ᠵᠠᠩ ᠪᠠᠢ ᠴᠧᠩ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠳᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
     2 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠤ ᠣᠶᠢᠷ᠎ᠠ ᠶᠢᠨ ᠬᠤᠭᠤᠴᠠᠭᠠᠨ ᠳᠤ ᠬᠡᠷᠡᠭᠵᠢᠭᠦᠯᠬᠦ ᠢᠨᠵᠧᠨᠧᠷᠢᠩ ᠤᠨ ᠲᠦᠷᠦᠯ ᠵᠦᠢᠯ ᠤᠨ ᠬᠠᠮᠢᠶ᠎ᠠ ᠪᠦᠬᠦᠢ ᠪᠠᠶᠢᠳᠠᠯ ᠢ ᠰᠣᠨᠣᠰᠴᠤ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠶᠢ ᠡᠨᠡ ᠵᠢᠯ ᠤᠨ ᠪᠦᠬᠦ ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠣᠨ ᠤ ᠬᠠᠷᠠᠯᠲᠠ ᠡᠭᠦᠷᠭᠡ ᠳᠤ ᠴᠢᠭᠯᠡᠭᠦᠯᠵᠦ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠥᠷᠥᠯ ᠵᠦᠢᠯ ᠤᠨ ᠲᠦᠷᠦᠭᠦᠴᠢ ᠶᠢᠨ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠲᠥᠷᠥᠯ ᠵᠦᠢᠯ ᠤᠨ ᠪᠡᠯᠡ ᠮᠥᠩᠭᠦ ᠡᠷᠡᠮᠡᠯᠵᠡᠨ ᠤᠯᠬᠤ ᠠᠵᠢᠯ ᠢ ᠰᠠᠶᠢᠲᠤᠷ ᠠᠳᠬᠤᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠳᠤ ᠦᠨᠡᠨ ᠬᠦ ᠦᠷ᠎ᠡ ᠪᠦᠲᠦᠮᠵᠢ ᠤᠯᠵᠦ᠂ ᠮᠠᠨ ᠤ ᠠᠶᠢᠮᠠᠭ ᠤᠨ ᠡᠯᠡᠰᠦᠷᠭᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ᠠᠵᠢᠯ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠡᠮ ᠰᠤᠭᠤᠭ ᠢ ᠰᠠᠶᠢᠳᠦᠷ ᠵᠢᠭᠰᠠᠭᠠᠨ ᠪᠠᠶᠢᠴᠠᠭᠠᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠤ ᠢᠯᠠᠯᠲᠠ ᠶᠢ ᠣᠯᠬᠤ ᠳᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠷᠢᠨ ᠬᠢᠨᠠᠮᠠᠭᠠᠢ ᠲᠥᠯᠥᠪᠵᠢᠭᠦᠯᠵᠦ᠂ ᠡᠯᠡᠰᠥᠷᠭᠡᠭᠵᠢᠯ ᠢ ᠰᠡᠷᠭᠡᠶᠢᠯᠡᠨ ᠡᠯᠡᠰᠥ ᠶᠢ ᠵᠠᠰᠠᠬᠤ ᠪᠠ ᠰᠠᠯᠬᠢᠨ ᠭᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠬᠤ ᠶᠢ ᠵᠡᠷᠭᠡᠪᠡᠷ ᠠᠬᠢᠭᠤᠯᠵᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃                                                   ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号