ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠨᠠᠷ ᠲᠦᠷᠦᠭᠦᠯᠡᠨ ︽ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/2/24
     2 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠷᠢᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠳ᠋ᠧ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠭᠦᠸᠧ ᡁᠢ ᠴᠢᠶᠠᠩ᠂ ᠸᠠᠩ ᠮᠢᠩ ᠸᠠᠩ᠂ ᠬᠠᠰᠪᠠᠶᠠᠷ᠂ ᠯᠢ ᡁᠢ ᠫᠧᠩ᠂ ᠱᠣᠤ ᠬᠠᠢ ᠰᠢᠦᠢ᠂ ᠲᠠᠪᠰᠢᠯᠳᠤ᠂ ᠱᠦ ᠭᠤᠸᠠᠩ ᠵᠢᠴᠢ ᠨᠠᠷᠢᠨ ᠪᠢᠴᠢᠭ ᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ︽ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠭᠤᠣᠯᠳᠠᠯᠭ᠎ᠠ ᠲᠠᠢ ᠠᠵᠢᠯ ᠡᠭᠦᠷᠭᠡ ᠶᠢ ᠨᠠᠶᠢᠳᠠᠪᠤᠷᠢᠵᠢᠭᠤᠯᠬᠤ ᠲᠥᠰᠥᠯ︾ ︽ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠶᠢᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠳᠦᠷᠢᠮ︾ ᠎ ᠢ ᠬᠢᠨᠠᠨ ᠵᠦᠪᠯᠡᠵᠦ ᠪᠠᠲᠤᠯᠠᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠪᠠ ᠬᠤᠷᠠᠯ ᠳᠤ ᠣᠷᠣᠯᠴᠠᠭᠰᠠᠨ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠳ ᠲᠦᠷᠦᠭᠦᠯᠡᠨ ︽ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠵᠦ᠂ ᠵᠢᠯ ᠤᠨ ᠳᠣᠲᠣᠷ᠎ᠠ ︽ᠵᠢᠷᠭᠤᠭᠠᠨ ᠨᠢᠭᠡ︾᠎ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠠ ᠭᠡᠵᠦ ᠠᠮᠠᠯᠳᠠᠪᠠ᠃ ᠲᠤᠬᠠᠶᠢᠯᠠᠪᠠᠯ᠄ ᠬᠥᠮᠥᠨ ᠪᠦᠷᠢ ᠵᠢᠯ ᠪᠤᠯᠭᠠᠨ ᠪᠥᠬᠦᠳᠡ ᠬᠤᠷᠠᠯ ᠳᠤ ᠪᠦᠬᠦ ᠶᠠᠪᠤᠴᠠ ᠪᠠᠷ ᠣᠷᠣᠯᠴᠠᠵᠤ᠂ ᠨᠠᠭᠠᠳᠦ ᠵᠠᠬ᠎ᠠ ᠳᠠᠭᠠᠨ ᠨᠢᠭᠡ ᠬᠤᠪᠢ ᠰᠠᠨᠠᠯ ᠳᠤᠷᠠᠳᠤᠯᠭ᠎ᠠ᠂ ᠨᠢᠭᠡ ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠴᠢᠨᠠᠷ ᠰᠠᠶᠢᠳᠠᠢ ᠮᠡᠳᠡᠭᠡ ᠵᠠᠩᠭᠢ ᠲᠤᠰᠢᠶᠠᠵᠤ᠂ ᠨᠢᠭᠡ ᠤᠳᠠᠭᠠᠨ ᠤ ᠪᠠᠶᠢᠴᠠᠭᠠᠨ ᠦᠵᠡᠬᠦ ᠪᠤᠶᠤ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠤ᠂ ᠨᠢᠭᠡ ᠤᠳᠠᠭᠠᠨ ᠤ ᠰᠤᠷᠤᠯᠴᠠᠯᠭ᠎ᠠ ᠪᠣᠯᠪᠠᠰᠤᠷᠠᠯ᠂ ᠨᠢᠭᠡ ᠤᠳᠠᠭᠠᠨ ᠤ ᠡᠲᠡᠭᠡᠳ  ᠢᠯᠭᠠᠯ ᠤᠨ ᠠᠵᠢᠯᠯᠠᠭ᠎ᠠ ᠳᠤ ᠣᠷᠣᠯᠴᠠᠨ᠎ᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠵᠢᠴᠢ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠡᠷᠦᠩᠬᠡᠢ ᠱᠦᠵᠢ ᠰᠢ ᠶᠢᠨ ᠫᠢᠩ ᠤᠨ ︽ᠤᠯᠤᠰ ᠲᠥᠷᠥ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠰᠢᠭᠦᠳ ᠤᠨ ᠠᠮᠠᠯᠠᠯᠳᠠ ᠪᠠᠨ ᠪᠡᠶᠡᠯᠡᠭᠦᠯᠬᠦ ᠳᠦᠷᠢᠮ ᠢ ᠴᠢᠩᠭ᠎ᠠ ᠭᠦᠢᠴᠡᠳᠬᠡᠨ᠂ ᠭᠡᠰᠢᠭᠦᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠡᠶᠡᠴᠢ ᠴᠣᠭᠴᠠ ᠶᠢᠨ ᠦᠢᠯᠡᠳᠦᠯ᠂ ᠲᠤᠬᠠᠶᠢᠯᠠᠭᠰᠠᠨ ᠠᠵᠢᠯ ᠳᠠᠬᠢ ᠲᠣᠯᠣᠭᠠᠶᠢᠯᠠᠬᠤ ᠦᠢᠯᠡᠳᠦᠯ᠂ ᠡᠲᠡᠭᠡᠳ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠵᠢᠷᠭᠤᠭᠠᠨ ᠨᠢᠭᠡ︾᠎ ᠶᠢᠨ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠭᠡᠭᠦ ᠶᠢ ᠡᠭᠦᠷᠭᠡᠯᠡᠯ ᠢᠶᠠᠨ ᠪᠡᠶᠡᠯᠡᠭᠦᠯᠭᠦ ᠴᠢᠬᠤᠯᠠ ᠬᠦᠴᠦᠯᠡᠬᠦ ᠴᠡᠭ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠭᠡᠷᠡᠭᠳᠡᠢ ᠭᠡᠪᠡ᠃                                                   ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号