ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/25
     2 ᠰᠠᠷ᠎ᠠ ᠶᠢᠨ 24 ᠤ ᠡᠳᠦᠷ᠂ ᠪᠦᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠰᠢᠯᠢ ᠶᠢᠨ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠠᠢ᠃      ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠶᠦᠩ ᠮᠢᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ  ᠳ᠋ᠧ ᠶᠦᠩ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ ᠪᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠠᠶᠢᠮᠠᠭ ᠤᠨ ᠲᠡᠳ᠋ ᠳᠠᠷᠤᠭ᠎ᠠ ᠶᠠᠩ ᠯᠢ 2023 ᠣᠨ ᠤ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠪᠠᠶᠢᠳᠠᠯ ᠢ ᠮᠡᠳᠡᠭᠳᠡᠵᠦ᠂ ︽2023 ᠣᠨ ᠤ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠠᠮᠵᠢᠯᠳᠠ ᠪᠦᠲᠦᠮᠵᠢ ᠶᠢ ᠬᠢᠨᠠᠨ ᠰᠢᠯᠭᠠᠭᠰᠠᠨ ᠲᠡᠷᠢᠭᠦᠨ ᠤ ᠭᠠᠵᠠᠷ ᠣᠷᠣᠨ ᠪᠠ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠢ ᠱᠠᠩᠨᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠲᠣᠭᠲᠠᠭᠠᠯ︾  ᠢ ᠤᠩᠰᠢᠨ ᠨᠡᠶᠢᠲᠡᠯᠡᠪᠡ᠃ ᠠᠶᠢᠮᠠᠭ ᠤᠨ ᠤᠳᠤᠷᠢᠳᠤᠯᠭ᠎ᠠ ᠠᠴᠠ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠱᠠᠩᠨᠠᠯ ᠣᠯᠣᠭᠰᠠᠨ ᠭᠠᠵᠠᠷ ᠣᠷᠣᠨ᠂ ᠠᠵᠤ ᠠᠬᠤᠶᠢᠯᠠᠯ ᠳᠤ ᠱᠠᠩᠨᠠᠯ ᠭᠠᠷᠳᠠᠭᠤᠯᠪᠠ᠃ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠼᠤᠤ ᠸᠧᠨ ᠴᠢᠩ ᠰᠢᠯᠢ ᠶᠢᠨ ᠭᠤᠣᠯ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠵᠢᠴᠢ ᠭᠤᠣᠯᠳᠠᠯᠭ᠎ᠠ ᠲᠠᠢ ᠡᠭᠦᠷᠭᠡ᠂ ᠠᠷᠭ᠎ᠠ ᠬᠡᠮᠵᠢᠶ᠎ᠡ ᠶᠢ ᠮᠡᠳᠡᠭᠳᠡᠪᠡ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠶᠢᠨ ᠵᠠᠩᠭᠢᠯᠠᠭ᠎ᠠ ᠨᠢ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠲᠠᠢ ᠪᠠᠶᠢᠬᠤ ᠬᠡᠷᠡᠭᠲᠡᠢ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠴᠢᠬᠤᠯᠠ ᠲᠤᠯᠭᠠᠭᠤᠷᠢᠯᠠᠯ ᠮᠦᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠦᠨ᠂ ᠵᠣᠷᠢᠭ ᠰᠢᠭᠤᠳᠴᠤ᠂ ᠪᠦᠬᠦ ᠬᠦᠴᠦᠨ ᠢᠶᠠᠷ ᠢᠶᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠪᠦᠬᠦ ᠠᠶᠢᠮᠠᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠲᠣᠪᠤᠶᠢᠯᠭᠠᠨ ᠰᠠᠶᠢᠲᠤᠷ ᠠᠳᠬᠤᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢ ᠢᠳᠡᠪᠬᠢᠲᠡᠢ ᠬᠥᠲᠥᠯᠥᠨ ᠳᠠᠭᠠᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢ ᠪᠠᠷᠢᠬᠤ ᠤᠯᠠᠨ ᠨᠡᠶᠢᠲᠡ ᠶᠢᠨ ᠢᠲᠡᠭᠡᠮᠵᠢ ᠶᠢ ᠴᠢᠷᠮᠠᠶᠢᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠢ ᠪᠤᠯᠭᠠᠨ ᠦᠢᠯᠡᠳᠦᠯᠭᠡᠵᠢᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠨᠡᠷᠡᠳᠦ ᠲᠡᠮᠳᠡᠭ ᠢ ᠡᠭᠦᠳᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠲᠠᠢ ᠨᠢᠭᠡ ᠴᠣᠭᠴᠠᠵᠢᠭᠤᠯᠤᠨ ᠠᠬᠢᠭᠤᠯᠵᠦ᠂ ᠰᠢᠯᠢ ᠶᠢᠨ ᠭᠤᠣᠯ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠭᠦ ᠪᠠᠷ ᠰᠢᠭᠤᠳᠤᠭᠰᠠᠨ ᠢᠯᠡ ᠲᠣᠳᠣ ᠣᠪᠣᠷ ᠢ ᠢᠯᠡᠷᠡᠭᠦᠯᠵᠦ᠂ ᠰᠢᠯᠢ ᠶᠢᠨ ᠭᠤᠣᠯ ᠤᠨ ᠭᠦᠮᠦᠰ ᠤᠨ ᠦᠨᠡᠨᠴᠢ ᠢᠲᠡᠭᠡᠮᠵᠢ ᠲᠠᠢ ᠪᠠᠶᠢᠬᠤ᠂ ᠢᠲᠡᠭᠡᠮᠵᠢ ᠶᠢ ᠡᠷᠭᠢᠮᠯᠡᠭᠦ᠂ ᠠᠮᠠᠯᠠᠬᠰᠠᠨ ᠢᠶᠠᠨ ᠪᠡᠶᠡᠯᠡᠭᠦᠯᠭᠦ ᠵᠥᠪ ᠲᠠᠯ᠎ᠠ ᠶᠢᠨ ᠳᠦᠷᠢ ᠲᠥᠷᠬᠦ ᠶᠢ ᠱᠤᠭᠤᠵᠦ᠂ ᠪᠦᠬᠦ ᠨᠡᠶᠢᠭᠡᠮ ᠳᠤ ᠢᠲᠡᠭᠡᠮᠵᠢ ᠶᠢ ᠤᠶᠢᠯᠠᠭᠠᠬᠤ᠂ ᠢᠲᠡᠭᠡᠮᠵᠢ ᠶᠢ ᠡᠷᠭᠢᠮᠯᠡᠭᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠦᠵᠡᠯ  ᠰᠠᠨᠠᠭ᠎ᠠ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠦᠨᠡᠨᠴᠢ ᠢᠳᠡᠭᠡᠮᠵᠢ ᠶᠢᠨ ᠪᠠᠶᠢᠭᠤᠯᠤᠯᠳᠡ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ  ᠠᠵᠢᠯ  ᠢ  ᠯᠠᠪᠳᠠᠭᠤᠨ  ᠪᠠᠲᠤᠲᠠᠢ  ᠰᠠᠶᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃                                            ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号