ᠠᠶᠢᠮᠠᠭ ᠤᠨ ᠵᠠᠬᠢᠷᠭ᠎ᠠ 2024 ᠣᠨ ᠤ ᠠᠩᠬᠠᠳᠤᠭᠠᠷ ᠤᠳᠠᠭ᠎ᠠ ︵ᠥᠷᠭᠡᠳᠬᠡᠭᠰᠡᠨ︶᠎ ᠶᠢᠨ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/24
     2 ᠰᠠᠷ᠎ᠠ ᠶᠢᠨ 23᠎ ᠤ ᠡᠳᠦᠷ᠂ ᠠᠶᠢᠮᠠᠭ ᠤᠨ ᠵᠠᠬᠢᠷᠭ᠎ᠠ 2024 ᠣᠨ ᠤ ᠠᠩᠬᠠᠳᠤᠭᠠᠷ ᠤᠳᠠᠭ᠎ᠠ ︵ᠥᠷᠭᠡᠳᠬᠡᠭᠰᠡᠨ︶᠎ ᠶᠢᠨ ᠪᠦᠬᠦᠳᠠ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠢᠯᠵᠠᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤᠪᠠᠷ ᠦᠵᠡᠵᠦ᠂ ᠪᠦᠬᠦ ᠠᠶᠢᠮᠠᠭ ᠤᠨ ᠵᠠᠰᠠᠭ ᠤᠨ ᠣᠷᠳᠣᠨ ᠤ  ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠵᠠᠢ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠬᠲᠠᠭᠠᠬᠰᠠᠨ︾ ᠎ ᠎ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠎ ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠭᠦᠨᠵᠡᠭᠡᠶᠢᠷᠡᠭᠦᠯᠵᠦ᠂ ᠳᠦᠷᠢᠮ ᠢ ᠤᠯᠠᠮ ᠨᠢᠭᠡ ᠠᠯᠬᠤᠮ ᠴᠢᠩᠭᠠᠯᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾  ᠎ ᠤ  ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠦᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠠ᠂ ᠠᠷᠢᠭᠤᠨ ᠴᠢᠬᠡᠴᠢ ᠪᠠᠷ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾᠎ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃      ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠢ ᠬᠤᠷᠠᠯ ᠢ ᠡᠷᠭᠢᠯᠡᠵᠦ᠂ ᠵᠠᠬᠢᠷᠭ᠎ᠠ ᠶᠢᠨ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃ᠬᠤᠷᠠᠯ ᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠬᠦᠷᠲᠠᠯ᠎ᠠ ᠬᠤᠷᠠᠯᠳᠤᠭᠤᠯᠪᠠ᠃                                                    ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号