12 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ 2024 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠬᠦᠯᠵᠦ᠂ | ᠲᠤᠰᠬᠠᠢ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ | ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠭᠦ᠋ ᠸᠧᠢ ᠢᠦᠢ | ︽ᠴᠢᠭᠯᠡᠯ ᠢ ᠵᠥᠪ ᠡᠵᠡᠮᠳᠡᠬᠦ ᠵᠠᠷᠴᠢᠮ ᠢ ᠪᠠᠷᠢᠮᠲᠠᠯᠠᠵᠦ ᠮᠥᠩᠭᠦᠨ ᠭᠦᠢᠯᠭᠡᠭᠡᠨ ᠤ ᠰᠢᠰᠲ᠋ᠧᠮ ᠢ ᠪᠦᠷᠢᠨᠰᠢᠭᠦᠯᠦᠨ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠮᠥᠩᠭᠦᠨ ᠭᠦᠢᠯᠭᠡᠭᠡᠨ ᠤ ᠬᠦᠴᠦᠷᠬᠡᠭ | ᠤᠯᠤᠰ ᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠳᠠᠷᠠᠭ᠎ᠠ ᠨᠢ᠂ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠠ᠂ ᠠᠶᠢᠮᠠᠭ ᠤᠨ ᠤᠳᠤᠷᠢᠳᠤᠯᠭ᠎ᠠ ᠯᠥᠸᠧ ᠴᠢᠩ᠂ ᠵᠤᠤ ᠬᠤᠢ᠂ | ᠵᠠᠩ ᠢ᠂ ᠯᠢ ᠵᠢᠶᠦ᠋ᠨ ᠬᠠᠢ ᠰᠠᠨᠠᠯ ᠢᠶᠠᠨ ᠰᠤᠯᠢᠯᠴᠠᠬᠤ ᠦᠬᠡ ᠬᠡᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ | ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠤᠰᠤᠳ ᠪᠦᠷᠢᠯᠳᠦᠭᠦᠨ ᠪᠢᠴᠢᠭ ᠤᠨ ᠬᠡᠯᠪᠡᠷᠢ ᠶᠢᠨ ᠶᠠᠷᠢᠶᠠᠨ ᠤ | ᠮᠠᠲ᠋ᠧᠷᠢᠶᠠᠯ ᠢᠶᠠᠨ ᠲᠤᠰᠢᠶᠠᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢᠨ ᠪᠣᠳᠠᠲᠠᠢ ᠲᠠᠢ | ᠤᠶᠠᠯᠳᠤᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠬᠠᠩᠭᠠᠯᠭ᠎ᠠ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠪᠠ ᠭᠤᠣᠯᠳᠠᠯᠭ᠎ᠠ ᠲᠠᠢ ᠠᠵᠤ | ᠠᠬᠤᠶᠢᠯᠠᠯ ᠤᠨ ᠪᠡᠯᠡ ᠮᠥᠩᠭᠦᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠠ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠪᠠ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ᠂ ᠮᠠᠯᠵᠢᠬᠤ ᠲᠠᠷᠢᠶᠠᠯᠠᠬᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠵᠡᠷᠭᠡ ᠶᠢᠨ ᠪᠡᠯᠡ ᠮᠥᠩᠭᠦᠨ ᠤ | ᠬᠡᠷᠡᠭᠴᠡᠭᠡ ᠶᠢ ᠪᠥᠬᠦ ᠬᠦᠴᠦᠨ ᠢᠶᠠᠷ ᠰᠶᠢᠳᠪᠦᠷᠢᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠶᠠᠰᠦ ᠴᠢᠨᠠᠷ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ | ᠭᠡᠬᠦ ᠡᠨᠡ ᠬᠦ ︽ᠵᠠᠩᠭᠢᠯᠠᠭ᠎ᠠ ᠶᠢᠨ ᠠᠷᠭ᠎ᠠ︾ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠨ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠵᠡᠷᠭᠡ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠶᠢᠨ | ᠣᠷᠴᠢᠨ ᠲᠣᠭᠤᠷᠢᠨ ᠪᠣᠯᠣᠨ ᠮᠥᠩᠭᠦᠨ ᠭᠦᠢᠯᠭᠡᠭᠡᠨ ᠤ ᠠᠮᠢ ᠠᠬᠤᠢ ᠣᠷᠴᠢᠨ ᠲᠣᠭᠤᠷᠢᠨ ᠢ ᠪᠤᠢ ᠪᠣᠯᠭᠠᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ︽ᠨᠢᠭᠡ | ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠵᠢᠯ ᠤᠨ ᠨᠢᠭᠡᠳᠦᠯᠲᠡᠢ | ᠲᠥᠯᠦᠪᠵᠢᠭᠦᠯᠭᠡ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠥᠬᠦ ᠠᠶᠢᠮᠠᠭ ᠤᠨ | ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠠᠢ᠃ | |