ᠠᠶᠢᠮᠠᠭ ᠤᠨ ᠨᠠᠮ ᠤᠨ ᠬᠤᠷᠢᠶ᠎ᠠ 2024 ᠣᠨ ᠤ ᠳᠥᠴᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/8
     11 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠳᠥᠴᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃      ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠳᠤ ᠣᠷᠣᠯᠴᠠᠬᠰᠠᠨ ᠪᠦᠭᠡᠳ ᠵᠠᠬᠢᠷᠭ᠎ᠠ ᠶᠢᠨ ᠠᠵᠢᠯ ᠢ ᠪᠠᠶᠢᠷᠢᠯᠠᠭᠤᠯᠵᠦ᠂ ᠠᠶᠢᠮᠠᠭ  ᠤᠨ  ᠨᠠᠮ  ᠤᠨ  ᠬᠤᠷᠢᠶ᠎ᠠ ᠶᠢᠨ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠢ ᠮᠠᠨ ᠤ ᠠᠶᠢᠮᠠᠭ ᠤᠨ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥ᠋ᠯᠦᠪᠵᠢᠭᠦᠯᠭᠡ ᠶᠢ ᠲᠥᠯᠥᠪᠯᠡᠵᠦ ᠨᠠᠶᠢᠷᠠᠭᠤᠯᠬᠤ ᠠᠬᠢᠴᠠ ᠶᠢᠨ ᠪᠠᠶᠢᠳᠠᠯ᠂ ᠵᠠᠬᠢᠷᠭ᠎ᠠ ᠶᠢᠨ 2024 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠡ ᠶᠢ ᠬᠠᠷᠢᠭᠤ ᠮᠡᠳᠡᠭᠦᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠪᠤᠰᠤᠳ ᠭᠡᠰᠢᠭᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ 2024 ᠣᠨ ᠤ ᠭᠤᠣᠯᠳᠠᠯᠭ᠎ᠠ ᠲᠠᠢ ᠠᠵᠢᠯ ᠢ ᠪᠠᠶᠠᠯᠡᠭᠦᠯᠦᠭᠰᠡᠨ ᠪᠠᠶᠢᠳᠠᠯ ᠪᠠ 2025 ᠤᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠡ ᠶᠢ ᠬᠠᠷᠢᠭᠤ ᠮᠡᠳᠡᠭᠦᠯᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠠᠷᠠᠯᠠᠯᠳᠦ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ ᠴᠢᠨᠠᠷ ᠢ ᠳᠣᠪᠤᠶᠢᠯᠭᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠨ᠂ ᠰᠠᠨᠠᠭᠠᠴᠢᠯᠠᠭ᠎ᠠ ᠠᠴᠠ ᠪᠠᠨ ᠳᠡᠭᠡᠭᠰᠢ ᠵᠣᠯᠭᠠᠭᠤᠯᠵᠤ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ︽ᠶᠡᠭᠡ ᠬᠡᠪᠴᠢᠶ᠎ᠡ︾ ᠳᠤ ᠣᠷᠣᠭᠤᠯᠬᠤ ᠪᠠᠷ ᠴᠢᠷᠮᠠᠶᠢᠨ᠂ ᠮᠠᠨ ᠤ ᠠᠶᠢᠮᠠᠭ ᠤᠨ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢ ᠳᠦᠯᠥᠪᠯᠡᠨ ᠨᠠᠶᠢᠷᠠᠭᠤᠯᠬᠤ ᠠᠵᠢᠯ ᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠠᠵᠢᠯ ᠤᠨ ᠲᠣᠬᠢᠷᠠᠭᠤᠯᠭ᠎ᠠ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ︽ᠡᠴᠦᠰ ᠤᠨ ᠨᠢᠭᠡ ᠮᠥᠴᠡ ᠭᠦᠷᠳᠡᠯ᠎ᠠ ᠲᠡᠮᠡᠴᠡᠭᠦ︾ ᠡᠷᠴᠢ ᠵᠣᠷᠢᠭ ᠢᠶᠠᠷ ᠣᠨ ᠤ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠰᠢᠯᠭᠠᠨ ᠬᠢᠨᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠰᠤᠳᠤᠯᠵᠤ᠂ ᠲᠤᠷᠰᠢᠯᠭ᠎ᠠ ᠶᠢᠨ ᠬᠢᠯᠠᠰ ᠴᠡᠭ ᠢ ᠪᠦᠬᠦ ᠲᠠᠯ᠎ᠠ ᠪᠠᠷ ᠳ᠋ᠦᠩᠨᠡᠨ᠂ ᠨᠡᠩ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠦᠯᠦ ᠭᠠᠷᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾   ᠤᠨ ᠲᠥᠯᠦᠪᠵᠢᠭᠦᠯᠭᠡ ᠪᠠ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢ ᠵᠤᠯᠭᠠᠭᠤᠯᠬᠤ ᠵᠢᠯ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾  ᠢ ᠯᠠᠪᠳᠠᠭᠤᠨ ᠪᠠᠲᠤᠲᠠᠢ ᠠᠬᠢᠭᠤᠯᠵᠤ᠂ ᠲᠤᠬᠳᠠᠭᠤᠨ ᠨᠡᠮᠡᠭᠳᠡᠭᠦᠯᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠷᠴᠢᠮ ᠢ ᠬᠦᠴᠦᠯᠡᠨ ᠳᠡᠭᠡᠭᠰᠢᠯᠡᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠤᠨ᠂ ᠠᠵᠤ ᠠᠬᠤᠢ ᠨᠡᠶᠢᠭᠡᠮ ᠤᠨ ᠨᠡᠩ ᠴᠢᠨᠠᠷ ᠰᠠᠶᠢᠲᠠᠢ᠂ ᠨᠡᠩ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃                                                         ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号