ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 6 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠡᠷᠦᠩᠬᠡᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠠᠵᠢᠯ ᠤᠳ ᠢ ᠰᠤᠳᠤᠯᠵᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠠᠶᠠᠯᠠᠯ ᠤᠨ ᠬᠠᠤᠯᠢ ︵ᠵᠠᠰᠠᠪᠤᠷᠢ | ᠣᠷᠣᠭᠤᠯᠤᠭᠰᠠᠨ ᠡᠬᠡ ᠲᠥᠰᠥᠯ︶︾ ᠶᠢ ᠶᠠᠷᠢᠯᠴᠠᠪᠠ᠃ | ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠲᠣᠰ ᠤᠳᠠᠭ᠎ᠠ ᠶᠢᠨ ᠶᠡᠷᠦᠩᠬᠡᠢ ᠰᠢᠮᠳᠠᠭᠤᠯᠤᠨ | ᠪᠠᠶᠢᠴᠠᠭᠠᠬᠤ ᠳᠤ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ | ᠬᠥᠭᠵᠢᠯᠲᠡ ᠳᠠᠬᠢ ᠨᠢᠭᠡ ᠪᠦᠯᠦᠭ ᠬᠦᠴᠢᠷᠳᠡᠯ ᠲᠦᠭᠵᠢᠷᠡᠯ᠂ ᠠᠵᠤ ᠠᠬᠤᠶᠢᠯᠠᠯ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠢᠯᠡᠷᠡᠭᠦᠯᠦᠭᠰᠡᠨ ᠤ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠦᠷ᠎ᠡ | ᠪᠦᠲᠦᠮᠵᠢ ᠲᠠᠢ ᠪᠣᠯᠬᠤᠷ ᠨᠤᠲᠠᠯᠠᠭᠤᠰᠢᠲᠠᠢ ᠪᠠᠶᠢᠨ᠎ᠠ᠃ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ | ᠲᠣᠬᠢᠶᠠᠯ ᠪᠣᠯᠭᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠭᠠᠵᠤ᠂ ᠡᠯ᠎ᠡ | ᠲᠠᠯ᠎ᠠ ᠶᠢᠨ ᠰᠠᠨᠠᠯ ᠰᠠᠨᠠᠭᠤᠯᠭ᠎ᠠ ᠶᠢ ᠠᠵᠢᠯ ᠢᠶᠠᠨ ᠰᠠᠶᠢᠵᠢᠷᠠᠭᠤᠯᠬᠤ ᠬᠦᠴᠦᠯᠡᠬᠦ ᠴᠡᠭ ᠪᠣᠯᠭᠠᠵᠤ᠂ ᠰᠢᠮᠳᠠᠭᠤᠯᠤᠨ | ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠨᠢᠭᠡ ᠠᠴᠠ ᠨᠦᠬᠦᠭᠡ ᠶᠢ | ᠵᠦᠢᠴᠢᠯᠡᠵᠦ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠠᠯᠢ ᠴᠢᠳᠠᠬᠤ ᠪᠠᠷ ᠤᠷᠤᠭᠰᠢ ᠠᠬᠢᠭᠤᠯᠤᠨ᠂ ᠡᠨᠡ ᠵᠢᠯ ᠤᠨ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠳᠠᠭᠤᠰᠬᠠᠬᠤ ᠠᠵᠢᠯ ᠢ ᠳᠠᠷᠠᠭ᠎ᠠ ᠵᠢᠯ ᠪᠣᠯᠲᠠᠯ᠎ᠠ ᠰᠤᠨᠵᠢᠷᠠᠭᠤᠯᠤᠨ | ᠬᠤᠶᠢᠰᠢᠯᠠᠭᠤᠯᠵᠤ ᠪᠣᠯᠬᠤ ᠦᠭᠡᠢ᠂ ᠦᠷᠭᠦᠯᠵᠢᠯᠡᠨ ᠠᠬᠢᠭᠤᠯᠬᠤ ᠴᠢᠬᠤᠯᠠᠲᠠᠢ ᠳᠤ ᠨᠢ ᠱᠠᠲᠤ ᠦᠶ᠎ᠡ ᠶᠢᠨ ᠬᠠᠷᠠᠯᠲᠠ ᠶᠢ ᠨᠢ | ᠲᠣᠳᠣᠷᠬᠠᠢ ᠲᠣᠭᠲᠠᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠯᠦᠭᠡ | ᠨᠢᠭᠲᠠ ᠤᠶᠠᠯᠳᠤᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠨᠡᠩ ᠰᠠᠶᠢᠨ ᠬᠦᠴᠦᠨ ᠨᠡᠮᠡᠷᠢᠯᠡᠬᠦ ᠬᠡᠷᠡᠭᠲᠡᠢ᠃ ᠠᠵᠢᠯ ᠶᠠᠪᠤᠳᠠᠯ ᠳᠠᠬᠢ ᠶᠡᠷᠦᠩᠬᠡᠢ ᠰᠢᠮᠳᠠᠭᠤᠯᠤᠨ | ᠪᠠᠶᠢᠴᠠᠭᠠᠯᠲᠠ ᠶᠢᠨ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠨᠢ ᠰᠠᠶᠢᠨ ᠪᠣᠯ ᠬᠥᠬᠢᠭᠦᠯᠦᠨ | ᠵᠣᠷᠢᠭᠵᠢᠭᠤᠯᠬᠤ ᠪᠠᠨ ᠴᠢᠩᠭᠠᠳᠬᠠᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠨ᠂ ᠰᠠᠶᠢᠨ ᠲᠤᠷᠰᠢᠯᠭ᠎ᠠ ᠠᠷᠭ᠎ᠠ | ᠬᠢᠳᠡᠯ ᠢ ᠳᠡᠯᠭᠡᠷᠡᠭᠦᠯᠦᠨ ᠬᠡᠷᠡᠭᠵᠢᠭᠦᠯᠵᠦ᠂ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠨᠡᠩ ᠰᠠᠶᠢᠲᠤᠷ ᠤᠷᠮᠠᠰᠢᠭᠤᠯᠤᠨ | ᠬᠥᠭᠵᠢᠭᠡᠬᠦ ᠬᠡᠷᠡᠭᠲᠡᠢ᠃ | ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ | ᠲᠦᠪᠰᠢᠨ ᠢ ᠪᠠᠲᠤᠯᠠᠬᠤ ᠴᠢᠳᠠᠪᠤᠷᠢ ᠦᠷᠭᠦᠯᠵᠢᠯᠡᠨ ᠴᠢᠩᠭᠠᠷᠠᠪᠠ᠃ ᠶᠡᠷᠦᠩᠬᠡᠢ ᠱᠦᠵᠢ ᠰᠢ ᠶᠢᠨ ᠫᠢᠩ ᠡᠷᠬᠢᠯᠡᠨ | ᠬᠤᠷᠠᠯᠳᠤᠭᠤᠯᠤᠭᠰᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠮᠠᠭᠠᠯᠠᠯᠲᠠ ᠶᠢ ᠭᠤᠣᠯᠴᠢᠯᠠᠨ᠂ ᠵᠠᠰᠠᠯᠲᠠ ᠶᠢ ᠴᠢᠬᠤᠯᠠᠴᠢᠯᠠᠬᠤ ᠪᠠᠶᠢᠯᠳᠤᠬᠤ | ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠰᠤ ᠬᠢᠭᠡᠳ ᠬᠥᠮᠥᠨ ᠠᠮᠠ᠂ ᠠᠮᠤ ᠪᠤᠳᠠᠭ᠎ᠠ᠂ ᠡᠨᠧᠷᠭᠢ ᠶᠢᠨ | ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠥᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠨᠢ ᠠᠬᠢᠭᠤᠯᠵᠤ᠂ ᠬᠠᠲᠤᠨ ᠭᠤᠣᠯ ᠤᠨ ᠠᠮᠤᠭᠤᠯᠠᠩ ᠳᠥᠯᠭᠡᠨ ᠪᠠᠶᠢᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠵᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ | ᠬᠤᠷᠠᠯᠳᠤᠭᠠᠨ ᠢᠶᠠᠷ ︽ᠪᠦᠭᠦᠲᠠ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠠᠷᠠᠳ ᠤᠨ ᠠᠭᠠᠷ ᠠᠶᠠᠯᠠᠯ ᠤᠨ | ᠬᠠᠤᠯᠢ ︵ᠵᠠᠰᠠᠪᠤᠷᠢ ᠣᠷᠣᠭᠤᠯᠤᠭᠰᠠᠨ ᠡᠬᠡ ᠲᠥᠰᠥᠯ︶︾ ᠶᠢ ᠶᠠᠷᠢᠯᠴᠠᠭᠰᠠᠨ ᠪᠥᠭᠡᠳ ᠵᠠᠷᠴᠢᠮ ᠤᠨ ᠲᠠᠯ᠎ᠠ ᠪᠠᠷ ᠪᠠᠲᠤᠯᠠᠵᠤ᠂ | ᠡᠬᠡ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠠᠮᠤᠷ ᠲᠦᠪᠰᠢᠨ ᠢ | ᠨᠢᠭᠡᠳᠦᠭᠡᠷ ᠲᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠲᠡᠭᠡᠭᠡᠪᠦᠷᠢ ᠦᠢᠯᠡᠳᠪᠦᠷᠢᠯᠡᠯ ᠤᠨ ᠬᠡᠪᠴᠢᠶ᠎ᠡ ᠬᠢᠭᠡᠳ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠶᠢ ᠬᠠᠷᠢᠯᠴᠠᠨ ᠵᠣᠬᠢᠴᠠᠯᠳᠤᠭᠤᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠭᠠᠷ ᠠᠶᠠᠯᠠᠯ ᠤᠨ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠳᠠᠬᠢ ᠵᠠᠬ᠎ᠠ | ᠳᠡᠯᠭᠡᠭᠦᠷ ᠤᠨ ᠳᠠᠯᠳᠠ ᠬᠦᠴᠦᠨ ᠢ ᠠᠭᠤᠳᠠᠯᠵᠤ᠂ ᠬᠠᠮᠢᠶ᠎ᠠ ᠪᠦᠬᠦᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ | ᠠᠷᠠᠳ ᠤᠨ ᠠᠭᠠᠷ ᠠᠶᠠᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠡᠭᠡᠭᠡᠯᠲᠡ ᠬᠢᠵᠦ ᠬᠠᠮᠲᠤᠷᠠᠯᠴᠠᠬᠤ ᠶᠢ | ᠪᠠᠷᠢᠮᠲᠠᠯᠠᠨ᠂ ᠪᠦᠬᠦ ᠪᠥᠮᠪᠥᠷᠴᠡᠭ ᠤᠨ ᠠᠭᠠᠷ ᠠᠶᠠᠯᠠᠯ ᠤᠨ ᠱᠤᠭᠤᠮ ᠤᠨ ᠲᠣᠣᠷ ᠰᠦᠯᠵᠢᠶᠡᠨ ᠤ ᠪᠠᠶᠢᠷᠢᠯᠠᠭᠤᠯᠤᠯᠲᠠ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠣᠯᠣᠨ ᠬᠥᠮᠥᠨ | ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ᠃ ᠬᠤᠷᠠᠯᠳᠤᠭᠠᠨ ᠳᠤ ᠪᠠᠰᠠ ᠪᠤᠰᠤᠳ ᠵᠦᠢᠯᠡᠰ ᠢ ᠰᠤᠳᠤᠯᠵᠠᠢ᠃ |