ᠠᠶᠢᠮᠠᠭ ᠤᠨ ᠵᠠᠬᠢᠷᠭ᠎ᠠ ᠪᠦᠬᠦ ᠠᠶᠢᠮᠠᠭ ᠤᠨ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/24
     2 ᠰᠠᠷ᠎ᠠ ᠶᠢᠨ 23 ᠤ ᠡᠳᠦᠷ᠂ ᠠᠶᠢᠮᠠᠭ ᠤᠨ ᠵᠠᠬᠢᠷᠭ᠎ᠠ ᠪᠦ᠋ᠬᠦ ᠠᠶᠢᠮᠠᠭ ᠤᠨ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠤᠯᠤᠰ ᠤᠨ ᠬᠤᠶᠠᠷ ᠬᠤᠷᠠᠯ ᠣᠢᠢᠷᠠᠳᠴᠤ᠂ ᠠᠮᠤᠷ ᠲᠦᠪᠰᠢᠨ  ᠲᠣᠭᠲᠠᠭᠤᠨ  ᠤ  ᠠᠵᠢᠯ  ᠢ ᠰᠠᠶᠢᠲᠤᠷ ᠬᠢᠬᠦ ᠨᠢ ᠬᠠᠷᠢᠭᠤᠴᠠᠯᠭ᠎ᠠ ᠬᠦᠨᠳᠦ᠂ ᠠᠴᠢ ᠬᠤᠯᠪᠣᠭᠳᠠᠯ ᠶᠡᠭᠡ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠰᠠᠬᠢᠬᠤ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠬᠦᠴᠦᠯᠡᠨ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠠᠳᠬᠤᠵᠤ᠂ ᠥᠨᠴᠥᠭ ᠪᠤᠯᠤᠩ ᠦᠭᠡᠢ ᠪᠦᠬᠦᠨ ᠢ ᠪᠦᠷᠬᠦᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠲᠤᠪᠤᠶᠢᠯᠭᠠᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠵᠢᠬᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠡᠯ᠎ᠡ ᠵᠦᠢᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠥᠷᠢᠴᠡᠯ ᠵᠠᠭᠤᠷᠠᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠶᠢᠳᠪᠦᠷᠢᠯᠡᠬᠦ ᠪᠠ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠶᠢᠳᠪᠦᠷᠢᠯᠡᠬᠦ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ︽ᠳᠥᠷᠪᠡᠨ ᠥᠯᠥ ᠡᠭᠦᠰᠬᠦ︾ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠡᠬᠡ ᠤᠯᠤᠰ ᠤᠨ ᠤᠮᠠᠷᠠᠲᠤ ᠭᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ ᠭᠡᠵᠡᠢ᠃      ᠠᠶᠢᠮᠠᠭ ᠤᠨ ᠤᠳᠤᠷᠢᠳᠤᠯᠭ᠎ᠠ ᠵᠠᠩ ᠢ᠂ ᠵᠢᠶᠠ ᠸᠧᠨ ᠽᠥᠩ᠂ ᠼᠤᠤ ᠸᠧᠨ ᠴᠢᠩ᠂ ᠵᠶᠢ ᠬᠦᠶ ᠯᠢ᠂ ᠶᠠᠩ ᠯᠢ᠂ ᠰᠦᠨ ᠵᠧᠨ ᠵᠢᠶᠠᠩ ᠪᠣᠳᠠᠲᠠᠢ ᠠᠵᠢᠯ ᠪᠠᠶᠢᠷᠢᠯᠠᠭᠤᠯᠪᠠ᠃      ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠭᠦᠷᠳᠡᠯ᠎ᠠ ᠬᠤᠷᠠᠯᠳᠤᠭᠤᠯᠪᠠ᠃                                          ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号