ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠠᠩᠬᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠤᠳᠤᠷᠢᠳᠬᠤ ᠪᠠᠶᠢᠭᠤᠯᠤᠮᠵᠢ ᠶᠢ ᠰᠤᠩᠭᠤᠨ ᠭᠠᠷᠭᠠᠪᠠ
ᠨᠡᠶᠢᠲᠡᠯᠡᠭᠰᠡᠨ ᠴᠠᠭ᠄
2024/2/24
     2 ᠰᠠᠷ᠎ᠠ ᠶᠢᠨ 23᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠬᠤᠷᠢᠶ᠎ᠠ ᠨᠠᠮ ᠤᠨ ᠭᠡᠰᠢᠬᠦᠳ ᠤᠨ ᠶᠡᠭᠡ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠠᠩᠬᠠᠳᠤᠭᠠᠷ ᠬᠤᠭᠤᠴᠠᠭᠠᠨ ᠤ ᠬᠤᠷᠢᠶ᠎ᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠪᠠ᠃ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠬᠠᠮ ᠵᠠᠭᠤᠴᠢᠯᠠᠭᠤᠷ ᠤᠨ ᠲᠦᠪ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠥᠬᠦ ᠨᠠᠮ ᠤᠨ ᠭᠡᠰᠢᠭᠦᠨ ᠬᠤᠷᠠᠯ ᠳᠤ ᠣᠷᠣᠯᠴᠠᠵᠠᠢ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠬᠤᠷᠢᠶ᠎ᠠ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠣᠩᠭᠤᠭᠤᠯᠢ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠬᠤᠷᠢᠶ᠎ᠠ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠵᠢᠱᠢᠭᠳᠡᠭᠴᠢ ᠪᠡᠯᠡᠳᠬᠡᠯ ᠵᠢᠱᠢᠭᠳᠡᠭᠴᠢ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ᠎ ᠶᠢ ᠤᠩᠰᠢᠨ ᠨᠡᠶᠢᠲᠡᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠬᠤᠷᠢᠶ᠎ᠠ ᠶᠢᠨ ᠨᠠᠮ ᠤᠨ ᠭᠡᠰᠢᠭᠦᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︾ ᠪᠣᠯᠣᠨ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠵᠤ᠂ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠬᠤᠷᠢᠶ᠎ᠠ ᠶᠢᠨ 7 ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ 3 ᠭᠡᠰᠢᠭᠦᠨ ᠢ ᠰᠣᠩᠭᠤᠨ ᠭᠠᠷᠭᠠᠪᠠ᠃      2023 ᠣᠨ ᠤ 12 ᠰᠠᠷ᠎ᠠ ᠶᠢᠨ 21᠎ ᠤ ᠡᠳᠦᠷ ᠫᠠᠶᠢᠰᠠ ᠰᠡᠭᠦᠵᠦ ᠪᠠᠶᠢᠭᠤᠯᠤᠭᠳᠠᠭᠰᠠᠨ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠵᠠᠭᠤᠴᠢᠯᠠᠭᠤᠷ ᠤᠨ ᠬᠠᠮ ᠳᠠᠮᠵᠢᠭᠤᠯᠭ᠎ᠠ ᠶᠢᠨ ᠲᠠᠪᠴᠠᠩ ᠢ ᠪᠦᠬᠦ ᠬᠦᠴᠦᠨ ᠢᠶᠠᠷ ᠪᠠᠶᠢᠭᠤᠯᠵᠤ᠂ ᠵᠠᠭᠤᠴᠢᠯᠠᠭᠤᠷ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠲᠦᠴᠡ ᠪᠣᠯᠣᠨ ᠠᠵᠢᠯᠯᠠᠭᠠᠨ ᠤ ᠵᠠᠭᠪᠤᠷ ᠢ ᠲᠦᠷᠭᠡᠨ ᠴᠣᠭᠴᠠᠯᠠᠨ ᠪᠠᠶᠢᠭᠤᠯᠵᠠᠢ᠃ ᠳᠠᠷᠠᠭᠠᠴᠢ ᠶᠢᠨ ᠠᠯᠬᠤᠮ ᠳᠤ᠂ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠨ ᠡᠵᠡᠮᠰᠢᠵᠦ᠂ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠠᠩ ᠰᠢᠯᠢᠳᠡᠭ ᠦᠢᠯᠡᠴᠢᠯᠡᠭᠡ ᠪᠠᠷ ᠣᠯᠠᠨ ᠲᠦᠮᠡᠨ ᠳᠤ ᠪᠤᠶᠠᠨ ᠦᠢᠯᠡᠳᠴᠦ᠂ ᠨᠠᠩ ᠠᠷᠢᠭᠤᠨ ᠴᠢᠬᠡᠴᠢ ᠰᠤᠷᠲᠠᠯ ᠢᠶᠠᠷ ᠰᠠᠶᠢᠨ ᠳᠦᠷᠢ ᠲᠥᠷᠬᠦ ᠶᠢ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠬᠠᠷᠢᠯᠴᠠᠨ ᠦᠢᠯᠡᠳᠦᠯᠴᠡᠵᠦ ᠬᠠᠮᠲᠤ ᠪᠠᠷ ᠲᠠᠪᠰᠢᠬᠤ ᠶᠢ ᠠᠬᠢᠭᠤᠯᠵᠤ᠂ ᠪᠥᠬᠦ ᠠᠶᠢᠮᠠᠭ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠠ᠃                                                   ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号