ᠵᠡᠭᠦᠨ ᠦᠵᠦᠮᠦᠴᠢᠨ ᠬᠤᠰᠢᠭᠤᠨ ᠤ ᠭᠤᠣᠯᠳᠠᠯᠭ᠎ᠠ ᠲᠠᠢ ᠬᠥᠮᠥᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100%᠎ ᠳᠤ ᠬᠥᠷᠪᠡ
ᠨᠡᠶᠢᠲᠡᠯᠡᠭᠰᠡᠨ ᠴᠠᠭ᠄
2024/2/27
     ᠵᠡᠭᠦᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ︽ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ︾ ᠵᠠᠷᠴᠢᠮ ᠢ ᠪᠠᠷᠢᠮᠳᠠᠯᠠᠨ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠠᠷᠠᠯᠲᠠ ᠶᠢᠨ ᠲᠣᠭᠤᠷᠢᠨ ᠳᠤ᠂ ᠡᠯ᠎ᠡ ᠰᠤᠮᠤ ᠪᠠᠯᠭᠠᠰᠤ ᠲᠠᠯᠠᠪᠠᠶ᠂ ᠬᠠᠮᠢᠶ᠎ᠠ ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠰᠢᠭᠤᠨ ᠤ ᠣᠨᠴᠠ ᠬᠦᠴᠢᠷᠳᠡᠯᠲᠡᠢ ᠡᠷᠦᠬᠡ᠂ ᠥᠨᠥᠴᠢᠨ ᠬᠡᠦᠬᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠬᠢᠨᠠᠨ ᠰᠢᠯᠭᠠᠬᠤ ᠡᠷᠦᠬᠡ᠂ ᠶᠠᠳᠠᠭᠤ ᠠᠴᠠ ᠠᠩᠬᠢᠵᠢᠷᠠᠭᠰᠠᠨ ᠡᠷᠦᠬᠡ ᠵᠡᠷᠭᠡ ᠭᠤᠣᠯᠳᠠᠯᠭ᠎ᠠ ᠲᠠᠢ ᠬᠥᠮᠥᠰ ᠤᠨ 2024 ᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠪᠡ᠃      2024 ᠣᠨ ᠤ 1 ᠰᠠᠷ᠎ᠠ ᠪᠣᠯᠲᠠᠯ᠎ᠠ᠂ ᠵᠡᠭᠦᠨ ᠦᠵᠦᠮᠦᠴᠢᠨ ᠬᠤᠰᠢᠭᠤᠨ ᠤ ᠭᠤᠣᠯᠳᠠᠯᠭ᠎ᠠ ᠲᠠᠢ ᠡᠳᠡᠭᠡᠳ ᠤᠨ 1984 ᠬᠥᠮᠥᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 100%᠎ ᠳᠤ ᠬᠦᠷᠴᠦ᠂ ᠡᠭᠦᠨ ᠳᠤ ᠣᠨᠴᠠ ᠬᠦᠴᠢᠷᠳᠡᠯᠲᠡᠢ ᠡᠷᠦᠬᠡ ᠶᠢᠨ 42 ᠬᠥᠮᠥᠨ᠂ ᠥᠨᠥᠴᠢᠨ ᠬᠡᠦᠬᠡᠳ 17 ᠬᠥᠮᠥᠨ ᠪᠠᠶᠢᠵᠦ᠂ ᠣᠨᠴᠠ ᠬᠦᠴᠢᠷᠳᠡᠯᠲᠡᠢ ᠡᠷᠦᠬᠡ᠂ ᠥᠨᠥᠴᠢᠨ ᠬᠡᠦᠬᠡᠳ ︵ᠭᠡᠷᠡᠭ ᠲᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ︶ ᠎ ᠤᠨ ᠬᠤᠪᠢ ᠬᠥᠮᠥᠨ ᠤ ᠲᠤᠰᠢᠶᠠᠬᠤ ᠬᠡᠰᠡᠭ ᠢ ᠵᠡᠭᠦᠨ ᠦᠵᠦᠮᠦᠴᠢᠨ ᠬᠤᠰᠢᠭᠤᠨ ᠤ ᠡᠮᠴᠢᠯᠡᠬᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠪᠥᠬᠦ ᠲᠤᠭ᠎ᠠ ᠪᠠᠷ ᠳᠡᠮᠵᠢᠨ᠂ ᠳᠠᠭᠠᠳᠬᠠᠯ ᠳᠤ ᠣᠷᠣᠭᠤᠯᠪᠠ᠃ ᠡᠭᠦᠨ ᠠᠴᠠ ᠭᠠᠳᠠᠨ᠎ᠠ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠶᠢᠨ 1287 ᠬᠥᠮᠥᠨ᠂ ᠬᠢᠨᠠᠨ ᠰᠢᠯᠭᠠᠬᠤ ᠡᠷᠦᠬᠡ ᠶᠢᠨ 88 ᠬᠥᠮᠥᠨ᠂ ᠶᠠᠳᠠᠭᠤ ᠠᠴᠠ ᠠᠩᠭᠢᠵᠢᠷᠠᠬᠰᠠᠨ ᠪᠤᠯᠪᠠᠴᠤ ᠲᠦᠷᠦ ᠶᠢᠨ ᠪᠤᠳᠤᠯᠭ᠎ᠠ ᠪᠠᠷ ᠲᠠᠭᠠᠳᠬᠠᠯ ᠬᠦᠷᠳᠡᠬᠦ 423 ᠬᠥᠮᠥᠨ᠂ ᠶᠠᠳᠠᠭᠤ ᠠᠴᠠ ᠠᠩᠭᠢᠵᠢᠷᠠᠬᠰᠠᠨ ᠲᠦᠷᠦ ᠶᠢᠨ ᠪᠤᠳᠤᠯᠭ᠎ᠠ ᠶᠢᠨ ᠲᠠᠭᠠᠳᠬᠠᠯ ᠬᠦᠷᠳᠡᠬᠦ ᠦᠬᠡᠢ 127 ᠬᠥᠮᠥᠨ ᠪᠠᠶᠢᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠢᠨᠠᠨ ᠰᠢᠯᠭᠠᠬᠤ ᠡᠷᠦᠬᠡ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠳᠡᠬᠦ ᠡᠳᠡᠭᠡᠳ ᠤᠨ ᠬᠤᠪᠢ ᠬᠥᠮᠥᠨ ᠤ ᠲᠤᠰᠢᠶᠠᠬᠤ ᠬᠡᠰᠡᠭ ᠢ ᠵᠡᠭᠦᠨ ᠦᠵᠦᠮᠦᠴᠢᠨ ᠬᠤᠰᠢᠭᠤᠨ ᠤ ᠡᠮᠴᠢᠯᠡᠬᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ 50%᠎ ᠪᠠᠷ ᠳᠡᠮᠵᠢᠨ᠂ ᠳᠠᠭᠠᠳᠬᠠᠯ ᠳᠤ ᠣᠷᠣᠭᠤᠯᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号