ᠠᠶᠢᠮᠠᠭ ᠤᠨ ᠵᠠᠬᠢᠷᠭ᠎ᠠ ᠠᠵᠤ ᠠᠬᠤᠢ ᠶᠢᠨ ᠡᠷᠭᠢᠯᠳᠡ ᠶᠢᠨ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠴᠡᠳᠬᠡᠬᠦ ᠶᠢ ᠲᠦᠪᠯᠡᠷᠡᠭᠦᠯᠦᠨ ᠪᠤᠭᠤᠮᠳᠠ ᠰᠢᠪᠳᠤᠯᠵᠦ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/26
     2 ᠰᠠᠷ᠎ᠠ ᠶᠢᠨ 23᠎ ᠤ ᠡᠳᠦᠷ᠂ ᠠᠶᠢᠮᠠᠭ ᠤᠨ ᠵᠠᠬᠢᠷᠭ᠎ᠠ ᠠᠵᠤ ᠠᠬᠤᠢ ᠶᠢᠨ ᠡᠷᠭᠢᠯᠲᠡ ᠶᠢᠨ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠭᠦᠢᠴᠡᠳᠬᠡᠬᠦ ᠶᠢ ᠲᠥᠪᠯᠡᠷᠡᠭᠦᠯᠦᠨ ᠪᠤᠭᠤᠮᠳᠠ ᠰᠢᠪᠳᠤᠯᠵᠦ ᠠᠬᠢᠭᠤᠯᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠲᠡᠭᠡᠷ᠎ᠠ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠎ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠠᠰᠢᠭᠯᠠᠨ ᠭᠦᠢᠴᠡᠳ ᠭᠡᠷᠡᠭᠯᠡᠵᠦ᠂ ᠥᠷᠯᠥᠭᠡ ᠦᠳᠡᠰᠢ ᠶᠢ ᠲᠡᠮᠡᠴᠡᠨ ᠬᠥᠭᠵᠢᠯᠲᠡ ᠶᠢ ᠠᠳᠬᠤᠵᠤ᠂ ᠴᠠᠭ ᠮᠥᠴᠡ ᠶᠢ ᠠᠮᠵᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠣᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠦ᠂ ︽ᠡᠬᠢᠯᠡᠯᠲᠡ ᠪᠣᠯ ᠰᠶᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠰᠢᠪᠲᠤᠯᠤᠯᠲᠠ ᠮᠥᠨ︾ ᠭᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠲᠦᠷᠦᠭᠦᠦ ᠤᠯᠠᠷᠢᠯ ᠳᠤ ᠪᠣᠳᠠᠲᠠᠢ ᠠᠵᠢᠯᠯᠠᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ︽ᠴᠢᠬᠤᠯᠠ ᠶᠠᠪᠤᠳᠠᠯ︾ ᠪᠣᠯᠭᠠᠨ᠂ ᠭᠠᠷᠳᠠᠮ ᠭᠦᠢᠴᠡᠳᠭᠡᠭᠦ ᠲᠠᠯ᠎ᠠ ᠪᠠᠷ ᠲᠦᠪᠯᠡᠷᠡᠭᠦᠯᠦᠨ ᠪᠣᠭᠤᠮᠲᠠ ᠰᠢᠪᠳᠤᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ ᠦᠢᠯᠡᠳᠪᠦᠷᠢᠯᠡᠯ ᠦᠷ᠎ᠡ ᠠᠰᠢᠭ ᠢ ᠪᠡᠶᠡᠯᠡᠭᠦᠯᠭᠦ ᠶᠢ ᠠᠬᠢᠭᠤᠯᠵᠤ᠂ ᠬᠠᠪᠤᠷ ᠤᠨ ᠤᠯᠠᠷᠢᠯ ᠤᠨ ᠠᠷᠠᠯᠵᠢᠶᠠᠴᠢᠨ ᠤᠷᠢᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠲᠡᠷᠢᠭᠦᠨ ᠤ ᠬᠢ ᠶᠢ ᠲᠡᠮᠡᠴᠡᠨ ᠤᠷᠤᠭᠰᠢᠯᠠᠨ ᠲᠠᠪᠰᠢᠵᠦ ᠰᠠᠶᠢᠨ ᠡᠬᠢᠯᠡᠯᠲᠡ ᠢᠢ ᠪᠡᠶᠡᠯᠡᠭᠦᠯᠬᠦ ᠭᠡᠷᠡᠭᠳᠡᠢ ᠭᠡᠵᠠᠢ᠃      ᠠᠶᠢᠮᠠᠭ ᠤᠨ ᠤᠳᠤᠷᠢᠳᠤᠯᠭ᠎ᠠ ᠵᠠᠩ ᠢ᠂ ᠶᠠᠩ ᠯᠢ ᠪᠣᠳᠠᠲᠠᠢ ᠠᠵᠢᠯ ᠪᠠᠶᠢᠷᠢᠯᠠᠭᠤᠯᠪᠠ᠃      ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠭᠦᠷᠳᠡᠯ᠎ᠠ ᠬᠤᠷᠠᠯᠳᠤᠭᠤᠯᠪᠠ᠃                                 ᠣᠷᠴᠢᠭᠤᠯᠣᠭᠴᠢ᠄ ᠣᠶᠣᠩᠬᠤᠸᠠᠷ        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号