ᠠᠶᠢᠮᠠᠭ ᠤᠨ ᠨᠠᠮ ᠤᠨ ᠬᠤᠷᠢᠶ᠎ᠠ 2024 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠵᠢᠴᠢ ᠰᠢᠯᠢ ᠶᠢᠨ ᠭᠤᠣᠯ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠭᠤᠤᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠪᠣᠯᠣᠨ ︽ᠵᠢᠷᠭᠤᠭᠠᠨ ᠢᠨᠵᠧᠨᠧᠷᠢᠩ︾ ᠎ ᠢ ᠠᠬᠢᠭᠤᠯᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/24
     2 ᠰᠠᠷ᠎ᠠ ᠶᠢᠨ 23᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠵᠢᠴᠢ ᠰᠢᠯᠢ ᠶᠢᠨ ᠭᠤᠣᠯ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠪᠣᠯᠣᠨ ︽ᠵᠢᠷᠭᠤᠭᠠᠨ ᠢᠨᠵᠧᠨᠧᠷᠢᠩ︾᠎ ᠢ ᠠᠬᠢᠭᠤᠯᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠠᠭ ᠪᠢᠳᠡᠨ ᠢ ᠬᠦᠯᠢᠶᠡᠬᠦ ᠦᠭᠡᠢ ᠭᠡᠳᠡᠭ ᠠᠵᠢᠯ ᠬᠢᠬᠦ ᠣᠷᠭᠢᠯᠤᠮ᠎ᠠ ᠰᠡᠳᠬᠢᠯᠭᠡ ᠪᠠᠷ ᠲᠣᠭᠲᠠᠭᠤᠨ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠵᠡᠷᠭᠡ ᠡᠯ᠎ᠡ ᠬᠦᠷᠢᠶᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢ ᠤᠷᠤᠭᠰᠢᠲᠠᠢ ᠡᠬᠢᠯᠡᠭᠦᠯᠬᠦ ᠶᠢ ᠠᠬᠢᠭᠤᠯᠤᠨ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ ᠰᠢᠯᠢ ᠶᠢᠨ ᠭᠤᠣᠯ ᠠᠶᠢᠮᠠᠭ ᠤᠨ ᠪᠣᠳᠠᠲᠠᠢ ᠲᠠᠢ ᠤᠶᠠᠯᠳᠤᠭᠤᠯᠤᠨ᠂ ᠡᠨᠡ ᠵᠢᠯ ᠤᠨ ᠠᠵᠢᠯ ᠤᠨ ᠭᠤᠣᠯᠳᠠᠯᠭ᠎ᠠ ᠪᠠ ᠡᠭᠦᠷᠭᠡ ᠶᠢᠨ ᠡᠬᠡ ᠲᠠᠩᠰᠠ ᠶᠢ ᠲᠣᠭᠲᠠᠭᠠᠨ ᠲᠡᠭᠦᠯᠳᠡᠷᠵᠢᠭᠦᠯᠵᠦ᠂ ᠬᠤᠯᠪᠤᠬᠳᠠᠯ ᠪᠦᠬᠦᠢ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠠᠳᠬᠤᠵᠤ᠂ ᠮᠠᠨ ᠤ ᠠᠶᠢᠮᠠᠭ ᠤᠨ ᠥᠭᠡᠷᠡᠴᠢᠯᠡᠯᠲᠡ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠪᠠ ︽ᠵᠢᠷᠭᠤᠭᠠᠨ ᠢᠨᠵᠧᠨᠧᠷᠢᠩ︾ ᠎ ᠢ ᠠᠬᠢᠭᠤᠯᠬᠤ ᠳᠤᠭᠤᠶᠢᠯᠠᠩ ᠤᠨ 7 ᠠᠵᠢᠯ ᠤᠨ ᠲᠤᠰᠬᠠᠢ ᠠᠩᠭᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠰᠡᠳᠬᠢᠮᠵᠢ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠥᠯᠥᠪᠵᠢᠭᠦᠯᠦᠨ ᠲᠡᠭᠦᠯᠳᠡᠷᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠎ ᠎ ᠢ  ᠪᠦᠬᠦ ᠬᠦᠴᠦᠨ ᠢᠶᠠᠷ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号