︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢ ᠢᠲᠡᠪᠬᠢᠲᠡᠢ ᠥᠷᠨᠢᠬᠦᠯᠵᠥ ᠬᠥᠪᠡᠭᠡᠲᠥ ᠰᠢᠷ᠎ᠠ ᠬᠤᠰᠢᠭᠤ ᠤᠯᠠᠨ ᠲᠥᠮᠡᠨ ᠳᠤ ᠥᠨᠡᠨ ᠪᠤᠲᠠᠲᠠᠢ ᠠᠰᠢᠭ ᠬᠥᠷᠲᠡᠭᠡᠨ᠎ᠠ
ᠨᠡᠶᠢᠲᠡᠯᠡᠭᠰᠡᠨ ᠴᠠᠭ᠄
2024/12/11
     ᠤᠯᠤᠰ ᠠᠴᠠ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠭᠡᠷᠡᠭᠵᠢᠭᠦᠯᠬᠦ ᠶᠢ ᠳᠠᠭᠠᠯᠳᠤᠨ᠂ ᠬᠥᠪᠡᠭᠡᠲᠥ ᠰᠢᠷ᠎ᠠ ᠬᠤᠰᠢᠭᠤᠨ ᠳᠤ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠤᠯᠢᠵᠤ ᠭᠡᠷ ᠤᠨ ᠴᠠᠬᠢᠯᠭᠠᠨ ᠬᠡᠷᠡᠭᠰᠡᠯ ᠬᠤᠳᠠᠯᠳᠣᠨ ᠠᠪᠬᠤ ᠬᠠᠯᠠᠭᠤᠨ ᠥᠷᠨᠢᠯᠲᠡ ᠭᠠᠷᠴᠤ᠂ ᠬᠡᠷᠡᠭᠯᠡᠭᠴᠢᠳ ᠡᠨᠡᠬᠦ ᠲᠥᠷᠥ ᠶᠢᠨ ᠪᠤᠲᠤᠯᠭ᠎ᠠ ᠠᠴᠠ ᠠᠰᠢᠭ ᠬᠥᠷᠲᠡᠵᠥ ᠪᠠᠶᠢᠨ᠎ᠠ᠃      ᠲᠤᠰ ᠬᠤᠰᠢᠭᠤᠨ ᠤ ᠬᠠᠶ ᠡᠯ ᠬᠡᠷ ᠤᠨ ᠴᠠᠬᠢᠯᠭᠠᠨ ᠬᠡᠷᠡᠭᠰᠡᠯ ᠤᠨ ᠲᠤᠰᠬᠠᠶ ᠳᠡᠯᠭᠡᠭᠦᠷ᠂ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ ᠤᠨ ᠳᠡᠯᠭᠡᠭᠦᠷ᠂ ᠴᠠᠩ ᠬᠤᠩ ᠬᠡᠷ ᠤᠨ ᠴᠠᠬᠢᠯᠭᠠᠨ ᠬᠡᠷᠡᠭᠰᠡᠯ ᠤᠨ ᠳᠡᠯᠭᠡᠭᠦᠷ ᠲᠤ ᠬᠡᠷᠡᠭᠯᠡᠭᠴᠢᠳ ᠡᠩ ᠤᠨ ᠴᠠᠭ ᠠᠴᠠ ᠮᠡᠳᠡᠭᠳᠡᠮ᠎ᠡ ᠤᠯᠠᠰᠢᠷᠠᠵᠤ᠂ ᠠᠷᠠᠯᠵᠢᠶ᠎ᠠ ᠬᠦᠭᠵᠢᠶᠡᠨ ᠲᠠᠢ ᠪᠠᠶᠢᠯ᠎ᠠ᠃ ᠲᠡᠯᠭᠡᠭᠦᠷ ᠤᠨ ᠠᠵᠢᠯᠲᠠᠨ ᠠᠴᠠ ᠬᠡᠷᠡᠭᠯᠡᠭᠴᠢᠳ ᠲᠤ ᠭᠡᠷ ᠤᠨ ᠴᠠᠬᠢᠯᠭᠠᠨ ᠬᠡᠷᠡᠭᠰᠡᠯ ᠢ ᠲᠠᠶᠢᠯᠪᠤᠷᠢᠯᠠᠨ ᠥᠭᠬᠦ ᠶᠢᠨ ᠬᠠᠮᠲᠤ ᠲᠤᠰ ᠤᠳᠠᠭᠠᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠦᠷᠦ ᠶᠢᠨ ᠪᠤᠳᠤᠯᠭ᠎ᠠ ᠶᠢ ᠲᠠᠨᠢᠯᠴᠠᠭᠤᠯᠤᠨ᠎ᠠ᠃ ︽ᠪᠢ ᠥᠨᠥᠳᠦᠷ ᠬᠦᠯᠳᠡᠭᠡᠭᠦᠷ ᠦᠵᠡᠬᠦ ᠪᠠᠷ ᠢᠷᠡᠭᠰᠡᠨ᠂ ᠮᠠᠨ ᠤ ᠬᠦᠯᠳᠡᠭᠡᠭᠦᠷ ᠬᠡᠷᠡᠭᠯᠡᠭᠰᠡᠨ ᠴᠠᠭ ᠨᠢ ᠤᠷᠲᠤ ᠪᠥᠭᠡᠳ ᠬᠡᠮᠵᠢᠶ᠎ᠡ ᠨᠢ ᠪᠠᠭ᠎ᠠ ᠲᠤᠯᠠ ᠰᠢᠨ᠎ᠡ ᠶᠢ ᠠᠪᠬᠤ ᠰᠠᠨᠠᠭᠠᠲᠠᠢ᠃ ᠮᠢᠨᠦ ᠰᠣᠩᠭᠤᠭᠰᠠᠨ ᠬᠦᠯᠳᠡᠭᠡᠭᠦᠷ ᠤᠨ ᠤᠤᠯ ᠦᠨ᠎ᠡ ᠨᠢ 2000 ᠲᠦᠭᠦᠷᠢᠭ᠂ ᠲᠦᠷᠥ ᠶᠢᠨ ᠪᠤᠳᠣᠯᠭ᠎ᠠ ᠶᠢᠨ ᠬᠠᠷᠠᠭᠠᠯᠵᠠᠯ ᠢᠶᠠᠷ ᠲᠠᠮᠵᠢᠭᠠᠳ 1600 ᠲᠦᠭᠦᠷᠢᠭ ᠢᠶᠠᠷ ᠬᠤᠳᠠᠯᠳᠣᠨ ᠠᠪᠤᠯ᠎ᠠ︾ ᠭᠡᠵᠤ ᠬᠡᠷᠡᠭᠯᠡᠭᠴᠢ ᠲᠤᠶᠠᠭ᠎ᠠ ᠶᠠᠷᠢᠯ᠎ᠠ᠃      ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠨᠢ ᠬᠡᠷᠡᠭᠯᠡᠭᠡᠨ ᠤ ᠢᠳᠡᠪᠬᠢᠵᠢᠯ ᠢ ᠬᠥᠭᠵᠢᠭᠡᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠳᠠᠶᠢᠴᠢᠯᠠᠵᠠᠢ᠃ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭᠠᠨ ᠤ ᠲᠠᠰᠤᠷᠠᠯᠲᠠ ᠦᠭᠡᠶ ᠥᠷᠨᠢᠬᠦ ᠶᠢ ᠳᠠᠭᠠᠯᠳᠤᠨ ᠤᠯᠠᠮ ᠤᠯᠠᠨ ᠬᠡᠷᠡᠭᠯᠡᠭᠴᠢᠳ ᠪᠣᠳᠠᠲᠤ ᠠᠰᠢᠭ ᠭᠥᠷᠳᠡᠭᠰᠡᠨ ᠪᠥᠭᠡᠳ ᠬᠤᠳᠠᠯᠳᠤᠭᠠᠴᠢᠳ ᠤᠨ ᠪᠣᠷᠣᠯᠠᠭᠤᠯᠭ᠎ᠠ ᠶᠢᠨ ᠨᠣᠷᠮ᠎ᠠ ᠴᠤ ᠳᠡᠭᠡᠭᠰᠢᠯᠡᠭᠰᠡᠨ ᠪᠠᠶᠢᠨ᠎ᠠ᠃ ︽ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠠᠴᠠ ᠨᠠᠭᠠᠰᠢ᠂ ᠮᠠᠨ ᠤ ᠳᠡᠯᠭᠡᠭᠦᠷ ᠤᠨ ᠪᠣᠷᠣᠯᠠᠭᠤᠯᠭ᠎ᠠ ᠶᠢᠨ ᠬᠡᠮᠵᠢᠶ᠎ᠡ ᠮᠡᠲᠡᠭᠲᠡᠮ᠎ᠠ ᠳᠡᠭᠡᠭᠰᠢᠯᠡᠵᠥ᠂ ᠲᠦᠷᠦᠭᠦᠤ ᠨᠢᠭᠡ ᠰᠠᠷ᠎ᠠ ᠳᠤ 20 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠵᠦ ᠪᠠᠶᠢᠭᠰᠠᠨ ᠪᠣᠯ ᠣᠲᠣ ᠪᠠᠷᠤᠭ 50% ᠪᠠᠷ ᠨᠡᠮᠡᠭᠲᠡᠪᠡ᠃ ᠡᠭᠦᠨ ᠤ ᠬᠠᠮᠲᠤ ᠬᠡᠷᠡᠭᠯᠡᠭᠴᠢᠳ ᠲᠤ ᠣᠯᠭᠤᠬᠤ ᠠᠰᠢᠭ ᠴᠤ ᠣᠨᠴᠠᠭᠠᠶ ᠶᠡᠭᠡ᠂ ᠵᠢᠱᠢᠶᠡᠯᠡᠪᠡᠯ ᠥᠩᠭᠡᠷᠡᠭᠰᠡᠨ ᠳᠤ ᠬᠡᠷᠡᠭᠯᠡᠭᠴᠢᠳ ᠤᠨ ᠬᠡᠷ ᠤᠨ ᠴᠠᠬᠢᠯᠭᠠᠨ ᠬᠡᠷᠡᠭᠰᠡᠯ ᠨᠢ ᠡᠪᠳᠡᠷᠡᠭᠰᠡᠨ ᠪᠠᠶᠢᠳᠠᠯ ᠳᠤ᠂ ᠵᠥᠪᠬᠡᠨ ᠤᠤᠯ ᠦᠨ᠎ᠡ ᠪᠠᠷ ᠰᠢᠨ᠎ᠡ ᠶᠢ ᠬᠤᠳᠠᠯᠳᠤᠨ ᠠᠪᠴᠤ ᠪᠠᠶᠢᠭᠰᠠᠨ ᠪᠤᠯ ᠣᠲᠣ ︿ᠬᠠᠭᠤᠴᠢᠨ ᠢᠶᠠᠷ ᠰᠢᠨ᠎ᠡ ᠶᠢ ᠰᠣᠯᠢᠬᠤ﹀ ᠲᠥᠷᠥ ᠶᠢᠨ ᠪᠣᠳᠣᠯᠭ᠎ᠠ ᠪᠠᠷ ᠳᠡᠮᠵᠢᠨ ᠬᠢᠮᠳᠠᠷᠠᠯ ᠲᠠᠢ ᠪᠠᠷ ᠠᠪᠬᠤ ᠪᠤᠯᠤᠭᠰᠠᠨ︾ ᠭᠡᠵᠤ ᠲᠤᠰ ᠬᠤᠰᠢᠭᠤᠨ ᠤ ᠬᠠᠶ ᠡᠯ ᠲᠤᠰᠬᠠᠶ ᠳᠡᠯᠭᠡᠭᠦᠷ ᠤᠨ ᠬᠠᠷᠢᠭᠤᠴᠠᠯᠭᠠᠲᠠᠨ ᠯᠢ ᠰᠢ ᠲᠠᠨᠢᠯᠴᠠᠭᠤᠯᠪᠠ᠃ ᠬᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠨᠢ ᠬᠡᠷᠡᠭᠯᠡᠭᠴᠢᠳ ᠤᠨ ᠬᠦᠯᠳᠡᠭᠡᠬᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠺᠣᠮᠫᠢᠦ᠋ᠲ᠋ᠧᠷ ᠵᠡᠷᠭᠡ 15 ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ ᠨᠥᠬᠦᠪᠥᠷᠢ ᠤᠯᠭᠤᠵᠤ᠂ ᠡᠭᠦᠨ ᠳᠤ ᠬᠤᠶᠠᠳᠤᠭᠠᠷ ᠳᠡᠰ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠥᠬᠦᠶ ᠬᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ ᠳᠤ ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 15% ᠳᠤ ᠬᠦᠷᠦᠨ᠎ᠡ᠃ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠥᠬᠦᠶ ᠬᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ ᠳᠤ᠂ ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 20% ᠪᠠᠷ ᠬᠢᠮᠳᠠᠷᠠᠯ ᠦᠵᠡᠬᠦᠯᠵᠥ ᠪᠤᠢ᠃ ᠲᠣᠰ ᠤᠳᠠᠭᠠᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠨᠢ ᠡᠨᠡ ᠵᠢᠯ ᠤᠨ 9 ᠰᠠᠷ᠎ᠠ ᠶᠢᠨ 29 — 12 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠵᠤ᠂ ᠠᠵᠢᠯᠯᠠᠭᠠᠨ ᠤ ᠬᠤᠭᠤᠴᠠᠭᠠᠨ ᠳᠤ᠂ ᠬᠡᠷᠡᠭᠯᠡᠭᠴᠢᠳ ᠪᠠᠩᠬᠢ ᠶᠢᠨ ᠬᠤᠯᠪᠣᠭᠠᠨ ᠤ ︽ᠲᠦᠷᠭᠡᠨ ᠳᠥᠯᠥᠬᠦ ᠲᠠᠪᠴᠠᠩ︾ ᠳᠤ ᠬᠠᠮᠢᠶ᠎ᠠ ᠪᠥᠬᠦᠢ ᠰᠤᠷᠠᠭ ᠵᠠᠩᠭᠢ ᠪᠠᠨ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠨᠥᠬᠦᠪᠥᠷᠢ ᠶᠢᠨ ᠦᠨᠡᠮᠯᠡᠯ ᠢᠶᠠᠨ ᠠᠪᠴᠤ ᠬᠡᠷᠡᠭᠯᠡᠭᠡ ᠬᠢᠵᠦ ᠪᠣᠯᠤᠨ᠎ᠠ᠃ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠤᠷ᠎ᠠ᠂ ᠨᠡᠩ ᠤᠯᠠᠨ ᠡᠷᠥᠭᠡ ᠤᠶᠤᠨᠴᠢ᠂ ᠡᠨᠧᠷᠭᠢ ᠳᠤ ᠠᠷᠪᠢᠲᠠᠢ ᠬᠡᠷ ᠤᠨ ᠴᠠᠬᠢᠯᠭᠠᠨ ᠬᠡᠷᠡᠭᠰᠡᠯ ᠠᠪᠴᠥ᠂ ᠦᠨᠡᠨ ᠪᠣᠳᠠᠲᠠᠶ ᠬᠠᠷᠠᠭᠠᠯᠵᠠᠯ ᠬᠦᠷᠲᠡᠬᠦ ᠶᠢᠨ ᠵᠡᠷᠭᠡᠪᠡᠷ ᠪᠥᠬᠦ ᠬᠤᠰᠢᠭᠤᠨ ᠤ ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号