ᠠᠭᠠᠷ ᠤᠨ ᠳᠤᠯᠠᠭᠠᠨ ᠲᠤᠷᠤᠭᠰᠢᠯᠠᠬᠤ ᠶᠢ ᠳᠠᠭᠠᠯᠳᠤᠨ᠂ ᠮᠠᠯᠵᠢᠬᠤ ᠦᠢᠯᠡᠳᠪᠦᠷᠢᠯᠡᠯ ᠤᠨ ᠡᠪᠡᠰᠦ ᠪᠣᠷᠳᠤᠭ᠎ᠠ | ᠨᠥᠭᠡᠴᠡᠯᠡᠬᠦ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠰᠠᠨ ᠪᠠᠶᠢᠨ᠎ᠠ᠃ ᠰᠥᠨᠢᠳ ᠵᠡᠭᠦᠨ ᠬᠤᠰᠢᠭᠤ | ᠮᠠᠯᠵᠢᠬᠤ ᠡᠷᠦᠬᠡ ᠶᠢ ᠢᠳᠡᠪᠬᠢᠲᠡᠢ ᠬᠦᠳᠦᠯᠦᠨ ᠵᠢᠯᠤᠭᠤᠳᠴᠦ ᠪᠠᠶᠢᠭᠠᠳ ᠡᠷᠲᠡ ᠠᠴᠠ ᠬᠥᠳᠡᠯᠦᠯᠴᠡᠨ᠂ ᠡᠷᠲᠡ ᠠᠴᠠ | ᠲᠣᠬᠢᠷᠠᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠮᠠᠯ ᠰᠦᠷᠦᠭ ᠤᠨ ᠡᠪᠦᠯ ᠬᠠᠪᠤᠷ ᠢ | ᠮᠠᠨᠲᠤ ᠥᠩᠭᠡᠷᠡᠬᠦᠯᠬᠦ ᠳᠤ ᠪᠠᠲᠤ ᠪᠠᠬᠢ ᠪᠤᠳᠠᠰ ᠤᠨ ᠪᠠᠲᠤᠯᠠᠭ᠎ᠠ ᠬᠠᠩᠭᠠᠵᠤ ᠪᠠᠶᠢᠨ᠎ᠠ᠃ | ᠣᠶᠢᠷ᠎ᠠ ᠳᠤ᠂ ᠰᠦᠨᠢᠳ ᠵᠡᠬᠦᠨ ᠬᠤᠰᠢᠭᠤᠨ ᠤ ᠪᠠᠶ᠋ᠬᠠᠠᠭᠤᠯᠠ ᠰᠤᠮᠤᠨ ᠤ ᠪᠠᠶᠠᠨᠲᠠᠯ᠎ᠠ ᠭᠠᠴᠠᠭᠠᠨ ᠤ ᠮᠠᠯᠴᠢᠨ | ᠤᠳᠬᠤᠨᠪᠠᠭᠠᠲᠤᠷ ᠤᠨ ᠭᠡᠷ ᠲᠤ ᠬᠦᠷᠬᠦ ᠳᠤ᠂ ᠲᠡᠳᠡᠨᠡᠶᠢᠬᠢᠨ ᠡᠪᠡᠰᠦ ᠪᠠᠨ ᠨᠢᠬᠡᠨᠳᠡ ᠬᠤᠷᠢᠶᠠᠵᠦ ᠲᠠᠯᠪᠢᠬᠰᠠᠨ | ᠪᠦᠬᠡᠳ ᠬᠡᠷ ᠤᠨ ᠭᠠᠳᠠᠨ᠎ᠠ ᠪᠠᠶᠢᠭ᠎ᠠ ᠮᠠᠯ ᠰᠦᠷᠦᠭ ᠨᠢ ᠴᠥᠮ ᠲᠠᠷᠭᠤ ᠰᠠᠶᠢᠲᠠᠢ ᠪᠠᠶᠢᠬᠤ ᠬᠠᠷᠠᠭᠳᠠᠯ᠎ᠠ᠃ ︽ᠡᠨᠡ | ᠵᠢᠯ ᠮᠠᠨᠠᠶᠢᠬᠢ ᠵᠠᠰᠠᠭ ᠤᠨ ᠣᠷᠳᠣᠨ ᠤ ᠨᠦᠬᠦᠪᠦᠷᠢ ᠲᠠᠢ ᠡᠪᠡᠰᠦ ᠪᠤᠷᠳᠤᠭ᠎ᠠ ᠠᠴᠠ 50 ᠲᠣᠨ ᠬᠤᠳᠠᠯᠳᠤᠨ ᠠᠪᠴᠤ᠂ | ᠲᠣᠨ ᠪᠦᠷᠢ ᠳᠤ 200 ᠲᠥᠭᠦᠷᠢᠭ ᠤᠨ ᠨᠥᠬᠦᠪᠦᠷᠢ ᠤᠯᠭᠤᠭᠰᠠᠨ ᠪᠤᠯᠬᠤᠷ ᠠᠵᠤ ᠠᠬᠤᠢ ᠶᠢᠨ ᠳᠠᠷᠤᠭᠠᠰᠤ ᠶᠢ | ᠴᠤ ᠪᠠᠭ᠎ᠠ ᠪᠤᠰᠤ ᠬᠦᠩᠬᠡᠯᠡᠵᠠᠢ᠃ ᠪᠤᠰᠤᠳ ᠪᠠᠶᠢᠭ᠎ᠠ ᠡᠪᠡᠰᠦ ᠪᠣᠷᠳᠤᠭ᠎ᠠ ᠪᠠᠨ ᠨᠡᠮᠡᠪᠡᠯ᠂ ᠡᠪᠦᠯ ᠢ ᠦᠩᠬᠡᠷᠡᠬᠦᠯᠬᠦ ᠳᠤ | ᠠᠰᠠᠭᠤᠳᠠᠯ ᠦᠬᠡᠢ ᠪᠤᠯᠤᠨ᠎ᠠ︾ ᠬᠡᠵᠦ ᠤᠳᠬᠤᠨᠪᠠᠭᠠᠲᠤᠷ ᠶᠠᠷᠢᠨ᠎ᠠ᠃ | ᠪᠦᠬᠦ ᠬᠤᠰᠢᠭᠤᠨ ᠤ ᠡᠨᠡ ᠡᠪᠦᠯ ᠢᠷᠡᠬᠦ ᠬᠠᠪᠤᠷ ᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠦᠨᠡᠨᠬᠦ | ᠰᠠᠶᠢᠲᠤᠷ ᠬᠢᠬᠦ ᠶᠢᠨ ᠲᠥᠯᠥᠭᠡ᠂ ᠰᠥᠨᠢᠳ ᠵᠡᠭᠦᠨ ᠬᠤᠰᠢᠭᠤ ᠨᠢ ᠲᠠᠷᠢᠶᠠᠯᠠᠩ ᠮᠠᠯ ᠠᠵᠤ ᠠᠬᠤᠢ᠂ ᠤᠰᠤᠨ | ᠠᠰᠢᠭᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠦᠴᠢᠷ ᠠᠴᠠ ᠶᠡᠷᠦᠩᠬᠡᠢ ᠵᠤᠬᠢᠴᠠᠭᠤᠯᠵᠦ᠂ | ᠰᠤᠮᠤ ᠪᠠᠯᠭᠠᠰᠤ᠂ ᠭᠠᠴᠠᠭ᠎ᠠ᠂ ᠨᠢᠭᠡᠳᠦᠭᠡᠷ ᠱᠦᠵᠢ ᠪᠣᠯᠣᠨ ᠲᠠᠭᠠᠭᠠᠴᠢᠯᠠᠨ ᠬᠠᠷᠢᠯᠴᠠᠬᠤ ᠺᠠᠳ᠋ᠷ ᠲᠤᠯᠤᠭᠠᠶᠢᠯᠠᠨ | ᠠᠵᠢᠯᠯᠠᠵᠦ᠂ ᠭᠠᠴᠠᠭ᠎ᠠ ᠪᠠ ᠮᠠᠯᠵᠢᠬᠤ ᠡᠷᠦᠬᠡ ᠶᠢ ᠲᠠᠭᠠᠭᠠᠴᠢᠯᠠᠨ ᠡᠪᠡᠰᠦ ᠪᠣᠷᠳᠤᠭ᠎ᠠ ᠶᠢ ᠰᠢᠯᠵᠢᠭᠦᠯᠦᠨ | ᠲᠡᠭᠡᠭᠡᠪᠦᠷᠢᠯᠡᠵᠦ ᠨᠥᠭᠡᠴᠡᠯᠡᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠮᠠᠯᠵᠢᠬᠤ ᠡᠷᠦᠬᠡ ᠨᠢᠭᠡᠪᠦᠷᠢ ᠶᠢᠨ | ᠡᠪᠡᠰᠦ ᠪᠣᠷᠳᠤᠭ᠎ᠠ ᠶᠢᠨ ᠪᠠᠶᠢᠳᠠᠯ ᠢ ᠣᠨᠣᠪᠴᠢᠲᠠᠶ ᠡᠵᠡᠮᠰᠢᠨ᠂ ᠭᠠᠴᠠᠭᠠᠨ ᠤ ᠬᠠᠮᠲᠤ ᠶᠢᠨ ᠠᠵᠤ ᠠᠬᠤᠢ᠂ ᠪᠦᠷᠢᠨ | ᠰᠢᠮᠡᠲᠤ ᠪᠤᠷᠳᠤᠭ᠎ᠠ ᠪᠤᠯᠪᠠᠰᠤᠷᠠᠭᠤᠯᠬᠤ ᠴᠡᠭ᠂ ᠬᠤᠷᠰᠢᠶᠠᠵᠢᠯ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ | ᠵᠣᠬᠢᠶᠠᠨ ᠪᠠᠶᠢᠭᠤᠯᠵᠦ ᠳᠠᠶᠢᠴᠢᠯᠠᠨ᠂ ᠡᠪᠡᠰᠦ ᠪᠣᠷᠳᠤᠭ᠎ᠠ ᠶᠢ ᠬᠤᠳᠠᠯᠳᠤᠨ ᠠᠪᠴᠤ ᠰᠢᠯᠵᠢᠭᠦᠯᠦᠨ ᠲᠡᠭᠡᠭᠡᠪᠦᠷᠢᠯᠡᠵᠦ | ᠨᠥᠭᠡᠴᠡᠯᠡᠬᠦ ᠴᠡᠭ ᠢ ᠪᠠᠶᠢᠭᠤᠯᠵᠤ᠂ ᠮᠠᠯᠵᠢᠬᠤ ᠡᠷᠦᠬᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠨᠢᠭᠡᠳᠦᠯᠲᠡᠢ | ᠬᠤᠪᠢᠶᠠᠷᠢᠯᠠᠵᠦ ᠨᠦᠬᠦᠪᠦᠷᠢ ᠤᠯᠭᠤᠬᠤ ᠳᠤ ᠪᠠᠲᠤᠯᠠᠭ᠎ᠠ ᠬᠠᠩᠭᠠᠵᠦ ᠪᠠᠶᠢᠨ᠎ᠠ᠃ | ᠣᠶᠢᠯᠠᠭᠠᠭᠰᠠᠨ ᠢᠶᠠᠷ᠂ ᠰᠥᠨᠢᠳ ᠵᠡᠭᠦᠨ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠪᠡᠯ᠂ ᠪᠥᠬᠦ | ᠬᠤᠰᠢᠭᠤᠨ ᠤ ᠮᠠᠯᠵᠢᠬᠤ ᠡᠷᠦᠬᠡ ᠮᠠᠯ ᠰᠦᠷᠦᠭ ᠢᠶᠠᠨ ᠮᠡᠨᠲᠤ ᠤᠨᠲᠤᠷᠤᠭᠤᠯᠬᠤ ᠳᠤ 14 ᠲᠦᠮᠡᠨ ᠲᠣᠨ ᠭᠠᠷᠤᠢ | ᠡᠪᠡᠰᠦ ᠪᠣᠷᠳᠤᠭ᠎ᠠ ᠨᠥᠭᠡᠴᠡᠯᠡᠬᠦ ᠴᠢᠬᠤᠯᠠᠲᠠᠢ ᠪᠠᠶᠢᠵᠦ᠂ ᠤᠳᠤᠬᠠᠨ ᠪᠣᠯᠲᠠᠯ᠎ᠠ ᠨᠢᠭᠡᠨᠲᠡ 13.7 ᠲᠦᠮᠡᠨ ᠲᠣᠨ | ᠡᠪᠡᠰᠦ ᠪᠤᠷᠳᠤᠭ᠎ᠠ ᠨᠥᠭᠡᠴᠡᠯᠡᠵᠦ᠂ ᠡᠭᠦᠨ ᠳᠤ ᠪᠠᠶᠢᠭᠠᠯᠢ ᠶᠢᠨ ᠬᠠᠳᠤᠯᠠᠩ ᠤᠨ ᠡᠪᠡᠰᠦ 0.62 ᠲᠦᠮᠡᠨ ᠲᠣᠨ᠂ | ᠬᠥᠬᠡ ᠳᠠᠷᠤᠰᠢ 3.9 ᠲᠦᠮᠡᠨ ᠲᠣᠨ᠂ ᠬᠠᠭᠤᠴᠢᠨ ᠡᠪᠡᠰᠦ 0.14 ᠲᠦᠮᠡᠨ ᠲᠣᠨ ᠨᠥᠭᠡᠴᠡᠯᠡᠵᠦ᠂ | ᠭᠠᠳᠠᠨ᠎ᠠ ᠠᠴᠠ 9.04 ᠲᠦᠮᠡᠨ ᠲᠣᠨ ᠡᠪᠡᠰᠦ ᠪᠣᠷᠳᠤᠭ᠎ᠠ ᠶᠢ ᠰᠢᠯᠵᠢᠭᠦᠯᠦᠨ ᠵᠥᠭᠡᠭᠡᠪᠦᠷᠢᠯᠡᠵᠦ ᠠᠪᠴᠢᠷᠠᠪᠠ᠃ | |