ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 12 | ᠰᠠᠷ᠎ᠠ ᠶᠢᠨ 2 ᠤᠨ ᠡᠳᠦᠷ ᠠᠴᠠ ᠡᠬᠢᠯᠡᠨ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠪᠥᠬᠦ ᠤᠯᠤᠰ ᠲᠤ | ᠡᠯᠧᠺᠲᠷᠤᠨᠴᠢᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠪᠣᠶ ᠪᠥᠬᠦᠶ ᠲᠡᠷᠭᠡᠨ ᠤ ᠡᠵᠡᠨ ᠴᠥᠮ | ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠳᠠᠮᠵᠢᠭᠤᠯᠤᠨ ᠡᠯᠧᠺᠲᠷᠣᠨ ᠠᠶᠠᠯᠠᠯ ᠤᠨ | ᠦᠨᠡᠮᠯᠡᠯ ᠭᠤᠶᠤᠴᠢᠯᠠᠨ ᠠᠪᠴᠤ ᠪᠣᠯᠤᠨ᠎ᠠ᠃ᠡᠨᠡ ᠵᠢᠯ ᠤᠨ 7 ᠰᠠᠷ᠎ᠠ ᠶᠢᠨ 1 ᠤ ᠡᠳᠦᠷ᠂ ᠳᠣᠲᠣᠭᠠᠳᠤ ᠶᠢ | ᠬᠠᠮᠠᠭᠠᠯᠠᠬᠤ ᠶᠠᠮᠤᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠣᠲᠣᠭᠠᠳᠤ ᠶᠢ | ᠬᠠᠮᠠᠭᠠᠯᠠᠬᠤ 8 ᠵᠤᠶᠢᠯ ᠤᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ | ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠤᠯᠤᠰ ᠲᠤ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ | ᠡᠯᠧᠺᠲᠷᠤᠨᠴᠢᠯᠠᠨ ᠬᠡᠷᠡᠭᠯᠡᠬᠦ ᠶᠢ ᠪᠦᠯᠦᠭ ᠬᠤᠪᠢᠶᠠᠨ ᠳᠡᠯᠭᠡᠷᠡᠭᠦᠯᠪᠡ᠃ ᠣᠳᠣᠬᠠᠨ ᠪᠣᠯᠲᠠᠯ᠎ᠠ ᠨᠢᠭᠡᠨᠲᠡ 8600 | ᠭᠠᠷᠤᠶ ᠲᠦᠮᠡᠨ ᠲᠡᠷᠭᠡᠨ ᠤ ᠡᠵᠡᠨ ᠳᠤ ᠡᠯᠧᠺᠲᠷᠣᠨ ᠠᠶᠠᠯᠠᠯ ᠤᠨ ᠦᠨᠡᠮᠯᠡᠯ ᠣᠯᠭᠤᠵᠤ᠂ ᠰᠦᠯᠵᠢᠶᠡᠨ ᠳᠡᠭᠡᠷ᠎ᠡ ︽ | ᠦᠨᠡᠮᠯᠡᠯ ᠢᠶᠠᠨ ᠦᠵᠡᠭᠦᠯᠬᠦ︾ ︽ᠺᠣᠳ᠋ ᠢᠶᠠᠨ ᠦᠵᠡᠭᠦᠯᠬᠦ︾ ᠤᠶᠢᠯᠡᠴᠢᠯᠡᠭᠡ ᠬᠠᠩᠭᠠᠪᠠ᠃ ᠣᠶᠢᠯᠠᠭᠠᠭᠰᠠᠨ ᠢᠶᠠᠷ᠂ | 8 ᠵᠤᠶᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ | ᠨᠡᠶᠢᠲᠡᠯᠡᠭᠰᠡᠨ ᠠᠴᠠ ᠨᠠᠰᠢ ᠨᠢᠭᠡᠨᠲᠡ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ | ᠲᠦᠮᠡᠨ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠭᠠᠷᠤᠶ ᠲᠥᠭᠦᠷᠢᠭ ᠬᠥᠩᠭᠡᠷᠡᠭᠦᠯᠵᠡᠶ᠃ | |