠢ ᠬᠤᠨᠢᠨ ᠤ ᠦᠢᠯᠡᠰ᠂ ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡ᠂ ᠠᠪᠠᠭ᠎ᠠ ᠬᠤᠰᠢᠭᠤᠨ ᠤ ᠵᠣᠣ ᠹᠦ᠋ ᠵᠡᠷᠭᠡ 11 ᠠᠵᠤ ᠠᠬᠤᠶᠢᠯᠠᠯ ᠵᠢᠴᠢ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠤᠯᠠᠭᠠᠢ ᠶᠢᠨ ᠤᠯᠠᠨ ᠳᠤᠬᠤᠢ᠂ ᠲᠤᠯᠤᠨ ᠨᠠᠭᠤᠷ ᠵᠡᠷᠭᠡ 3 ᠦᠵᠡᠮᠵᠢ ᠶᠢᠨ ᠣᠷᠣᠨ ᠤ ᠬᠢᠨ ᠢ ᠠᠵᠢᠯᠯᠠᠭ᠎ᠠ ᠳᠤ ᠤᠷᠤᠯᠴᠠᠭᠤᠯᠪᠠ᠃ ᠨᠡᠶᠢᠲᠡ 12  ᠡᠯᠧᠺᠲᠷᠤᠨ ᠬᠤᠳᠠᠯᠳᠤᠭᠠᠨ ᠤ ᠲᠠᠩᠰᠠᠨ ᠳ᠋ᠤᠭᠠᠷ ᠢᠶᠠᠷ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠭᠡ ᠬᠢᠵᠥ᠂ 28 ᠵᠦᠢᠯ ᠤᠨ ᠰᠢᠯᠢ ᠶᠢᠨ ᠭᠤᠣᠯ ᠠᠶᠢᠮᠠᠭ ᠤᠨ ᠣᠨᠴᠠᠯᠢᠭᠲᠤ ᠪᠦᠲᠦᠭᠡᠭᠳᠡᠬᠦᠨ ᠢ ᠪᠣᠷᠣᠯᠠᠭᠤᠯᠪᠡ᠃ ᠡᠭᠦᠨ ᠤ ᠬᠠᠮᠲᠤ ᠲᠤᠬᠠᠢ ᠶᠢᠨ ᠲᠠᠯᠠᠪᠠᠢ ᠳᠤ ᠵᠠᠩ ᠸᠧᠢ᠂ ᠭᠤᠤ ᠶᠠ᠂ ᠤᠶᠠᠩᠭ᠎ᠠ᠂ ᠪᠠᠲᠤ ᠠᠠᠳᠠ ᠵᠡᠷᠭᠡ ᠰᠢᠯᠢ ᠶᠢᠨ ᠭᠤᠣᠯ ᠠᠶᠢᠮᠠᠭ ᠤᠨ  ᠡᠯᠧᠺᠲᠷᠤᠨ ᠬᠤᠳᠠᠯᠳᠤᠭᠠᠨ ᠤ ᠨᠡᠪᠲᠡᠷᠡᠭᠦᠯᠦᠭᠴᠢ᠂ ᠰᠦᠯᠵᠢᠶᠡᠨ  ᠤᠳᠤᠳ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ᠂ ︽ᠥᠪᠥᠷ ᠮᠣᠩᠭᠤᠯ ᠤᠨ ᠰᠠᠶᠢᠨ ᠡᠳ᠋︾ ᠢ ᠰᠢᠭᠤᠳ ᠨᠠᠪᠲᠠᠷᠡᠭᠦᠯᠵᠦ᠂ ᠦᠵᠡᠭᠴᠢᠳ ᠪᠣᠯᠣᠨ ᠰᠦᠯᠵᠢᠶᠡᠨ ᠠᠨᠳᠠ ᠨᠠᠷ ᠲᠤ ᠰᠢᠯᠢ ᠶᠢᠨ ᠭᠤᠣᠯ ᠤᠨ ᠭᠤᠶᠢᠳᠠ ᠦᠵᠡᠮᠵᠢ᠂ ᠬᠤᠪᠣᠷ ᠡᠷᠳᠡᠨᠢ ᠪᠣᠯᠣᠨ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠲᠠᠨᠢᠭᠤᠯᠪᠠ᠃      ᠰᠢᠯᠢ ᠶᠢᠨ ᠭᠤᠣᠯ ᠠᠶᠢᠮᠠᠭ ᠵᠢᠭᠤᠯᠴᠢᠯᠠᠯ ᠤᠨ ᠪᠦᠲᠦᠭᠡᠭᠳᠡᠬᠦᠨ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ︽ᠨᠡᠷᠡᠲᠦ ᠰᠢᠯᠢᠳᠡᠭ ᠣᠨᠴᠠ ᠰᠢᠨ᠎ᠡ︾ ᠣᠨᠴᠠᠯᠢᠭᠲᠤ ᠪᠦᠲᠦᠭᠡᠭᠳᠡᠬᠦᠨ ᠢ ᠪᠦᠲᠦᠮᠵᠢᠲᠡᠶ ᠵᠣᠯᠭᠠᠭᠤᠯᠬᠤ ᠪᠠᠷ ᠭᠦᠴᠦᠯᠡᠵᠦ᠂ ᠵᠢᠭᠤᠯᠴᠢᠯᠠᠯ ᠪᠠ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ︽ᠲᠣᠮᠣ ᠵᠢᠭᠤᠯᠴᠢᠯᠠᠯ + ᠨᠠᠷᠠᠲᠤ ᠰᠢᠯᠢᠳᠡᠭ ᠣᠨᠴᠠ ᠭᠠᠷᠤᠯᠲᠠ︾ ᠶᠢ ᠲᠤᠪᠤᠶᠢᠯᠭᠠᠨ ᠲᠡᠯᠭᠡᠷᠡᠭᠦᠯᠵᠦ ᠰᠢᠯᠢ ᠶᠢᠨ ᠭᠤᠣᠯ ᠬᠤᠨᠢ ᠪᠠ ᠰᠢᠯᠢ ᠶᠢᠨ ᠭᠤᠣᠯ ᠴᠠᠭᠠᠨ ᠢᠳᠡᠭᠡ ᠶᠢᠨ ᠣᠷᠣᠨ ᠪᠦ᠋ᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠲᠡᠮᠵᠢᠭᠦ ᠶᠢᠨ ᠬᠠᠮᠳᠦ ︽ᠰᠢᠯᠢ ᠶᠢᠨ ᠭᠤᠣᠯ ᠤᠨ ᠭᠠᠷ ᠪᠡᠯᠡᠭ︾ ᠰᠢᠷᠢᠰ ᠪᠦᠲᠦᠭᠡᠭᠳᠡᠬᠦᠨ ᠢ ᠡᠭᠦᠳᠴᠦ᠂ ᠣᠯᠠᠨ ᠠᠷᠭ᠎ᠠ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠭᠦ ᠳᠤ ᠬᠦᠴᠦᠨ ᠨᠡᠮᠡᠷᠢᠯᠡᠪᠡ᠃  
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号