ᠳᠥᠷᠪᠡᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠬᠦᠳᠡᠭᠡ ᠠᠵᠤ ᠠᠬᠤᠢ ᠶᠢᠨ ᠳᠠᠭᠠᠳᠬᠠᠯ ᠤᠨ ᠨᠠᠷᠢᠯᠢᠭ ᠣᠨᠣᠴᠠᠲᠠᠶ ᠪᠠᠷ ᠳᠠᠭᠠᠳᠬᠠᠯ ᠳᠤ ᠣᠷᠣᠵᠤ ᠲᠥᠯᠥᠪᠦᠷᠢ ᠥᠭᠬᠦ ᠶᠢ ᠠᠬᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2024/12/11
     ᠰᠤᠷᠪᠤᠯᠵᠢᠯᠠᠭᠴᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠣᠶᠢᠷ᠎ᠠ ᠳᠤ ︽ᠬᠦᠳᠡᠭᠡ ᠠᠵᠤ ᠠᠬᠤᠢ ᠶᠢᠨ ᠳᠠᠭᠠᠳᠬᠠᠯ ᠤᠨ ᠨᠠᠷᠢᠯᠢᠭ ᠣᠨᠣᠴᠠᠲᠠᠶ ᠪᠠᠷ ᠳᠠᠭᠠᠳᠬᠠᠯ ᠳᠤ ᠣᠷᠣᠵᠤ ᠲᠥᠯᠥᠪᠦᠷᠢ ᠥᠭᠬᠦ ᠵᠡᠷᠭᠡ ᠬᠤᠯᠪᠣᠭᠳᠠᠯ ᠪᠥᠬᠦᠶ ᠵᠦᠶᠯᠡᠰ ᠢ ᠠᠬᠢᠭᠤᠯᠬᠤ ᠲᠤᠬᠠᠶ ᠮᠡᠳᠡᠭᠳᠡᠯ︾ ᠨᠡᠶᠢᠲᠡᠯᠡᠵᠦ᠂ ᠬᠦᠳᠡᠭᠡ ᠠᠵᠤ ᠠᠬᠤᠢ ᠶᠢᠨ ᠳᠠᠭᠠᠳᠬᠠᠯ ᠤᠨ ᠳᠠᠭᠠᠭᠠᠴᠢᠯᠠᠯᠳᠠ᠂ ᠲᠥᠯᠥᠪᠦᠷᠢ ᠥᠭᠬᠦ᠂ ᠬᠤᠷᠢᠶᠠᠬᠤ ᠶᠣᠰᠣᠲᠠᠶ ᠳᠠᠭᠠᠳᠬᠠᠯ ᠤᠨ ᠰᠦᠶᠳᠬᠡᠯ ᠤᠨ ᠬᠠᠮᠢᠶᠠᠷᠤᠯᠲᠠ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠲᠣᠳᠣᠷᠬᠠᠶ ᠠᠵᠢᠯ ᠤᠨ ᠱᠠᠭᠠᠷᠳᠠᠯᠭ᠎ᠠ ᠳᠤᠷᠠᠳᠴᠤ᠂ ᠲᠠᠷᠢᠶᠠᠴᠢᠨ ᠡᠷᠦᠬᠡ ᠶᠢᠨ ᠡᠷᠬᠡ ᠠᠰᠢᠭ ᠢ ᠨᠠᠩ ᠰᠠᠶᠢᠲᠤᠷ ᠪᠠᠲᠤᠯᠠᠨ᠎ᠠ ᠬᠡᠪᠠ᠃ᠮᠡᠳᠡᠭᠳᠡᠯ ᠳᠤ᠂ ᠳᠠᠭᠠᠳᠬᠠᠯ ᠤᠨ ᠺᠣᠮᠫᠠᠨᠢ ᠨᠢ ᠳᠠᠭᠠᠭᠠᠴᠢᠯᠠᠯᠲᠠ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷᠲᠠᠶ ᠬᠠᠮᠢᠶᠠᠷᠤᠯᠲᠠ ᠪᠠᠨ ᠴᠢᠩᠭᠠᠳᠬᠠᠵᠤ ᠬᠠᠮᠲᠤ ᠶᠢᠨ ᠲᠥᠷᠥᠯ ᠤᠨ ᠲᠤᠬᠠᠶᠢᠯᠠᠭᠰᠠᠨ ᠠᠵᠢᠯ ᠪᠠ ᠬᠡᠪᠴᠢᠶᠡᠲᠦ ᠡᠵᠡᠩᠨᠡᠯᠲᠡ ᠶᠢᠨ ᠪᠡᠶᠡᠴᠢ ᠴᠣᠭᠴᠠ ᠶᠢᠨ ᠲᠥᠷᠥᠯ ᠤᠨ ᠲᠤᠬᠠᠶᠢᠯᠠᠭᠰᠠᠨ ᠠᠵᠢᠯ ᠤᠨ ᠲᠤᠬᠠᠢ ᠲᠣᠰ ᠲᠣᠰ ᠪᠠᠷᠢᠮᠵᠢᠶ᠎ᠠ ᠶᠢ ᠰᠢᠯᠭᠠᠬᠤ ᠱᠠᠭᠠᠷᠳᠠᠯᠭ᠎ᠠ ᠭᠠᠷᠭᠠᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ ᠪᠠᠰᠠ ᠲᠥᠯᠥᠪᠦᠷᠢ ᠥᠭᠬᠦ ᠲᠣᠭᠲᠠᠴᠠ ᠪᠣᠯᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠦᠳᠡᠭᠡ ᠠᠵᠤ ᠠᠬᠤᠢ ᠬᠥᠳᠡᠭᠡ ᠲᠣᠰᠬᠤᠨ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠨᠢ ᠴᠢᠬᠤᠯᠠ ᠳᠠᠭᠠᠳᠬᠠᠯ ᠤᠨ ᠬᠠᠷᠠᠯᠲᠠ ᠶᠢᠨ ᠬᠤᠬᠢᠷᠠᠯ ᠢ ᠬᠢᠨᠠᠨ ᠲᠣᠭᠲᠠᠭᠠᠬᠤ ᠮᠡᠷᠭᠡᠵᠢᠯ ᠤᠨ ᠵᠢᠷᠤᠮᠵᠢᠯ ᠢᠶᠠᠨ ᠴᠠᠭ ᠲᠤᠬᠠᠶ ᠳᠤᠨᠢ ᠰᠢᠨᠡᠳᠬᠡᠵᠦ᠂ ᠬᠤᠬᠢᠷᠠᠯ ᠢ ᠲᠣᠭᠲᠠᠭᠠᠬᠤ ᠨᠡᠶᠢᠲᠡ ᠶᠢᠨ ᠢᠲᠡᠭᠡᠮᠵᠢ ᠶᠢᠨ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃      ᠮᠡᠳᠡᠭᠳᠡᠯ ᠳᠤ᠂ ᠲᠥᠯᠥᠪᠦᠷᠢ ᠥᠭᠬᠦ ᠦ‍‌ᠵᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠭᠠᠵᠠᠷ ᠤᠨ ᠬᠢᠨ ᠤ ᠬᠦᠳᠡᠭᠡ ᠠᠵᠤ ᠠᠬᠤᠢ ᠶᠢᠨ ᠳᠠᠭᠠᠳᠬᠠᠯ ᠤᠨ ᠤᠷᠢᠳᠴᠢᠯᠠᠨ ᠳᠥᠯᠥᠬᠦ ᠲᠣᠭᠲᠠᠴᠠ ᠪᠠᠶᠢᠭᠤᠯᠬᠤ ᠶᠢ ᠳᠡᠮᠵᠢᠵᠦ᠂ ᠳᠠᠭᠠᠳᠬᠠᠯ ᠤᠨ ᠺᠣᠮᠫᠠᠨᠢ ᠶᠢᠨ ᠤᠷᠢᠳᠴᠢᠯᠠᠨ ᠳᠥᠯᠥᠬᠦ ᠬᠠᠷᠢᠴᠠᠯ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠶ᠃ ᠡᠭᠦᠨ ᠤ ᠬᠠᠮᠲᠤ ᠬᠤᠷᠢᠶᠠᠬᠤ ᠶᠣᠰᠣᠲᠠᠶ ᠳᠠᠭᠠᠳᠬᠠᠯ ᠤᠨ ᠰᠦ‍‌ᠵᠳᠬᠡᠯ ᠤᠨ ᠬᠠᠮᠢᠶᠠᠷᠤᠯᠲᠠ ᠶᠢ ᠴᠢᠩᠳᠠᠯᠠᠵᠤ᠂ ᠨᠥᠬᠦᠴᠡᠯ ᠲᠠᠢ ᠮᠤᠵᠢ ᠨᠢ ᠡᠯ᠎ᠡ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠠᠭᠠᠳᠬᠠᠯ ᠤᠨ ᠺᠣᠮᠫᠠᠨᠢ ᠶᠢᠨ ᠮᠤᠵᠢ ᠶᠢᠨ ᠱᠠᠲᠤᠨ ᠤ ᠬᠤᠪᠢᠶᠠᠷᠢ ᠺᠣᠮᠫᠠᠨᠢ ᠲᠠᠢ ᠲᠡᠰᠦᠯᠦᠨ ᠪᠤᠳᠤᠬᠤ ᠵᠠᠭᠪᠤᠷ ᠢ ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ ᠲᠠᠯ᠎ᠠ ᠪᠠᠷ᠂ ᠮᠡᠳᠡᠭᠳᠡᠯ ᠳᠤ᠂ ᠡᠯ᠎ᠡ ᠭᠠᠵᠠᠷ ᠤᠨ ᠡᠳ᠋ ᠤᠨ ᠵᠠᠰᠠᠭ᠂ ᠬᠥᠳᠡᠭᠡ ᠠᠵᠤ ᠠᠬᠤᠶ ᠬᠥᠳᠡᠭᠡ ᠲᠣᠰᠬᠤᠨ᠂ ᠣᠶ ᠰᠢᠭᠤᠶ ᠨᠤᠳᠤᠭ ᠪᠡᠯᠴᠢᠭᠡᠷ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢᠨ ᠳᠠᠭᠠᠭᠠᠴᠢᠯᠠᠯᠲᠠ ᠪᠠ ᠡᠷᠭᠢᠯᠲᠡ᠂ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠠᠯ᠎ᠠ ᠪᠠᠷ᠂ ᠮᠡᠳᠡᠭᠳᠡᠯ ᠳᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠡᠯ᠎ᠡ ᠱᠠᠲᠤ ᠳᠠᠪᠬᠤᠷᠭ᠎ᠠ ᠶᠢᠨ ᠳᠠᠭᠠᠳᠬᠠᠯ ᠤᠨ ᠺᠣᠮᠫᠠᠨᠢ ᠳᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠬᠢᠵᠦ᠂ ᠳᠠᠭᠠᠳᠬᠠᠯ ᠤᠨ ᠺᠣᠮᠫᠠᠨᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃      ᠮᠡᠳᠡᠭᠳᠡᠯ ᠳᠤ ᠪᠠᠰᠠ ᠡᠯ᠎ᠡ ᠭᠠᠵᠠᠷ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠬᠦᠳᠡᠭᠡ ᠠᠵᠤ ᠠᠬᠤᠢ ᠬᠥᠳᠡᠭᠡ ᠲᠣᠰᠬᠤᠨ᠂ ᠣᠶ ᠰᠢᠭᠤᠶ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠴᠢᠬᠤᠯᠠ ᠶᠡᠭᠡ ᠠᠰᠠᠭᠤᠳᠠᠯ ᠤᠨ ᠲᠤᠬᠠᠶ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号