ᠮᠠᠨ ᠤ ᠠᠶᠢᠮᠠᠭ ᠤᠨ 603 ᠬᠤᠸᠠᠰᠢ ᠦᠭᠡᠷ ︽ᠪᠠᠶ᠎ᠠ ᠶᠢᠨ ᠦᠨᠡᠮᠯᠡᠯ︾᠎ ᠲᠠᠢ ᠪᠤᠯᠪᠠ
ᠨᠡᠶᠢᠲᠡᠯᠡᠭᠰᠡᠨ ᠴᠠᠭ᠄
2024/12/11
     ᠤᠶᠢᠷ᠎ᠠ ᠳᠤ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠬᠤᠯᠪᠣᠭᠠᠲᠤ ᠬᠤᠷᠠᠯ ᠠᠴᠠ ᠪᠦᠬᠦ ᠤᠯᠤᠰ ᠤᠨ ᠠᠩᠬᠠᠳᠠᠬᠴᠢ ᠪᠦᠯᠦᠭ ᠤᠨ ᠬᠤᠸᠠᠰᠢ ᠦᠬᠡᠷ ᠤᠨ ᠤᠳᠤᠮ ᠤᠭᠰᠢᠯ ᠤᠨ ᠦᠨᠡᠮᠯᠡᠯ ᠢ ᠤᠯᠭᠤᠵᠦ᠂ ᠮᠠᠠ ᠤ ᠠᠶᠢᠮᠠᠭ ᠤᠨ ᠤᠯᠠᠭᠠᠢ ᠬᠠᠮᠢᠶᠠᠷᠤᠯᠳᠠ ᠶᠢᠨ ᠤᠷᠤᠠ ᠤ ᠭᠡᠰᠡᠭᠡᠨᠭᠤᠯᠠ ᠮᠠᠯᠵᠢᠯ ᠤᠨ ᠳᠠᠯᠠᠪᠠᠢ ᠶᠢᠨ ᠥᠪᠥᠷ ᠮᠣᠩᠭᠤᠯ ᠤᠨ ᠰᠧᠶᠡᠯᠵᠢᠡ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠲᠡᠵᠢᠭᠡᠨ ᠦᠷᠡᠵᠢᠭᠦᠯᠦᠭᠰᠡᠨ ᠭᠤᠣᠯᠳᠠᠯᠭᠠᠳᠤ ᠰᠦᠷᠦᠭ ᠤᠨ 603 ᠬᠤᠸᠠᠰᠢ ᠡᠭᠦᠯᠳᠠᠷ ᠤᠨ ᠰᠠᠭᠤᠷᠢ ᠡᠭᠡ ᠮᠠᠯ ᠪᠣᠯᠣᠨ ᠪᠡᠯᠡᠳᠬᠡᠯ ᠡᠭᠡ ᠮᠠᠯ ᠬᠤᠸᠠᠰᠢ ᠦᠬᠡᠷ ᠤᠨ ᠤᠳᠤᠮ ᠤᠭᠰᠢᠯ ᠤᠨ ᠦᠨᠡᠮᠯᠡᠯ ᠤᠯᠤᠬᠰᠠᠨ ᠪᠠᠶᠢᠨ᠎ᠠ᠃ ︽ᠡᠳᠡᠭᠡᠷ ᠦᠨᠡᠮᠯᠡᠯ ᠪᠣᠯ ᠮᠠᠨ ᠤ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠵᠦ ᠪᠠᠶᠢᠭ᠎ᠠ ᠬᠤᠸᠠᠰᠢ ᠦᠨᠢᠶ᠎ᠠ ᠶᠢᠨ ︿ᠪᠡᠶ᠎ᠡ ᠢᠢᠨ ᠦᠨᠡᠮᠯᠡᠯ﹀ ᠮᠥᠨ᠂ ᠰᠢᠰᠲ᠋ᠧᠮ ᠳᠤ ᠨᠣᠮᠧᠷ ᠢ ᠨᠢ ᠣᠷᠣᠭᠤᠯᠪᠠᠯ ᠳᠠᠷᠤᠢ ᠪᠦᠬᠦ ᠮᠡᠳᠡᠭᠡ ᠵᠠᠩᠭᠢ ᠶᠢ ᠡᠷᠢᠨ ᠣᠯᠵᠤ᠂ ᠦᠬᠡᠷ ᠨᠢᠭᠡᠪᠦᠷᠢ ᠢᠢᠨ ᠤᠳᠤᠮ ᠤᠭᠰᠢᠯ ᠤᠨ ᠪᠠᠶᠢᠳᠠᠯ ᠢ ᠲᠣᠳᠣᠷᠬᠠᠢ ᠣᠶᠢᠯᠠᠭᠠᠵᠤ ᠪᠣᠯᠣᠨ᠎ᠠ︾ ᠭᠡᠵᠤ ᠥᠪᠥᠷ ᠮᠣᠩᠭᠤᠯ ᠤᠨ ᠰᠧᠶᠠᠯᠵᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠲᠡᠳ᠋ ᠳᠠᠭᠠᠭᠠᠮᠠᠯ ᠰᠠᠩ ᡁᠢ ᠸᠧᠢ ᠰᠤᠷᠪᠤᠯᠵᠢᠯᠠᠭᠴᠢ ᠳᠤ ᠲᠠᠨᠢᠯᠴᠠᠭᠤᠯᠪᠠ᠃      ᠤᠶᠢᠯᠠᠭᠠᠭᠰᠠᠠ ᠢᠶᠠᠷ᠂ ᠬᠤᠸᠠᠰᠢ ᠦᠭᠡᠷ ᠤᠨ ᠡᠭᠦᠯᠳᠠᠷ ᠪᠤᠶᠢᠵᠢᠭᠤᠯᠬᠤ ᠠᠵᠢᠯ ᠢ ᠦᠷᠭᠦᠯᠵᠢᠯᠡᠡ ᠰᠠᠶᠢᠳᠦᠷ ᠭᠢᠵᠤ᠂ ᠮᠠᠠ ᠤ ᠤᠯᠤᠰ ᠤᠨ ᠮᠢᠬᠠᠠ ᠤ ᠦᠭᠡᠷ ᠤᠨ ᠠᠵᠤ ᠦᠢᠯᠡᠰ ᠤᠨ ᠴᠢᠨᠠᠷ ᠰᠠᠶᠢᠳᠠᠢ ᠭᠦᠭᠵᠢᠯᠳᠠ ᠶᠢ ᠠᠭᠢᠭᠤᠯᠬᠤ ᠶᠢᠨ ᠲᠦᠯᠦᠭᠡ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠬᠤᠯᠪᠣᠭᠠᠲᠤ ᠬᠤᠷᠠᠯ ᠠᠴᠠ ᠬᠤᠸᠠᠰᠢ ᠦᠭᠡᠷ ᠲᠤ ᠤᠳᠤᠮ ᠤᠭᠰᠢᠯ ᠤᠨ ᠦᠨᠡᠮᠯᠡᠯ ᠤᠯᠭᠤᠬᠤ ᠠᠵᠢᠯ ᠢ ᠶᠠᠪᠤᠬᠳᠠᠭᠤᠯᠵᠠᠢ᠃ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠬᠤᠯᠪᠣᠭᠠᠲᠤ ᠬᠤᠷᠠᠯ ᠠᠴᠠ ᠬᠤᠸᠠᠰᠢ ᠦᠭᠡᠷ ᠲᠤ ᠤᠳᠤᠮ ᠤᠭᠰᠢᠯ ᠤᠨ ᠦᠨᠡᠮᠯᠡᠯ ᠤᠯᠭᠤᠬᠤ ᠳᠤ ᠡᠷᠭᠡᠪᠰᠢ ᠬᠤᠸᠠᠰᠢ ᠦᠭᠡᠷ ᠤᠨ ᠡᠭᠦᠯᠳᠡᠷ ᠤᠨ ᠪᠠᠷᠢᠮᠵᠢᠶ᠎ᠠ ᠳᠤ ᠭᠦᠷᠦᠭᠰᠡᠡ ᠪᠠᠶᠢᠬᠤ︔ ᠭᠤᠷᠪᠠᠠ ᠰᠠᠷ᠎ᠠ ᠪᠤᠶᠤ ᠭᠤᠷᠪᠠᠠ ᠰᠠᠷ᠎ᠠ ᠠᠴᠠ ᠲᠡᠭᠡᠭᠰᠢᠭᠢ ᠨᠠᠰᠤᠠ ᠤ ᠬᠤᠸᠠᠰᠢ ᠦᠭᠡᠷ ᠪᠠᠶᠢᠬᠤ︔ ᠭᠤᠷᠪᠠᠠ ᠦᠶ᠎ᠠ ᠶᠢᠨ ᠪᠤᠳᠠᠭᠠᠯᠢ ᠪᠠᠶ᠎ᠠ ᠶᠢᠨ ᠤᠳᠤᠮ ᠤᠭᠰᠢᠯ ᠤᠨ ᠮᠡᠳᠡᠭᠡ ᠵᠠᠩᠭᠢ ᠶᠢ ᠡᠷᠭᠡᠪᠰᠢ ᠪᠦᠷᠢᠡ ᠬᠠᠨᠭ᠍ᠭᠠᠭᠰᠠᠠ ᠪᠠᠶᠢᠬᠤ︔ ᠦᠢᠯᠡᠤᠨᠪᠤᠷᠢᠯᠡᠯ ᠤᠨ ᠴᠢᠳᠠᠪᠭᠢ ᠶᠢᠨ ᠭᠡᠮᠵᠢᠯᠳᠠ ᠶᠢᠨ ᠲᠤᠭ᠎ᠠ ᠵᠢᠴᠢ ᠦᠷᠡᠵᠢᠯᠳᠠ ᠶᠢᠨ ᠲᠡᠮᠳᠡᠭᠯᠡᠯ ᠵᠡᠷᠭᠡ ᠶᠢ ᠲᠤᠰᠢᠶᠠᠭᠰᠠᠠ ᠪᠠᠶᠢᠬᠤ ᠵᠡᠷᠭᠡ ᠨᠦᠭᠦᠴᠡᠯ ᠪᠠᠷᠢᠮᠵᠢᠶ᠎ᠠ ᠪᠠᠷ ᠬᠢᠨᠠᠨ ᠳᠤᠬᠳᠠᠭᠠᠵᠦ ᠦᠨᠡᠮᠯᠡᠯ ᠤᠯᠭᠤᠵᠠᠢ᠃ ᠬᠤᠸᠠᠰᠢ ᠦᠬᠡᠷ ᠤᠨ ᠤᠳᠤᠮ ᠤᠭᠰᠢᠯ ᠤᠨ ᠦᠨᠡᠮᠯᠡᠯ ᠢ ᠣᠯᠭᠤᠬᠤ ᠳᠤ ᠴᠢᠩᠭ᠎ᠠ ᠨᠢᠮᠪᠠᠢ ᠭᠤᠶᠤᠴᠢᠯᠠᠬᠤ᠂ ᠬᠢᠨᠠᠨ ᠵᠥᠪᠰᠢᠶᠡᠷᠡᠬᠦ ᠶᠠᠪᠤᠴᠠ ᠲᠠᠢ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠲᠠᠯᠠᠪᠠᠶ ︵ᠡᠷᠦᠬᠡ︶᠎ ᠶᠢᠨ ᠬᠢᠨ ᠬᠤᠸᠠᠰᠢ ᠦᠬᠡᠷ ᠤᠨ ᠲᠤᠰᠬᠠᠢ ᠬᠡᠷᠡᠭᠯᠡᠬᠦ ᠡᠭᠦᠯᠳᠡᠷ ᠪᠤᠶᠢᠵᠢᠭᠤᠯᠬᠤ ᠲᠠᠪᠴᠠᠩ ᠳᠤ ᠮᠡᠳᠡᠭᠦᠯᠦᠨ ᠳᠠᠩᠰᠠᠯᠠᠭᠤᠯᠵᠤ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠬᠤᠯᠪᠣᠭᠠᠲᠤ ᠬᠤᠷᠠᠯ   ᠡᠴᠡ‌‍ᠲ᠋ᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠭᠤᠷᠪᠠᠨ ᠦᠶ᠎ᠡ ᠶᠢᠨ ᠤᠳᠤᠮ ᠤᠭᠰᠢᠯ᠂ ᠦᠰᠦᠨ ᠪᠤᠶᠢᠵᠢᠯᠲᠠ ᠶᠢᠨ ᠰᠢᠨᠵᠢ ᠴᠢᠨᠠᠷ ᠢ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ᠂ ᠭᠠᠳᠠᠷ ᠲᠥᠷᠬᠦ ᠵᠢᠨ‌ᠣᠨᠴᠠᠯᠢᠭ ᠵᠡᠷᠭᠡ ᠶᠢ ᠬᠢᠨᠠᠨ ᠬᠠᠷᠭᠤᠭᠤᠯᠬᠤ ᠶᠢᠨ ᠬᠠᠮᠲᠤ ᠬᠤᠸᠠᠰᠢ ᠦᠬᠡᠷ ᠤᠨ ᠴᠢᠰᠤ ᠴᠤᠭᠯᠠᠭᠤᠯᠬᠤ ᠲᠤᠬᠠᠢ ᠭᠧᠨ ᠤ ᠪᠦᠯᠦᠭ ᠤᠨ ᠪᠠᠶᠢᠴᠠᠭᠠᠯᠲᠠ ᠬᠢᠵᠦ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠬᠤᠯᠪᠣᠭᠠᠲᠤ ᠬᠤᠷᠠᠯ ᠠᠴᠠ ᠬᠢᠨᠠᠨ ᠪᠠᠶᠢᠴᠠᠭᠠᠯᠳᠠ ᠶᠢ ᠥᠩᠭᠡᠷᠡᠭᠡᠭᠰᠡᠨ ᠬᠤᠸᠠᠰᠢ ᠦᠬᠡᠷ ᠲᠤ ᠲᠤᠰᠬᠠᠢ ᠦᠨᠡᠮᠯᠡᠯ ᠣᠯᠭᠤᠭᠰᠠᠨ ᠪᠠᠶᠢᠨ᠎ᠠ᠃ ᠤᠳᠤᠮ ᠤᠭᠰᠢᠯ ᠤᠨ ᠦᠨᠡᠮᠯᠡᠯ ᠳᠤ ᠮᠢᠬᠠᠠ ᠤ ᠦᠭᠡᠷ ᠤᠨ ᠡᠭᠦᠯᠳᠠᠷ᠂ ᠤᠳᠤᠮ ᠤᠭᠰᠢᠯ᠂ ᠤᠳᠤᠮᠰᠢᠯᠳᠤ ᠴᠢᠨᠠᠷ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠡ ᠲᠡᠮᠳᠡᠭᠯᠡᠵᠤ᠂ ᠮᠢᠬᠠᠠ ᠤ ᠦᠭᠡᠷ ᠤᠨ ᠡᠭᠦᠯᠳᠠᠷ ᠰᠠᠶᠢᠵᠢᠷᠠᠭᠤᠯᠤᠯᠳᠠ᠂ ᠲᠡᠵᠢᠭᠡᠡ ᠦᠷᠡᠵᠢᠭᠦᠯᠭᠦ ᠮᠡᠷᠭᠡᠵᠢᠯ᠂ ᠠᠷᠠᠴᠢᠯᠠᠯᠳᠠ ᠬᠠᠮᠢᠶᠠᠷᠤᠯᠳᠠ ᠵᠡᠷᠭᠡ ᠲᠠᠯ᠎ᠠ ᠳᠤ ᠰᠢᠨᠵᠢᠯᠡᠭᠦ ᠤᠬᠠᠭᠠᠠ ᠤ ᠦᠨᠳᠦᠰᠦᠯᠡᠯ ᠬᠠᠨᠭ᠍ᠭᠠᠪᠠ᠃      ᠣᠶᠢᠯᠠᠭᠠᠭᠰᠠᠨ ᠢᠶᠠᠷ᠂ ︽ᠪᠡᠶ᠎ᠡ ᠶᠢᠨ ᠦᠨᠡᠮᠯᠡᠯ︾᠎ ᠲᠠᠢ ᠪᠤᠯᠪᠠᠯ ᠳᠡᠵᠢᠭᠡᠨ ᠦᠷᠡᠵᠢᠭᠦᠯᠬᠦ ᠡᠷᠦᠭᠡ ᠨᠢ ᠬᠤᠸᠠᠰᠢ ᠦᠬᠡᠷ ᠢ ᠰᠢᠨᠵᠢᠯᠡᠬᠦ ᠤᠬᠠᠭᠠᠨᠴᠢ ᠪᠠᠷ ᠰᠣᠩᠭᠤᠨ ᠦᠷᠡᠵᠢᠭᠦᠯᠵᠦ᠂ ᠣᠶᠢᠷ᠎ᠠ ᠲᠥᠷᠥᠯ ᠤᠨ ᠦᠷᠡᠵᠢᠯᠳᠠ ᠠᠴᠠ ᠵᠠᠶᠢᠯᠠᠰᠬᠢᠵᠤ ᠪᠤᠯᠬᠤ ᠮᠦᠷᠳᠡᠭᠡᠡ ᠪᠠᠰᠠ ᠠᠳᠠᠯᠢ ᠪᠤᠰᠤ ᠤᠳᠤᠮ ᠤᠭᠰᠢᠯ ᠤᠨ ᠵᠠᠳᠠᠯᠤᠯᠲᠠ ᠪᠠ ᠬᠠᠷᠢᠴᠠᠭᠤᠯᠤᠯ ᠢᠶᠠᠷ ᠳᠠᠮᠵᠢᠭᠤᠯᠤᠨ ᠰᠢᠯᠢᠳᠡᠭ ᠡᠭᠦᠯᠳᠡᠷ ᠤᠨ ᠪᠤᠬ᠎ᠠ ᠶᠢ ᠰᠢᠯᠢᠨ ᠰᠣᠩᠭᠤᠵᠤ᠂ ᠡᠭᠦᠯᠳᠡᠷ ᠰᠠᠶᠢᠵᠢᠷᠠᠭᠤᠯᠬᠤ ᠶᠢ ᠠᠬᠢᠭᠤᠯᠤᠨ᠂ ᠬᠤᠶᠢᠴᠢ ᠦᠶ᠎ᠡ ᠶᠢᠨ ᠶᠠᠰᠤ ᠴᠢᠨᠠᠷ ᠪᠠ ᠦᠢᠯᠡᠳᠪᠦᠷᠢᠯᠡᠯ ᠤᠨ ᠴᠢᠳᠠᠪᠬᠢ ᠶᠢ ᠳᠡᠭᠡᠭᠰᠢᠯᠡᠭᠦᠯᠵᠦ ᠪᠣᠯᠣᠨ᠎ᠠ᠃ ᠨᠠᠩ ᠴᠢᠬᠤᠯᠠ ᠨᠢ᠂ ᠤᠳᠤᠮ ᠤᠭᠰᠢᠯ ᠤᠨ ᠦᠨᠡᠮᠯᠡᠯ ᠨᠢ ᠪᠠᠰᠠ ᠮᠢᠬᠠᠠ ᠤ ᠦᠬᠡᠷ ᠤᠨ ᠢᠷᠡᠯᠲᠡ ᠪᠠ ᠤᠳᠤᠮᠰᠢᠯ ᠤᠨ ᠪᠠᠶᠢᠳᠠᠯ ᠢ ᠮᠥᠷᠳᠡᠵᠦ ᠪᠣᠯᠣᠨ᠎ᠠ᠂ ᠡᠨᠡ ᠨᠢ ᠮᠢᠬᠠᠠ ᠤ ᠦᠬᠡᠷ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ ᠠᠰᠢᠭᠲᠠᠢ ᠪᠠᠶᠢᠵᠤ᠂ ᠡᠪᠡᠳᠴᠢᠨ ᠡᠮᠭᠡᠭ ᠪᠤᠶᠤ ᠶᠠᠰᠤ ᠴᠢᠨᠠᠷ ᠤᠨ ᠠᠰᠠᠭᠤᠳᠠᠯ ᠭᠠᠷᠪᠠᠯ᠂ ᠡᠬᠢ ᠡᠭᠦᠰᠦᠯ ᠢ ᠨᠢ ᠲᠦᠷᠭᠡᠨ ᠪᠥᠭᠡᠳ ᠣᠨᠣᠪᠴᠢᠲᠠᠶ ᠲᠣᠭᠲᠠᠭᠠᠵᠤ᠂ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ ᠴᠢᠳᠠᠨ᠎ᠠ᠃ ᠡᠭᠦᠡ ᠤ ᠬᠠᠮᠳᠤ ᠬᠤᠸᠠᠰᠢ ᠦᠬᠡᠷ ᠤᠨ ᠤᠳᠤᠮ ᠤᠭᠰᠢᠯ ᠤᠨ ᠦᠨᠡᠮᠯᠡᠯ ᠤᠨ ᠬᠡᠷᠡᠭᠯᠡᠯᠲᠡ ᠨᠢ ᠠᠵᠢᠯ ᠲᠥᠷᠥᠯ ᠳᠤ ᠨᠢᠭᠡᠨ ᠢᠵᠢ ᠨᠢᠭᠡᠳᠦᠯᠲᠡᠢ ᠤᠳᠤᠮᠯᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠥᠭᠴᠦ᠂ ᠮᠢᠬᠠᠠ ᠤ ᠦᠬᠡᠷ ᠲᠡᠵᠢᠭᠡᠨ ᠦᠷᠡᠵᠢᠭᠦᠯᠬᠦ ᠠᠵᠢᠯ ᠲᠥᠷᠥᠯ ᠤᠨ ᠪᠠᠷᠢᠮᠵᠢᠶᠠᠵᠢᠭᠰᠠᠠ ᠵᠢᠷᠤᠮᠵᠢᠭᠰᠠᠠ ᠬᠥᠭᠵᠢᠯᠲᠡ ᠶᠢ ᠠᠬᠢᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃  ᠬᠤᠸᠠᠰᠢ ᠦᠬᠡᠷ ᠪᠣᠯ ᠮᠠᠨ ᠤ ᠤᠯᠤᠰ ᠤᠨ 40 ᠭᠠᠷᠤᠢ ᠵᠢᠯ ᠲᠡᠵᠢᠭᠡᠡ ᠦᠷᠡᠵᠢᠭᠦᠯᠭᠦ ᠪᠠᠷ ᠲᠠᠮᠵᠢᠡ ᠪᠦᠷᠢᠮᠦᠰᠦᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠮᠢᠬᠠᠠ ᠤ ᠦᠬᠡᠷ ᠤᠨ ᠰᠢᠨ᠎ᠡ ᠡᠭᠦᠯᠳᠡᠷ ᠪᠣᠯᠣᠨ᠎ᠠ᠂ ᠲᠡᠭᠦᠨ ᠳᠤ ᠥᠰᠦᠯᠲᠡ ᠨᠢ ᠲᠦᠷᠭᠡᠨ᠂ ᠮᠢᠬᠠᠨ ᠤ ᠭᠠᠷᠤᠯᠳᠠ ᠨᠢ ᠥᠨᠳᠥᠷ᠂ ᠦᠷᠡᠵᠢᠬᠦ ᠴᠢᠳᠠᠪᠬᠢ ᠨᠢ ᠰᠠᠶᠢᠨ᠂ ᠵᠣᠬᠢᠴᠠᠬᠤ ᠴᠢᠳᠠᠪᠤᠷᠢ ᠪᠠᠷ ᠰᠠᠶᠢᠡ ᠵᠡᠷᠭᠡ ᠣᠨᠴᠠᠯᠢᠭ ᠲᠠᠢ᠃  ᠮᠠᠨ ᠤ ᠠᠶᠢᠮᠠᠭ ᠪᠦᠬᠦ ᠤᠯᠤᠰ ᠤᠨ ᠬᠤᠸᠠᠰᠢ ᠦᠬᠡᠷ ᠤᠨ ᠦᠷ᠎ᠠ ᠶᠢᠨ ᠢᠷᠡᠯᠲᠡ ᠶᠢᠨ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠬᠤᠸᠠᠰᠢ ᠦᠬᠡᠷ ᠤᠨ ᠰᠦᠷᠦᠭ ᠢ ᠥᠷᠭᠡᠳᠬᠡᠨ ᠦᠷᠡᠵᠢᠭᠦᠯᠬᠦ ᠠᠵᠢᠯ ᠢ ᠲᠦᠷᠭᠡᠨ ᠠᠬᠢᠭᠤᠯᠬᠤ ᠶᠢᠨ ᠲᠥᠯᠥᠭᠡ᠂ ᠡᠨᠡ ᠵᠢᠯ ᠪᠦᠬᠦ ᠠᠶᠢᠮᠠᠭ ᠤᠨ ᠬᠡᠪᠴᠢᠶᠡᠨ ᠳᠤ 10 ᠲᠦᠮᠡᠡ ᠬᠤᠸᠠᠰᠢ ᠦᠬᠡᠷ ᠤᠨ ᠢᠴᠡᠭᠡᠯ ᠦᠷ᠎ᠡ ᠶᠢ ᠳᠡᠯᠭᠡᠷᠡᠭᠦᠯᠦᠨ ᠭᠡᠷᠡᠭᠯᠡᠪᠡ᠃        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号