ᠵᠠᠩ ᠪᠠᠢ ᠴᠧᠩ ᠠᠪᠠᠭ᠎ᠠ ᠬᠤᠰᠢᠭᠤᠨ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠳᠤᠯᠠᠭᠠᠯᠠᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/11/5
     11 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠠᠪᠠᠭ᠎ᠠ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠶᠢᠳᠪᠦᠷᠢᠯᠡᠭᠦᠯᠬᠦ ᠪᠠᠷ ᠳᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠳᠤᠯᠠᠭᠠᠯᠠᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠵᠠᠩ ᠪᠠᠢ ᠴᠧᠩ ᠡᠩ ᠲᠡᠷᠢᠭᠦᠨ ᠳᠤ ᠤᠯᠤᠰ ᠤᠨ ᠵᠠᠮ ᠤᠨ 331 ᠱᠤᠭᠤᠮ ᠤᠨ ᠷᠠᠰᠢᠶᠠᠠᠪᠤᠯᠠᠭ ᠠᠴᠠ ᠪᠡᠯᠬᠦᠳᠠᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠵᠢᠯ ᠤᠨ ᠠᠬᠢᠴᠠ ᠪᠣᠯᠣᠨ ᠠᠮᠢ ᠠᠬᠤᠢ   ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠶᠢᠳᠪᠦᠷᠢᠯᠡᠬᠦᠯᠬᠦ ᠪᠠᠷ ᠳᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ ᠬᠡᠯᠡᠬᠦ ᠳᠡᠭᠡᠨ᠂ ᠵᠠᠰᠠᠮᠠᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠨᠢ ᠣᠷᠣᠨ ᠪᠦᠰᠡ ᠶᠢᠨ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠤᠯᠠᠨ ᠲᠦᠮᠡᠨ ᠤ ᠳᠥᠭᠦᠮ ᠳᠥᠲᠡ ᠵᠠᠮ ᠬᠠᠷᠢᠯᠴᠠᠭᠠᠨ ᠤ ᠬᠡᠷᠡᠭᠴᠡᠭᠡ ᠶᠢ ᠬᠠᠩᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠶᠢᠳᠪᠦᠷᠢᠯᠡᠭᠦᠯᠬᠦ ᠪᠠᠷ ᠳᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠬᠢᠨᠠᠮᠠᠭᠠᠢ ᠰᠠᠶᠢᠲᠤᠷ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠤᠴᠠᠷᠠᠭᠤᠯᠤᠭᠰᠠᠨ ᠠᠰᠢᠭ ᠦᠭᠡᠢ ᠨᠥᠯᠥᠭᠡ ᠶᠢ ᠦᠨᠡᠨ ᠬᠦ ᠰᠶᠢᠳᠪᠦᠷᠢᠯᠡᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠠᠢ᠃      ᠵᠠᠩ ᠪᠠᠢ ᠴᠧᠩ ᠤᠯᠠᠨ ᠲᠦᠮᠡᠨ ᠤ ᠳᠤᠯᠠᠭᠠᠨ ᠡᠪᠤᠯᠵᠢᠬᠦ ᠶᠢ ᠲᠦᠢᠯ ᠢᠶᠠᠷ ᠬᠠᠯᠠᠮᠵᠢᠯᠠᠵᠤ ᠪᠠᠶᠢᠪᠠ᠂ ᠲᠡᠷᠡ ︽ᠳᠥᠷᠪᠡ ᠶᠢ ᠮᠡᠳᠡᠭᠳᠡᠬᠦ ᠦᠬᠡᠢ ᠬᠤᠶᠠᠷ ᠲᠤ ᠰᠢᠭᠤᠳ ᠬᠦᠨᠵᠡᠭᠡᠶᠢᠷᠡᠬᠦ︾ ᠬᠡᠯᠪᠡᠷᠢ ᠪᠠᠷ ᠪᠡᠯᠬᠦᠳᠠᠢ ᠪᠠᠯᠭᠠᠰᠤᠨ ᠤ ᠮᠠᠯᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠠᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠳᠠᠷᠠᠭ᠎ᠠ ᠪᠠᠷ ᠨᠢ ᠪᠠᠰᠠ ᠪᠠᠶᠠᠨᠲᠤᠬ ᠢᠯᠴᠢ ᠰᠣᠯᠢᠯᠴᠠᠬᠤ ᠦᠷᠳᠡᠭᠡ ᠳᠤ ᠬᠦᠷᠴᠦ᠂ ᠠᠵᠤ ᠠᠬᠤᠶᠢᠯᠠᠯ ᠤᠨ ᠠᠵᠢᠯᠯᠠᠭᠠᠨ ᠵᠢᠴᠢ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠶᠢᠨ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠠᠷᠠᠳ ᠤᠨ ᠠᠮᠢᠳᠤᠷᠠᠯ ᠤᠨ ᠴᠢᠬᠤᠯᠠ ᠶᠠᠪᠤᠳᠠᠯ ᠪᠣᠯᠭᠠᠨ ᠠᠳᠬᠤᠵᠤ᠂ ᠳᠤᠯᠠᠭᠠᠯᠠᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠤᠨ᠂ ᠤᠯᠠᠨ ᠲᠦᠮᠡᠨ ᠤ ᠲᠤᠰᠬᠠᠭᠰᠠᠨ ᠬᠦᠰᠡᠯ ᠱᠠᠭᠠᠷᠳᠠᠯᠭ᠎ᠠ ᠶᠢ ᠱᠠᠯᠠᠪᠳᠠᠨ ᠡᠮᠬᠢᠯᠡᠵᠦ᠂ ᠤᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠶᠢ ᠴᠠᠭ ᠲᠤᠬᠠᠢ ᠳᠤᠨᠢ ᠰᠤᠳᠤᠯᠤᠨ ᠰᠶᠢᠳᠪᠦᠷᠢᠯᠡᠵᠦ᠂ ᠳᠤᠯᠠᠭᠠᠯᠠᠭ᠎ᠠ ᠶᠢᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠠᠵᠢᠯᠯᠠᠭᠠᠨ᠂ ᠥᠷᠭᠡᠨ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠵᠤ᠂ ᠳᠤᠯᠠᠭᠠᠯᠠᠬᠤ ᠢᠨᠵᠧᠨᠧᠷᠢᠩ ᠭᠡᠬᠦ ᠡᠨᠡ ᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠦᠷᠲᠡᠯ᠎ᠠ ᠪᠦᠬᠦ ᠬᠦᠴᠦᠨ ᠢᠶᠠᠷ ᠰᠠᠶᠢᠳᠤᠷ ᠬᠢᠬᠦ ᠬᠡᠷᠡᠭᠲᠡᠢ ᠭᠡᠵᠠᠢ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号