ᠵᠡᠭᠦᠨ ᠰᠥᠨᠢᠳ ᠪᠠᠷᠠᠭᠤᠨ ᠬᠤᠰᠢᠭᠤ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2024/2/27
     ᠡᠪᠦᠯ ᠣᠷᠣᠭᠰᠠᠨ ᠠᠴᠠ ᠨᠠᠭᠠᠰᠢ᠂ ᠰᠥᠨᠢᠳ ᠪᠠᠷᠠᠭᠤᠨ ᠬᠤᠰᠢᠭᠤ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠷᠲᠡ ᠠᠴᠠ ᠪᠠᠶᠢᠷᠢᠯᠠᠭᠤᠯᠤᠨ᠂ ᠡᠷᠲᠡ ᠠᠴᠠ ᠪᠡᠯᠡᠳᠬᠡᠵᠦ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠮᠠᠯ ᠤᠨᠤᠭ᠎ᠠ ᠪᠠᠨ ᠮᠡᠨᠲᠤ ᠤᠨᠲᠤᠷᠤᠭᠤᠯᠬᠤ ᠶᠢ ᠪᠠᠲᠤᠯᠠᠵᠠᠢ᠃      ᠮᠠᠯ ᠤᠨᠤᠭᠠᠨ ᠤ ᠡᠪᠡᠰᠦ ᠪᠤᠷᠳᠤᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠥᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠪᠦᠬᠦ ᠬᠤᠰᠢᠭᠤᠨ ᠤ ᠦᠢᠯᠡᠳᠪᠦᠷᠢᠯᠡᠵᠦ ᠡᠳ᠋ᠰᠢᠭᠦᠯᠬᠦ ᠴᠢᠳᠠᠪᠤᠷᠢ ᠪᠦᠬᠦᠢ 6 ᠪᠦᠷᠢᠨ ᠰᠢᠮᠡᠲᠤ ᠪᠤᠷᠳᠤᠭ᠎ᠠ ᠦᠢᠯᠡᠳᠪᠦᠷᠢᠯᠡᠬᠦ ᠰᠠᠭᠤᠷᠢᠨ ᠳᠤ ᠲᠦᠰᠢᠭᠯᠡᠨ᠂ ᠮᠠᠯᠴᠢᠳ ᠤᠨ ᠪᠤᠷᠳᠤᠭ᠎ᠠ ᠬᠤᠳᠠᠯᠳᠤᠨ ᠠᠪᠬᠤ ᠳᠤ ᠨᠦᠬᠦᠪᠦᠷᠢ ᠬᠠᠩᠭᠠᠵᠦ᠂ 11700 ᠲᠣᠨ ᠪᠦᠷᠢᠨ ᠰᠢᠮᠡᠲᠤ ᠪᠤᠷᠳᠤᠭ᠎ᠠ ᠶᠢ ᠡᠳ᠋ᠰᠢᠭᠦᠯᠵᠦ ᠪᠣᠷᠣᠯᠠᠭᠤᠯᠵᠠᠢ᠃ ᠡᠬᠦᠨ ᠤ ᠬᠠᠮᠲᠤ᠂ ᠪᠥᠬᠦ ᠬᠤᠰᠢᠭᠤᠨ ᠤ ᠨᠡᠶᠢᠭᠡᠮᠴᠢᠯᠡᠭᠰᠡᠨ ᠡᠪᠡᠰᠦ ᠪᠣᠷᠳᠤᠭ᠎ᠠ ᠶᠢᠨ ᠨᠦᠬᠡᠴᠡᠯᠡᠬᠦ ᠲᠦᠪ ᠵᠢᠴᠢ ᠭᠤᠷᠪᠠᠨ ᠱᠠᠲᠤᠨ ᠤ ᠲᠥᠪᠯᠡᠷᠡᠭᠦᠯᠦᠨ ᠨᠥᠭᠡᠴᠡᠯᠡᠬᠦ ᠰᠢᠰᠲ᠋ᠧᠮ ᠳᠤ ᠨᠡᠶᠢᠲᠡ 4.8136 ᠲᠦᠮᠡᠨ  ᠲᠣᠨ  ᠡᠪᠡᠰᠦ  ᠪᠤᠷᠳᠤᠭ᠎ᠠ ᠨᠦᠬᠡᠴᠡᠯᠡᠵᠦ᠂ ᠡᠭᠦᠨ ᠳᠤ ᠨᠡᠶᠢᠭᠡᠮᠴᠢᠯᠡᠭᠰᠡᠨ ᠡᠪᠡᠰᠦ ᠪᠣᠷᠳᠤᠭ᠎ᠠ ᠨᠦᠬᠡᠴᠡᠯᠡᠬᠦ ᠲᠦᠪ ᠲᠤ 4.19 ᠲᠦᠮᠡᠨ ᠲᠣᠨ ᠪᠠᠶᠢᠵᠦ᠂ ᠭᠤᠷᠪᠠᠨ ᠱᠠᠲᠤᠨ ᠤ ᠲᠥᠪᠯᠡᠷᠡᠭᠦᠯᠦᠨ ᠨᠥᠭᠡᠴᠡᠯᠡᠬᠦ ᠰᠢᠰᠲ᠋ᠧᠮ ᠳᠤ 6236 ᠲᠣᠨ  ᠡᠪᠡᠰᠦ  ᠪᠣᠷᠳᠤᠭ᠎ᠠ  ᠨᠥᠭᠡᠴᠡᠯᠡᠪᠡ᠃      ︽ᠡᠨᠡ ᠡᠪᠦᠯ ᠤᠨ ᠴᠠᠰᠤ ᠶᠡᠭᠡᠲᠠᠢ ᠪᠠᠶᠢᠳᠠᠯ ᠳᠤ ᠴᠢᠭᠯᠡᠭᠦᠯᠦᠨ᠂ ᠰᠥᠨᠢᠳ ᠪᠠᠷᠠᠭᠤᠨ ᠬᠤᠰᠢᠭᠤ ᠡᠪᠡᠰᠦ ᠪᠤᠷᠳᠤᠭᠠᠨ ᠤ ᠨᠥᠬᠦᠪᠦᠷᠢ ᠥᠭᠬᠦ ᠪᠠᠷ ᠳᠠᠮᠵᠢᠭᠤᠯᠤᠨ ᠮᠠᠯᠴᠢᠳ ᠤᠨ ᠮᠠᠯᠵᠢᠬᠤ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠠᠢ᠃ ᠮᠠᠯᠴᠢᠳ ᠬᠤᠯᠢᠮᠠᠭ ᠪᠤᠷᠳᠤᠭᠠᠨ ᠤ ᠬᠤᠷᠰᠢᠶᠠᠵᠢᠯ ᠠᠴᠠ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠤᠤᠯ ᠤᠨ ᠲᠣᠭᠲᠠᠭᠰᠠᠨ ᠵᠢᠵᠢᠭᠯᠡᠨ ᠬᠤᠳᠠᠯᠳᠤᠬᠤ ᠦᠨ᠎ᠡ ᠢᠢᠨ ᠰᠠᠭᠤᠷᠢᠨ ᠳᠡᠭᠡᠷ᠎ᠡ ᠲᠣᠨ ᠪᠦᠷᠢ ᠳᠤ 300 ᠲᠥᠭᠦᠷᠢᠭ ᠤᠨ ᠨᠥᠬᠦᠪᠦᠷᠢ ᠬᠦᠷᠳᠡᠵᠦ ᠪᠣᠯᠣᠨ᠎ᠠ︾ ᠭᠡᠵᠦ ᠰᠥᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠳᠡᠳ᠋ ᠳᠠᠷᠤᠭ᠎ᠠ ᠴᠡᠩᠬᠡᠯ ᠬᠡᠯᠡᠪᠡ᠃      ᠡᠬᠦᠨ ᠠᠴᠠ ᠭᠠᠳᠠᠨ᠎ᠠ᠂ ᠣᠨᠴᠠᠭᠠᠶ ᠴᠠᠭ ᠠᠭᠤᠷ ᠤᠨ ᠮᠠᠯᠵᠢᠬᠤ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠦᠳᠡᠯᠦᠯᠴᠡᠵᠦ᠂ ᠴᠠᠭ ᠠᠭᠤᠷ ᠤᠨ ᠭᠠᠢ ᠭᠠᠮᠰᠢᠭ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠨᠡᠶᠢᠲᠡᠯᠡᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠤᠨ᠂ ᠮᠠᠯᠴᠢᠳ ᠤᠨ ᠭᠠᠢ ᠭᠠᠮᠰᠢᠭ ᠤᠨ ᠴᠢᠨᠠᠷᠲᠠᠢ ᠴᠠᠭ ᠠᠭᠤᠷ ᠠᠴᠠ ᠰᠡᠷᠭᠡᠶᠢᠯᠡᠬᠦ ᠶᠢ ᠬᠦᠳᠦᠯᠦᠨ ᠵᠢᠯᠤᠭᠤᠳᠴᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号