︽ᠤᠯᠤᠰ ᠤᠨ ᠬᠡᠦᠬᠡᠳ︾ ᠠᠷᠠᠳ ᠤᠨ ᠴᠠᠭᠳᠠᠭ᠎ᠠ ᠨᠠᠷ ᠲᠤ ᠲᠠᠯᠠᠷᠬᠠᠯ ᠲᠠᠪᠰᠢᠬᠦᠯᠦᠨ᠎ᠠ
ᠨᠡᠶᠢᠲᠡᠯᠡᠭᠰᠡᠨ ᠴᠠᠭ᠄
2024/12/11
     ᠣᠶᠢᠷ᠎ᠠ ᠳᠤ᠂ 29 ︽ᠤᠯᠤᠰ ᠤᠨ ᠬᠡᠦᠬᠡᠳ︾ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠡᠮᠡᠷᠯᠢᠭ ᠲᠤᠭ ᠬᠦᠷᠭᠡᠵᠦ᠂ ᠪᠠᠶᠠᠷ ᠲᠠᠯᠠᠷᠬᠠᠯ ᠤᠨ ᠰᠡᠳᠬᠢᠯᠭᠡ ᠪᠠᠨ ᠢᠯᠡᠳᠬᠡᠵᠡᠢ᠃ ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠭᠤᠯᠵᠠᠯᠲᠠ ᠶᠢᠨ ᠠᠵᠢᠯᠯᠠᠭ᠎ᠠ︾ ᠪᠠ DNA ᠲᠣᠮᠣ ᠳ᠋ᠠᠶᠢᠲ᠋ᠠ ᠬᠥᠮᠥᠷᠭᠡ ᠶᠢᠨ ᠮᠡᠷᠭᠡᠵᠢᠯ ᠤᠨ ᠳᠡᠮᠵᠢᠯᠭᠡ ᠪᠠᠷ ᠳᠡᠮᠵᠢᠨ᠂ 33 ︽ᠤᠯᠤᠰ ᠤᠨ ᠬᠡᠦᠬᠡᠳ︾ ᠲᠤ ᠲᠥᠷᠥᠯ ᠰᠠᠳᠤᠨ ᠢ ᠨᠢ ᠡᠷᠢᠵᠦ ᠣᠯᠵᠦ ᠦᠭᠴᠠᠢ᠃ 20 ᠳ᠋ᠤᠭᠠᠷ ᠵᠠᠭᠤᠨ ᠤ ᠲᠠᠪᠢᠭᠠᠳ ᠣᠨ ᠤ ᠰᠡᠭᠦᠯᠴᠢ ᠵᠢᠷᠠᠭᠠᠳ ᠣᠨ ᠤ ᠡᠬᠢ ᠪᠠᠷ᠂ ᠪᠦᠬᠦ ᠤᠯᠤᠰ ᠤᠨ ᠡᠯ᠎ᠠ ᠭᠠᠵᠠᠷ ᠠᠴᠠ ᠬᠦᠷᠭᠡᠭᠳᠡᠨ ᠢᠷᠡᠭᠰᠡᠨ 3000 ᠭᠠᠷᠤᠢ ᠦᠨᠦᠴᠢᠨ ᠬᠡᠦᠬᠡᠳ ᠥᠪᠥᠷ ᠮᠣᠩᠭᠤᠯ ᠳᠤ ᠦᠷᠡᠴᠢᠯᠡᠭᠳᠡᠨ ᠲᠡᠵᠢᠭᠡᠭᠳᠡᠵᠦ᠂ ᠨᠠᠮ ᠵᠠᠰᠠᠭ ᠵᠢᠴᠢ ᠲᠠᠯ᠎ᠠ ᠨᠤᠲᠤᠭ ᠤᠨ ᠠᠷᠠᠳ ᠲᠦᠮᠡᠨ ᠤ ᠬᠠᠶᠢᠷ᠎ᠠ ᠬᠠᠯᠠᠮᠵᠢ ᠪᠠᠷ ᠡᠷᠡᠭᠦᠯ ᠡᠩᠭᠡ ᠦᠰᠦᠨ ᠪᠤᠶᠢᠵᠢᠵᠦ᠂ ᠲᠠᠯ᠎ᠠ ᠨᠤᠲᠤᠭ ᠲᠠᠢ ᠰᠠᠯᠤᠰᠢ ᠦᠬᠡᠢ ᠬᠤᠪᠢ ᠪᠠᠷᠢᠯᠳᠤᠯᠭ᠎ᠠ ᠲᠠᠢ ᠪᠤᠯᠵᠠᠢ᠃        
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号