ᠰᠢᠯᠦᠭᠤᠨ ᠬᠦᠪᠡᠭᠡᠳᠤ ᠴᠠᠭᠠᠨ ᠬᠤᠰᠢᠭᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠠᠵᠢᠯ ᠢ ᠺᠤᠮᠫᠠᠨᠢ ᠳᠤ ᠲᠠᠭᠠᠭᠠᠴᠢᠯᠠᠭᠤᠯᠵᠤ ᠪᠤᠳᠠᠳᠡᠢ ᠶᠠᠪᠤᠬᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/11
     ︽ᠪᠢ ᠦᠪᠡᠷ ᠢᠶᠠᠨ ᠮᠠᠯᠴᠢᠨ ᠬᠦᠮᠤᠨ᠂ ᠤᠳᠤ ᠪᠠᠰᠠ ᠮᠠᠯ ᠡᠮᠨᠡᠯᠭᠡ ᠶᠢᠨ ᠦᠢᠯᠡᠴᠢᠯᠡᠬᠡᠨ ᠤ ᠺᠤᠮᠫᠠᠨᠢ ᠶᠢᠨ ᠨᠢᠭᠡ ᠬᠡᠰᠢᠬᠦᠨ ᠪᠠᠶᠢᠵᠤ᠂ ᠨᠠᠳᠠ ᠪᠠᠷ ᠠᠪᠴᠤ ᠬᠡᠯᠡᠪᠡᠯ ᠮᠠᠯᠴᠢᠳ ᠲᠠᠭᠠᠨ ᠦᠢᠯᠡᠴᠢᠯᠡᠬᠦ ᠮᠦᠷᠳᠡᠭᠡᠨ ᠪᠠᠰᠠ ᠦᠢᠯᠡᠴᠢᠯᠡᠭᠡ ᠬᠦᠷᠳᠡᠨ᠎ᠠ ᠁︾ ᠭᠡᠵᠤ ᠪᠠᠳᠤᠰᠡᠴᠡᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠬᠢ ᠶᠢᠨ ᠲᠤᠬᠠᠢ ᠠᠰᠠᠭᠤᠬᠤ ᠪᠠᠷ ᠢᠡᠭᠭᠢᠵᠤ ᠶᠠᠷᠢᠯ᠎ᠠ᠃      ᠪᠠᠳᠤᠰᠡᠴᠡᠨ ᠪᠤᠯ ᠰᠢᠯᠦᠭᠤᠨ ᠬᠦᠪᠡᠭᠡᠳᠤ ᠴᠠᠭᠠᠨ ᠬᠤᠰᠢᠭᠤᠨ ᠤ ᠪᠤᠯᠠᠭᠠᠨᠳᠤᠬᠤᠢ ᠰᠤᠮᠤ ᠶᠢᠨ ᠬᠦᠠᠨᠠᠭᠤᠷ ᠭᠠᠴᠠᠭᠠᠨ ᠤ ᠮᠠᠯᠴᠢᠨ᠂ ᠳᠡᠳᠡᠨ ᠤ ᠬᠢ ᠨᠤᠳᠤᠬ ᠲᠠᠭᠠᠨ ᠲᠦᠴᠢᠭᠡᠳ ᠦᠬᠡᠷ᠂ ᠵᠠᠭᠤ ᠭᠠᠷᠤᠢ ᠬᠤᠨᠢ ᠮᠠᠯᠵᠢᠵᠤ ᠪᠠᠶᠢᠨ᠎ᠠ᠂ ᠦᠪᠡᠷ ᠢᠶᠠᠨ ᠮᠠᠯ ᠤᠨ ᠡᠮᠴᠢ ᠪᠤᠯᠬᠤᠷ ᠮᠠᠯ ᠤᠨ ᠬᠢᠵᠢᠭ ᠬᠡᠮ ᠤᠨ ᠳᠠᠷᠢᠯᠭ᠎ᠠ ᠳᠠᠷᠢᠬᠤ ᠨᠢ ᠠᠮᠠᠷᠬᠠᠨ ᠤᠴᠢᠷ ᠪᠠᠶᠢᠬᠰᠠᠨ ᠴᠦ ᠳᠡᠷᠡ ᠪᠠᠷ ᠡᠨᠡᠬᠦ ᠮᠡᠷᠭᠡᠵᠢᠯ ᠢᠶᠠᠷ ᠢᠶᠠᠨ ᠷᠦᠢ ᠺᠧ ᠳᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠦᠢᠯᠡᠴᠢᠯᠡᠬᠡᠨ ᠤ ᠠᠩᠭᠢ ᠶᠢᠨ ᠬᠡᠰᠢᠬᠦᠨ ᠪᠤᠯᠤᠬᠰᠠᠨ ᠢᠶᠠᠷ ᠠᠵᠢᠯ ᠶᠠᠪᠤᠳᠠᠯ ᠶᠠᠭᠠᠷᠠᠤ ᠪᠠᠶᠢᠳᠠᠬ᠃     ᠦᠪᠦᠷ ᠮᠤᠩᠭᠤᠯ ᠤᠨ ᠷᠦᠢ ᠺᠧ ᠳᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠪᠤᠯ ᠰᠢᠯᠦᠭᠤᠨ ᠬᠦᠪᠡᠭᠡᠳᠤ ᠴᠠᠭᠠᠨ ᠬᠤᠰᠢᠭᠤ ᠨᠢ ᠮᠠᠯᠵᠢᠬᠤ ᠤᠷᠤᠨ ᠤ ᠮᠠᠯ ᠡᠮᠨᠡᠯᠬᠡ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠠᠵᠢᠯ ᠳᠤ ᠰᠢᠨ᠎ᠠ ᠶᠢ ᠡᠬᠦᠳᠴᠤ᠂ ᠮᠠᠯᠴᠢᠳ ᠲᠤ ᠤᠯᠠᠮ ᠶᠡᠭᠡ ᠪᠤᠳᠠᠳᠡᠢ ᠠᠰᠢᠬ ᠬᠦᠷᠳᠡᠭᠡᠬᠦ ᠡᠬᠦᠳᠡᠨ ᠠᠴᠠ ᠠᠷᠠᠯᠵᠢᠶᠠᠴᠢᠨ ᠤᠷᠢᠬᠤ ᠬᠡᠯᠪᠡᠷᠢ ᠪᠠᠷ ᠲᠠᠳᠠᠨ ᠤᠷᠤᠭᠤᠯᠤᠭᠰᠠᠨ ᠺᠤᠮᠫᠠᠨᠢ ᠪᠤᠯᠤᠨ᠎ᠠ᠃ ᠺᠤᠮᠫᠠᠨᠢ ᠨᠢ ᠡᠨᠡ ᠵᠢᠯ ᠤᠨ 4 ᠰᠠᠷ᠎ᠠ ᠳᠤ ᠲᠤᠰ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠳᠤᠪᠴᠢᠶ᠎ᠠ ᠲᠠᠢ ︽ᠰᠢᠯᠦᠭᠤᠨ ᠬᠦᠪᠡᠭᠡᠳᠤ ᠴᠠᠭᠠᠨ ᠬᠤᠰᠢᠭᠤᠨ ᠤ ᠮᠠᠯ ᠡᠮᠨᠡᠯᠭᠡ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠲᠦᠷᠦᠯ ᠵᠦᠢᠯ ᠢ ᠬᠤᠳᠠᠯᠳᠤᠨ ᠠᠪᠬᠤ ᠬᠡᠷ᠎ᠠ ︾ ᠲᠤᠭᠳᠠᠵᠤ᠂ ᠱᠠᠭᠠᠷᠳᠠᠯᠭ᠎ᠠ ᠶᠤᠰᠤᠭᠠᠷ ᠠᠵᠢᠯ ᠢᠶᠠᠨ ᠶᠠᠪᠤᠬᠳᠠᠭᠤᠯᠵᠤ ᠡᠬᠢᠯᠡᠵᠡᠢ᠃ ᠳᠤᠰ ᠺᠤᠮᠫᠠᠨᠢ ᠶᠢᠨ ᠭᠤᠤᠯᠳᠠᠯᠭ᠎ᠠ ᠲᠠᠢ ᠠᠵᠢᠯ ᠳᠤ ᠠᠮᠢᠳᠠᠨ ᠤ ᠬᠢᠵᠢᠭ ᠡᠪᠡᠳᠴᠢᠨ ᠤ ᠰᠡᠷᠭᠡᠶᠢᠯᠡᠯᠳᠡ᠂ ᠬᠢᠵᠢᠭ ᠡᠪᠡᠳᠴᠢᠨ ᠤ ᠡᠬᠢ ᠡᠬᠦᠰᠤᠯ ᠢ ᠨᠢ ᠰᠡᠷᠬᠡᠶᠢᠯᠡᠬᠦ᠂ ᠦᠯᠢᠭᠡᠷ ᠭᠡᠪ ᠢ ᠠᠪᠴᠤ ᠪᠠᠶᠢᠴᠠᠭᠠᠬᠤ᠂ ᠠᠷᠢᠭᠤᠳᠬᠠᠨ ᠤᠰᠠᠳᠬᠠᠬᠤ᠂ ᠬᠤᠤᠷ ᠦᠬᠡᠶᠢᠳᠡᠬᠦᠯᠵᠤ ᠰᠶᠢᠳᠪᠦᠷᠢᠯᠡᠬᠦ᠂ ᠬᠢᠵᠢᠭ ᠭᠡᠮ ᠰᠡᠷᠭᠡᠶᠢᠯᠡᠬᠦ ᠮᠡᠳᠡᠯᠭᠡ ᠶᠢ ᠤᠬᠠᠭᠤᠯᠬᠤ᠂ ᠳᠤᠰᠬᠠᠢ ᠮᠡᠷᠭᠡᠵᠢᠯ ᠤᠨ ᠪᠤᠯᠪᠠᠰᠤᠷᠠᠯ ᠬᠢᠬᠦ᠂ ᠬᠢᠵᠢᠭ ᠰᠡᠷᠬᠡᠶᠢᠯᠡᠭᠴᠢ ᠶᠢᠨ ᠡᠩᠨᠡᠭᠡ ᠶᠢᠨ ᠬᠠᠮᠢᠶᠠᠷᠤᠯᠳᠠ ᠪᠠ ᠠᠮᠢᠳᠠᠨ ᠤ ᠬᠢᠵᠢᠭ ᠢ ᠬᠠᠮᠵᠢᠯᠴᠠᠨ ᠪᠠᠶᠢᠴᠠᠭᠠᠬᠤ᠂ ᠠᠮᠢᠳᠠᠨ ᠤ ᠬᠢᠵᠢᠭ ᠤᠨ ᠪᠠᠶᠢᠳᠠᠯ ᠢ ᠰᠶᠢᠳᠪᠦᠷᠢᠯᠡᠬᠦ ᠵᠡᠷᠬᠡ ᠦᠢᠯᠡᠴᠢᠯᠡᠬᠡᠨ ᠤ ᠡᠬᠦᠷᠭᠡ ᠬᠠᠷᠢᠭᠤᠴᠠᠯᠭ᠎ᠠ ᠪᠠᠭᠳᠠᠨ᠎ᠠ᠃      ᠮᠠᠯ ᠮᠠᠯᠵᠢᠬᠤ ᠳᠤ ᠮᠠᠯ ᠤᠨ ᠬᠢᠵᠢᠭ ᠬᠡᠮ ᠤᠨ ᠳᠠᠷᠢᠯᠭ᠎ᠠ ᠶᠢ ᠰᠠᠶᠢᠳᠤᠷ ᠬᠢᠬᠦ ᠨᠢ ᠮᠠᠯ ᠤᠨ ᠬᠡᠮᠳᠤᠯ ᠠᠴᠠ ᠰᠡᠷᠬᠡᠶᠢᠯᠡᠬᠦ ᠬᠠᠮᠤᠬ ᠤᠨ ᠲᠦᠬᠦᠮ ᠲᠦᠳᠡ᠂ ᠳᠤᠭᠤᠰᠢᠳᠡᠢ ᠠᠷᠭ᠎ᠠ ᠬᠡᠮᠵᠢᠶ᠎ᠠ ᠪᠤᠯᠤᠨ᠎ᠠ᠃ ᠳᠤᠰ ᠺᠤᠮᠫᠠᠨᠢ ᠡᠩ ᠳᠡᠷᠢᠬᠦᠨ ᠳᠤ ᠮᠠᠯ ᠤᠨ ᠡᠮᠴᠢ ᠶᠢᠨ ᠮᠡᠷᠭᠡᠵᠢᠯ ᠤᠨ ᠬᠢᠷᠢ ᠬᠡᠮ ᠲᠠᠢ ᠬᠦᠮᠦᠰ ᠢ ᠲᠦᠪᠯᠡᠷᠡᠬᠦᠯᠤᠨ ᠮᠡᠯ ᠡᠮᠨᠡᠯᠭᠡ ᠶᠢᠨ ᠦᠢᠯᠡᠴᠢᠯᠡᠬᠡᠨ ᠤ ᠠᠩᠭᠢ ᠪᠠᠶᠢᠭᠤᠯᠵᠤ᠂ ᠪᠦᠬᠦ ᠬᠤᠰᠢᠭᠤᠨ ᠤ ᠡᠯ᠎ᠠ ᠰᠤᠮᠤ ᠪᠠᠯᠭᠠᠰᠤ ᠡᠯ᠎ᠠ ᠭᠠᠴᠠᠭᠠᠨ ᠳᠤ ᠬᠦᠷᠴᠤ ᠳᠤᠬᠳᠠᠬᠰᠠᠨ ᠴᠠᠬ ᠲᠤ ᠬᠢᠵᠢᠭ ᠬᠡᠮ ᠢ ᠰᠡᠷᠬᠡᠶᠢᠯᠡᠬᠦ ᠳᠠᠷᠢᠯᠭ᠎ᠠ ᠳᠠᠷᠢᠬᠤ ᠠᠵᠢᠯ ᠢ ᠶᠠᠪᠤᠭᠳᠠᠭᠤᠯᠤᠨ᠎ᠠ᠃ ᠤᠯᠠᠭᠠᠨᠴᠠᠪ ᠰᠤᠮᠤ ᠶᠢᠨ ᠪᠦᠷᠢᠳᠤ ᠭᠠᠴᠠᠭᠠᠨ ᠤ ᠴᠢᠯᠠᠭᠤ᠄ ︽ᠮᠠᠨ ᠤ ᠠᠳᠡ ᠳᠤᠰᠬᠠᠢ ᠺᠤᠮᠫᠠᠨᠢ ᠶᠢᠨ ᠦᠢᠯᠡᠴᠢᠯᠡᠬᠡᠨ ᠤ ᠠᠩᠭᠢ ᠶᠢᠨ ᠮᠠᠯ ᠤᠨ ᠡᠮᠴᠢ ᠠᠴᠠ ᠬᠢᠵᠢᠭ ᠳᠠᠷᠢᠬᠤ ᠳᠤᠬᠳᠠᠬᠰᠠᠨ ᠴᠠᠬ ᠲᠤ ᠢᠷᠡᠵᠤ ᠳᠠᠷᠢᠯᠭ᠎ᠠ ᠶᠢ ᠳᠠᠷᠢᠴᠢᠬᠠᠨ᠎ᠠ᠂  ᠪᠢᠳᠡ ᠪᠠᠰᠠ ᠮᠠᠯ ᠤᠨ ᠬᠢᠵᠢᠭ ᠳᠡᠯᠬᠡᠷᠡᠨ᠎ᠠ ᠬᠡᠵᠤ ᠵᠤᠪᠠᠭ᠋ᠤ ᠤᠴᠢᠷ ᠦᠬᠡᠢ᠂ ᠬᠢᠵᠢᠭ ᠤᠨ ᠳᠠᠷᠢᠯᠭ᠎ᠠ ᠳᠤ ᠵᠤᠭᠤᠰ ᠮᠦᠡᠭᠭᠦ ᠠᠪᠬᠤ ᠦᠬᠡᠢ᠂ ᠵᠢᠯ ᠤᠨ ᠪᠠᠰᠠ 1000᠎ ᠠᠴᠠ 2000 ᠲᠦᠭᠦᠷᠢᠭ ᠠᠷᠪᠢᠯᠠᠴᠢᠬᠠᠨ᠎ᠠ︾ ᠬᠡᠯ᠎ᠠ᠃      ᠲᠤᠰ ᠺᠤᠮᠫᠠᠨᠢ ᠭᠠᠴᠠᠭ᠎ᠠ ᠪᠤᠯᠭᠠᠨ ᠳᠤ ᠬᠢᠵᠢᠭ ᠳᠠᠷᠢᠯᠭ᠎ᠠ ᠶᠢᠨ ᠠᠵᠢᠯ ᠳᠤ ᠦᠢᠯᠡᠴᠢᠯᠡᠬᠦ 2 ᠳᠤᠰᠬᠠᠢ ᠮᠠᠯ ᠤᠨ ᠡᠮᠴᠢ ᠳᠤᠬᠢᠷᠠᠭᠤᠯᠬᠤ ᠶᠢᠨ ᠬᠠᠮᠳᠤ ᠦᠢᠯᠡᠴᠢᠯᠡᠭᠡ ᠬᠠᠩᠭᠠᠬᠤ ᠳᠤ ᠲᠦᠬᠦᠮ ᠢ ᠪᠤᠳᠤᠵᠤ᠂ ᠲᠤᠰ ᠭᠠᠴᠠᠭ᠎ᠠ ᠳᠤᠰᠬᠤᠨ ᠤ ᠮᠠᠯ ᠤᠨ ᠡᠮᠴᠢ ᠶᠢ ᠤᠷᠢᠨ ᠺᠤᠮᠫᠠᠨᠢ ᠶᠢᠨ ᠦᠢᠯᠡᠴᠢᠯᠡᠬᠡᠨ ᠤ ᠠᠩᠭᠢ ᠶᠢᠨ ᠬᠡᠰᠢᠬᠦᠨ ᠪᠤᠯᠭᠠᠬᠰᠠᠨ ᠪᠠᠶᠢᠨ᠎ᠠ᠃ ᠤᠳᠤ ᠪᠦᠬᠦ ᠬᠤᠰᠢᠭᠤᠨ ᠳᠤ ᠪᠠᠳᠤᠰᠡᠴᠡᠨ ᠲᠠᠢ ᠠᠳᠠᠯᠢ 100 ᠭᠠᠷᠤᠢ ᠭᠠᠴᠠᠭᠠᠨ ᠳᠠᠭᠠᠨ ᠰᠠᠭᠤᠭ᠎ᠠ ᠺᠤᠮᠫᠠᠨᠢ ᠶᠢᠨ ᠮᠡᠯ ᠡᠮᠨᠡᠯᠭᠡ ᠶᠢᠨ ᠦᠢᠯᠡᠴᠢᠯᠡᠭᠡᠨ ᠤ ᠠᠩᠬᠢ ᠶᠢᠨ ᠬᠡᠰᠢᠬᠦᠨ ᠲᠠᠢ ᠪᠤᠯᠤᠬᠰᠠᠨ ᠪᠠᠶᠢᠨ᠎ᠠ᠃ ᠡᠨᠡ ᠵᠢᠯ ᠤᠨ 6 ᠰᠠᠷ᠎ᠠ ᠶᠢᠨ ᠬᠠᠪᠤᠷ ᠤᠨ ᠤᠯᠠᠷᠢᠯ ᠤᠨ ᠳᠠᠷᠢᠯᠭ᠎ᠠ ᠶᠢᠨ ᠬᠤᠭᠤᠴᠠᠭᠠᠨ ᠳᠤ ᠮᠡᠯ ᠡᠮᠨᠡᠯᠭᠡ ᠶᠢᠨ ᠦᠢᠯᠡᠴᠢᠯᠡᠭᠡᠨ ᠤ ᠠᠩᠬᠢ ᠶᠢᠨ ᠬᠢᠨ ᠪᠦᠬᠦ ᠬᠤᠰᠢᠭᠤᠨ ᠤ 39.03 ᠲᠦᠮᠡ ᠭᠠᠷᠤᠢ ᠬᠤᠨᠢ ᠪᠠ 11.9 ᠲᠦᠮᠡᠨ ᠦᠬᠡᠷ ᠲᠤ ᠰᠢᠯᠦᠬᠡᠢ ᠡᠪᠡᠳᠴᠢᠨ ᠤ ᠡᠬᠡᠯᠢᠯᠡᠭᠡ ᠶᠢᠨ ᠳᠠᠷᠢᠯᠭ᠎ᠠ ᠳᠠᠷᠢᠵᠤ᠂ ᠵᠢᠬᠦᠷᠳᠡᠨ ᠤ ᠳᠠᠬᠰᠢᠭᠤᠷ ᠤᠨ ᠡᠬᠡᠯᠢᠯᠡᠭᠡ ᠶᠢ 10400 ᠤᠳᠠᠭ᠎ᠠ ᠬᠢᠵᠤ᠂ ᠨᠠᠮᠤᠷ ᠤᠨ ᠤᠯᠠᠷᠢᠯ ᠤᠨ ᠳᠠᠷᠢᠯᠭ᠎ᠠ ᠶᠢ ᠤᠳᠤ ᠪᠤᠯᠳᠠᠯ᠎ᠠ ᠲᠤᠰᠪᠤᠷᠢ 103 ᠲᠦᠮᠡ ᠪᠤᠯᠤᠨ 519 ᠲᠦᠮᠡ ᠤᠳᠠᠭ᠎ᠠ ᠶᠢ ᠪᠡᠶᠡᠯᠡᠭᠦᠯᠵᠡᠢ᠃ ᠡᠬᠦᠨ ᠠᠴᠠ ᠭᠠᠳᠠᠨ᠎ᠠ ᠰᠠᠷ᠎ᠠ ᠪᠤᠯᠭᠠᠨ ᠮᠠᠯ ᠠᠮᠢᠳᠠᠨ ᠤ ᠬᠤᠷᠤᠬᠠᠢ ᠳᠠᠭᠤᠬᠤ ᠡᠵᠢᠯ ᠢ ᠪᠠᠷᠢᠮᠳᠠᠯᠠᠵᠤ᠂ ᠬᠢᠵᠢᠭ ᠰᠡᠷᠭᠡᠶᠢᠯᠡᠬᠦ ᠡᠳ᠋ ᠪᠤᠳᠠᠰ᠂ ᠸᠠᠺᠼᠢᠨ ᠢ ᠬᠦᠢᠴᠡᠳ ᠬᠤᠳᠠᠯᠳᠤᠨ ᠠᠪᠴᠤ᠂ ᠳᠡᠭᠡᠷ᠎ᠡ ᠬᠠᠭᠠᠰ ᠵᠢᠯ ᠳᠤ 98.8 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠰᠡᠷᠭᠡᠶᠢᠯᠡᠨ ᠬᠠᠮᠠᠭᠠᠯᠠᠬᠤ ᠬᠤᠪᠴᠠᠰᠤ᠂ ᠲᠠᠷᠢᠯᠭ᠎ᠠ ᠶᠢᠨ ᠪᠠᠭᠠᠵᠢ᠂ ᠡᠯ᠎ᠡ ᠲᠥᠷᠥᠯ ᠤᠨ ᠸᠠᠺᠼᠢᠨ ᠵᠡᠷᠭᠡ ᠡᠳ᠋ ᠪᠠᠷᠠᠭ᠎ᠠ ᠬᠤᠳᠠᠯᠳᠤᠨ ᠠᠪᠴᠤ᠂ ᠬᠢᠵᠢᠭ ᠰᠡᠷᠭᠡᠶᠢᠯᠡᠬᠦ ᠠᠵᠢᠯ ᠳᠤ ᠬᠦᠴᠦᠨ ᠪᠦᠬᠦᠢ ᠪᠣᠳᠠᠰ ᠤᠨ ᠪᠠᠲᠤᠯᠠᠭ᠎ᠠ ᠬᠠᠨᠭ᠍ᠭᠠᠵᠠᠢ᠃      ᠲᠤᠰ ᠺᠤᠮᠫᠠᠨᠢ ᠳᠠᠬᠤᠯ ᠡᠪᠡᠳᠴᠢᠨ ᠢ ᠪᠠᠶᠢᠴᠠᠭᠠᠬᠤ ᠠᠵᠢᠯ ᠢ ᠪᠦᠬᠦ ᠬᠤᠰᠢᠭᠤᠨ ᠤ 5 ᠰᠤᠮᠤ ᠪᠠᠯᠭᠠᠰᠤ ᠳᠤ ᠪᠦᠷᠬᠦᠬᠦᠯᠵᠦ᠂ ᠬᠠᠪᠤᠷ ᠤᠨ ᠤᠯᠠᠷᠢᠯ ᠳᠤ 3780 ᠡᠷᠦᠬᠡ ᠳᠤ ᠳᠠᠬᠤᠯ ᠡᠪᠡᠳᠴᠢᠨ ᠤ ᠪᠠᠶᠢᠴᠠᠭᠠᠯᠳᠠ ᠬᠢᠵᠤ᠂ ᠨᠠᠮᠤᠷ ᠤᠨ ᠤᠯᠠᠷᠢᠯ ᠳᠤ ᠰᠠᠭᠠᠯᠢ ᠶᠢᠨ ᠦᠨᠢᠶᠡᠨ ᠤ 500 ᠡᠷᠦᠬᠡ ᠳᠤ ᠳᠠᠬᠤᠯ ᠡᠪᠡᠳᠴᠢᠨ ᠤ ᠪᠠᠶᠢᠴᠠᠭᠠᠯᠳᠠ ᠬᠢᠵᠤ  ᠬᠢᠵᠢᠭ ᠡᠪᠡᠳᠴᠢᠨ ᠤ ᠳᠡᠯᠭᠡᠷᠡᠬᠦ ᠪᠤᠯᠤᠮᠵᠢ ᠲᠠᠢ ᠮᠡᠳᠡᠭᠡ ᠵᠠᠩᠭᠢ ᠶᠢ  ᠨᠠᠷᠢᠯᠢᠭ  ᠣᠨᠣᠪᠴᠢᠲᠠᠢ  ᠡᠵᠡᠮᠰᠢᠭᠰᠡᠨ  ᠪᠠᠶᠢᠨ᠎ᠠ᠃ ᠤᠬᠠᠭᠤᠯᠭ᠎ᠠ ᠶᠢᠨ ᠠᠵᠢᠯ ᠢ ᠰᠠᠶᠢᠳᠤᠷ ᠥᠷᠨᠢᠭᠦᠯᠵᠦ᠂ ᠬᠢᠲᠠᠳ ᠮᠣᠩᠭᠤᠯ ᠬᠤᠣᠰ ᠬᠡᠯᠡᠨ ᠤ ᠤᠬᠠᠭᠤᠯᠭ᠎ᠠ ᠶᠢᠨ ᠬᠠᠭᠤᠳᠠᠰᠤ ᠵᠢᠴᠢ ᠬᠢᠵᠢᠭ ᠡᠪᠡᠳᠴᠢᠨ ᠢ ᠰᠡᠷᠭᠡᠶᠢᠯᠡᠬᠦ ᠮᠡᠳᠡᠭᠳᠡᠯ ᠤᠨ ᠪᠢᠴᠢᠭ 10700 ᠬᠤᠪᠢ ᠢᠯᠡᠭᠦᠦ ᠲᠠᠷᠬᠠᠭᠠᠵᠤ᠂ ᠮᠠᠯᠴᠢᠳ ᠤᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠬᠦᠯᠵᠡᠢ᠃ ᠬᠢᠵᠢᠭ ᠰᠡᠷᠭᠡᠶᠢᠯᠡᠭᠴᠢ ᠶᠢᠨ ᠪᠤᠯᠪᠠᠰᠤᠷᠠᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠯᠭ᠎ᠠ ᠲᠠᠷᠢᠬᠤ ᠵᠡᠷᠭᠡ ᠵᠠᠩᠭᠢᠯᠠᠭ᠎ᠠ ᠶᠢᠨ ᠴᠠᠬ ᠬᠤᠭᠤᠴᠠᠭᠠᠨ ᠳᠤ ᠬᠢᠵᠢᠭ ᠰᠡᠷᠭᠡᠶᠢᠯᠡᠭᠴᠢ ᠵᠢᠴᠢ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠳᠤ ᠴᠢᠭᠯᠡᠭᠦᠯᠦᠨ ᠣᠯᠠᠨ ᠳᠠᠯᠠᠪᠠᠢ ᠲᠤᠰᠬᠠᠢ ᠮᠡᠷᠭᠡᠵᠢᠯ ᠤᠨ ᠪᠤᠯᠪᠠᠰᠤᠷᠠᠯ ᠥᠷᠨᠢᠭᠦᠯᠵᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠵᠢᠯᠯᠠᠬᠤ ᠲᠦᠷᠢᠮᠵᠢᠯ᠂ APP᠎ ᠤᠨ ᠬᠡᠷᠡᠭᠯᠡᠯᠲᠡ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠬᠠᠮᠤᠷᠤᠭᠤᠯᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ ᠦᠯᠢᠭᠡᠷ ᠠᠪᠴᠤ ᠪᠠᠶᠢᠴᠠᠭᠠᠬᠤ ᠠᠵᠢᠯ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠠᠢ ᠨᠢᠭᠲᠠ ᠬᠠᠮᠵᠢᠯᠴᠠᠵᠤ᠂ ᠦᠬᠡᠷ᠂ ᠬᠤᠨᠢ᠂ ᠵᠢᠭᠦᠷᠲᠡᠨ᠂ ᠨᠣᠬᠠᠢ᠂ ᠠᠳᠤᠭᠤ ᠵᠡᠷᠭᠡ ᠠᠮᠢᠲᠠᠨ ᠤ ᠡᠯ᠎ᠡ ᠲᠥᠷᠥᠯ ᠤᠨ ᠦᠯᠢᠭᠡᠷ ᠠᠪᠬᠤ ᠡᠭᠦᠷᠭᠡ ᠶᠢ ᠪᠡᠶᠡᠯᠡᠬᠦᠯᠵᠠᠢ᠃ ᠠᠷᠢᠭᠤᠳᠬᠠᠬᠤ ᠠᠵᠢᠯ ᠢᠶᠠᠨ ᠡᠮᠬᠢ ᠲᠢᠭᠯᠢᠮ ᠲᠠᠢ ᠶᠠᠪᠤᠭᠳᠠᠭᠤᠯᠵᠤ᠂ ᠨᠡᠶᠢᠲᠡ 110 ᠭᠠᠷᠤᠢ ᠡᠷᠦᠬᠡ ᠵᠢᠴᠢ 5 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠬᠤᠯᠪᠣᠭᠳᠠᠵᠤ᠂ ᠠᠷᠢᠭᠤᠳᠬᠠᠬᠰᠠᠨ ᠲᠠᠯᠠᠪᠠᠢ 80.23 ᠲᠦᠮᠡᠨ ᠬᠠᠪᠳᠠᠭᠠᠢ ᠲᠦᠷᠪᠡᠯᠵᠢᠨ ᠮᠧᠲᠷ ᠲᠤ ᠬᠦᠷᠴᠠᠢ᠃ ᠬᠤᠣᠷ ᠦᠬᠡᠶᠢᠳᠡᠬᠦᠯᠦᠨ ᠰᠶᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠦᠬᠦ ᠬᠤᠰᠢᠭᠤᠨ ᠤ ᠭᠠᠴᠠᠭ᠎ᠠ ᠲᠣᠰᠬᠤᠨ ᠤ ᠬᠢᠵᠢᠭ ᠰᠡᠷᠭᠡᠶᠢᠯᠡᠬᠦ ᠳᠤ ᠬᠡᠷᠡᠭᠯᠡᠭᠰᠡᠨ ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠬᠤᠣᠷ ᠦᠬᠡᠶᠢᠳᠡᠬᠦᠯᠦᠨ ᠰᠶᠢᠳᠪᠦᠷᠢᠯᠡᠪᠡ᠃ ᠭᠠᠷᠤᠯᠲᠠ ᠶᠢᠨ ᠣᠷᠣᠨ ᠤ ᠬᠠᠮᠵᠢᠯᠴᠠᠨ ᠪᠠᠶᠢᠴᠠᠭᠠᠬᠤ ᠪᠠ ᠬᠢᠵᠢᠭ ᠡᠪᠡᠳᠴᠢᠨ ᠢ ᠰᠶᠢᠳᠪᠦᠷᠢᠯᠡᠬᠦ ᠠᠵᠢᠯ ᠢ ᠴᠦ ᠢᠳᠡᠪᠬᠢᠲᠡᠢ ᠥᠷᠨᠢᠭᠦᠯᠵᠦ᠂ ᠠᠮᠢᠲᠠᠨ ᠤ ᠡᠷᠡᠭᠦᠯ ᠮᠡᠨᠳᠦ ᠪᠠ ᠮᠠᠯ ᠤᠨ ᠠᠰᠢᠭ ᠰᠢᠮ᠎ᠡ ᠶᠢᠨ ᠭᠠᠷᠤᠯᠳᠠ ᠶᠢᠨ ᠠᠮᠤᠷ ᠲᠦᠪᠰᠢᠨ ᠢ ᠪᠠᠲᠤᠯᠠᠪᠠ᠃      ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠤᠨ ᠬᠢᠵᠢᠭ ᠰᠡᠷᠭᠡᠶᠢᠯᠡᠭᠴᠢ ᠶᠢᠨ ᠣᠯᠭᠤᠮᠵᠢ ᠶᠢ ᠳᠡᠭᠡᠭᠰᠢᠯᠡᠭᠦᠯᠵᠥ᠂ ᠠᠵᠢᠯ ᠤᠨ ᠢᠳᠡᠪᠬᠢᠵᠢᠯ ᠢ ᠲᠠᠶᠢᠴᠢᠯᠠᠭᠰᠠᠨ ᠤ ᠬᠠᠮᠳᠤ ᠲᠤᠰᠬᠠᠶᠢᠵᠢᠭᠰᠠᠨ ᠪᠣᠯᠪᠠᠰᠣᠷᠠᠯ ᠤᠨ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠲᠤᠰᠬᠠᠶᠢᠵᠢᠭᠰᠠᠨ ᠡᠩᠨᠡᠭᠡ ᠶᠢ ᠬᠦᠮᠦᠵᠢᠬᠦᠯᠵᠠᠢ᠃ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠮᠡᠷᠭᠡᠵᠢᠯ ᠤᠨ ᠵᠢᠯᠣᠭᠤᠳᠤᠯᠭ᠎ᠠ ᠬᠠᠨᠭ᠍ᠭᠠᠬᠤ᠂ ᠬᠢᠵᠢᠭ ᠰᠡᠷᠭᠡᠶᠢᠯᠡᠬᠦ ᠵᠠᠭᠪᠤᠷ ᠤᠨ ᠰᠢᠨ᠎ᠡ ᠶᠢ ᠡᠭᠦᠳᠬᠦ᠂ ᠬᠢᠵᠢᠭ ᠰᠡᠷᠭᠡᠶᠢᠯᠡᠬᠦ ᠭᠠᠪᠰᠢᠭᠠᠢ ᠠᠩᠭᠢ ᠶᠢ ᠰᠤᠩᠭᠤᠬᠤ ᠵᠡᠷᠭᠡ ᠬᠡᠯᠪᠡᠷᠢ ᠶᠢ ᠬᠡᠷᠡᠭᠯᠡᠨ᠂ ᠬᠢᠵᠢᠭ ᠦᠯᠦ ᠬᠠᠯᠳᠠᠭᠠᠬᠤ ᠦᠷ᠎ᠡ ᠪᠦᠲᠦᠮᠵᠢ ᠬᠢᠭᠡᠳ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠬᠦᠯᠦᠭᠰᠡᠨ ᠪᠠᠶᠢᠨ᠎ᠠ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号