ᠰᠢᠯᠤᠭᠤᠨ ᠬᠥᠭᠡ ᠬᠤᠰᠢᠭᠤ ᠡᠪᠡᠰᠥ ᠪᠤᠷᠲᠤᠭ᠎ᠠ ᠬᠥᠢᠴᠡᠳ ᠨᠥᠭᠡᠴᠡᠯᠡᠵᠥ ᠮᠠᠯ ᠰᠥᠷᠥᠭ ᠤᠨ ᠮᠡᠨᠲᠤ ᠤᠨᠲᠤᠷᠤᠯᠲᠠ ᠶᠢ ᠪᠠᠲᠤᠯᠠᠵᠥ ᠪᠤᠢ
ᠨᠡᠶᠢᠲᠡᠯᠡᠭᠰᠡᠨ ᠴᠠᠭ᠄
2024/2/27
     ᠰᠢᠯᠤᠭᠤᠨ ᠬᠥᠬᠡ ᠬᠤᠰᠢᠭᠤ ᠣᠷᠣᠨ ᠨᠤᠲᠤᠭ ᠤᠨ ᠠᠭᠤᠷ ᠠᠮᠢᠰᠬᠤᠯ ᠤᠨ ᠤᠨᠴᠠᠯᠢᠭ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠪᠤᠲᠠᠲᠤ ᠪᠠᠶᠢᠲᠠᠯ ᠠᠴᠠ ᠡᠬᠦᠰᠥᠨ᠂ ᠮᠠᠯᠵᠢᠬᠤ ᠲᠠᠷᠢᠶᠠᠯᠠᠬᠤ ᠡᠷᠥᠭᠡ ᠶᠢᠨ ᠮᠠᠯ ᠰᠥᠷᠥᠭ ᠢᠶᠠᠨ ᠮᠡᠨᠲᠤ ᠡᠪᠤᠯᠵᠢᠬᠦᠯᠬᠦ ᠠᠰᠠᠭᠤᠲᠠᠯ ᠢ ᠲᠡᠭᠡᠲᠥ ᠬᠡᠮᠵᠢᠶ᠎ᠠ ᠪᠠᠷ ᠴᠢᠬᠤᠯᠠᠴᠢᠯᠠᠨ ᠤᠯᠠᠨ ᠠᠷᠭ᠎ᠠ ᠵᠠᠮ ᠢᠶᠠᠷ ᠡᠪᠡᠰᠥ ᠪᠤᠷᠲᠤᠭ᠎ᠠ ᠬᠥᠢᠴᠡᠳ ᠨᠥᠭᠡᠴᠡᠯᠡᠵᠥ᠂ ᠮᠠᠯ ᠰᠥᠷᠥᠭ ᠢᠶᠠᠨ ᠭᠠᠷᠴᠥ ᠮᠡᠲᠡᠬᠦ ᠭᠠᠮᠰᠢᠭ ᠵᠤᠳ ᠠᠴᠠ ᠰᠡᠷᠭᠡᠶᠢᠯᠡᠵᠥ ᠬᠠᠮᠠᠭᠠᠯᠠᠬᠤ ᠠᠵᠢᠯ ᠢᠶᠠᠨ ᠰᠠᠶᠢᠲᠤᠷ ᠬᠢᠵᠡᠢ᠃      2023 ᠣᠨ ᠤ ᠡᠪᠦᠯ ᠠᠴᠠ ᠨᠠᠭᠠᠰᠢᠬᠢ ᠬᠡᠲᠥ ᠤᠲᠠᠭᠠᠨ ᠤ ᠴᠠᠰᠤᠨ ᠳᠤ ᠱᠠᠩᠲᠤ ᠪᠠᠯᠭᠠᠰᠤ ᠶᠢᠨ ᠪᠠᠶᠠᠩᠭᠤᠤᠯ ᠭᠠᠴᠠᠭᠠᠨ ᠤ ᠪᠡᠯᠴᠢᠭᠡᠷ ᠲᠠᠷᠤᠭᠲᠠᠭᠰᠠᠨ ᠪᠤᠯᠪᠠᠴᠥ ᠮᠠᠯᠴᠢᠨ ᠲᠤᠩᠭᠠᠯᠠᠭ ᠬᠤᠨᠢ ᠥᠭᠡᠷ ᠢᠶᠠᠨ ᠳᠤᠯᠠᠭᠠᠨ ᠫᠸᠡᠭ ᠳᠡᠭᠡᠨ ᠲᠡᠵᠢᠭᠡᠵᠥ ᠠᠮᠤᠷ ᠮᠡᠨᠲᠤ ᠥᠡᠭᠭᠡᠷᠡᠬᠦᠯᠥᠯ᠎ᠠ᠃ ᠲᠤᠩᠭᠠᠯᠠᠭ ᠤᠨ ᠬᠢᠨ 70 ᠭᠠᠷᠤᠢ ᠥᠭᠡᠷ᠂ 100 ᠭᠠᠷᠤᠢ ᠬᠤᠨᠢ ᠮᠠᠯᠵᠢᠵᠥ᠂ 3 ᠳᠤᠯᠠᠭᠠᠨ ᠫᠸᠡᠭ ᠤᠨ ᠬᠢᠨᠢ ᠶᠡᠷᠦᠩᠬᠡᠢ ᠲᠠᠯᠠᠪᠠᠢ 1000 ᠬᠠᠪᠲᠠᠭᠠᠢ ᠳᠥᠷᠪᠡᠯᠵᠢᠨ ᠮᠧᠲᠷ ᠬᠥᠷᠴᠡᠢ᠃ ᠲᠤᠯᠠᠭᠠᠨ ᠫᠸᠡᠭ ᠤᠨ ᠠᠷᠤ ᠳᠤ ᠪᠠᠰᠠ ᠪᠤᠭᠤᠯᠲᠠ ᠲᠠᠢ ᠡᠪᠡᠰᠥ ᠪᠠ ᠪᠤᠷᠲᠤᠭ᠎ᠠ ᠤᠪᠤᠭᠠᠯᠠᠰᠤᠲᠠᠢ ᠪᠠᠶᠢᠵᠥ᠂ ᠰᠠᠭᠤᠷᠢ ᠪᠥᠲᠥᠭᠡᠨ ᠪᠠᠶᠢᠭᠤᠯᠤᠯᠲᠠ ᠪᠤᠯᠤᠨ ᠡᠪᠡᠰᠥ ᠪᠤᠷᠲᠤᠭ᠎ᠠ ᠪᠠᠨ ᠬᠥᠢᠴᠡᠳ ᠨᠥᠭᠡᠴᠡᠯᠡᠭᠰᠡᠨ ᠢᠶᠠᠷ ᠶᠡᠭᠡ ᠴᠠᠰᠤ ᠶᠢ ᠠᠵᠢᠭ ᠥᠭᠡᠢ ᠲᠤᠭᠤᠯᠤᠭᠰᠠᠨ ᠪᠠᠶᠢᠨ᠎ᠠ᠃ ᠲᠤᠰ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠤᠨ ᠡᠬᠦᠷᠭᠡ ᠴᠢᠲᠠᠪᠬᠢ ᠪᠠᠨ ᠢᠲᠡᠪᠬᠢᠲᠡᠢ ᠪᠠᠲᠠᠷᠠᠭᠤᠯᠤᠨ ᠠᠵᠤ ᠠᠬᠤᠶᠢᠯᠠᠯ ᠲᠠᠢ ᠭᠦᠨᠵᠡᠭᠡᠢ ᠬᠠᠮᠲᠤᠷᠠᠵᠥ᠂ ᠮᠠᠯᠵᠢᠬᠤ ᠲᠠᠷᠢᠶᠠᠯᠠᠬᠤ ᠡᠷᠥᠭᠡ ᠳᠤ ᠬᠢᠮᠳᠠ ᠡᠪᠡᠰᠥ ᠪᠣᠷᠳᠤᠭ᠎ᠠ ᠬᠠᠩᠭᠠᠵᠤ᠂ ᠮᠠᠯ ᠰᠥᠷᠥᠭ ᠢᠶᠠᠨ ᠮᠡᠨᠲᠤ ᠡᠪᠤᠯᠵᠢᠬᠦᠯᠬᠦ ᠳᠤ ᠬᠥᠴᠥᠲᠠᠢ ᠪᠠᠲᠤᠯᠠᠭ᠎ᠠ ᠬᠠᠨᠭ᠍ᠭᠠᠪᠠ᠃ ᠲᠠᠭᠠᠥ ᠳᠤᠨᠢ ᠮᠠᠯᠵᠢᠬᠤ ᠤᠷᠤᠨ ᠤ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠭᠰᠠᠨ ᠰᠠᠭᠤᠷᠢᠨ ᠲᠡᠭᠡᠷ᠎ᠠ ᠡᠪᠡᠰᠥ ᠪᠤᠷᠲᠤᠭ᠎ᠠ ᠨᠥᠭᠡᠴᠡᠯᠡᠬᠦ ᠨᠥᠬᠦᠪᠤᠷᠢ ᠤᠯᠭᠤᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠮᠠᠯᠴᠢᠨ ᠲᠠᠷᠢᠶᠠᠴᠢᠳ ᠢ ᠲᠠᠶᠢᠴᠢᠯᠠᠨ ᠡᠪᠡᠰᠥ ᠪᠤᠷᠲᠤᠭ᠎ᠠ ᠢᠯᠡᠬᠦᠭᠡᠨ ᠨᠥᠭᠡᠴᠡᠯᠡᠵᠥ᠂ ᠭᠠᠷᠴᠥ ᠮᠡᠲᠡᠬᠦ ᠭᠠᠮᠰᠢᠭ ᠵᠤᠳ ᠠᠴᠠ ᠰᠡᠷᠭᠡᠶᠢᠯᠡᠬᠦ᠂ ᠮᠠᠯ ᠰᠥᠷᠥᠭ ᠢᠶᠠᠨ ᠲᠠᠷᠭᠤᠨ ᠲᠠᠪᠠᠲᠠᠢ ᠮᠡᠨᠲᠤ ᠤᠨᠲᠤᠷᠤᠭᠤᠯᠬᠤ ᠶᠢ ᠪᠠᠲᠤᠯᠠᠵᠥ ᠪᠤᠢ᠃ ᠪᠦᠷᠢᠳᠬᠡᠯ ᠢ ᠦᠨᠳᠦᠰᠦᠯᠡᠪᠡᠯ᠂ 2023 ᠣᠨ ᠳᠤ ᠲᠤᠰ ᠬᠤᠰᠢᠭᠤᠨ ᠤ ᠰᠢᠨ᠎ᠠ ᠪᠠᠷ ᠨᠡᠮᠡᠭᠲᠡᠭᠰᠡᠨ ᠪᠠᠷᠢᠮᠵᠢᠶᠠᠲᠤ ᠫᠸᠡᠭ ᠬᠤᠷᠤᠭᠠᠨ ᠤ ᠪᠥᠲᠥᠭᠡᠨ ᠪᠠᠶᠢᠭᠤᠯᠤᠯᠲᠠ 5.8 ᠲᠦᠮᠡᠨ ᠬᠠᠪᠲᠠᠭᠠᠢ ᠳᠥᠷᠪᠡᠯᠵᠢᠨ  ᠮᠧᠲᠷ᠂ ᠡᠪᠡᠰᠥ ᠬᠠᠲᠠᠭᠠᠯᠠᠬᠤ ᠫᠸᠡᠭ 1.35 ᠲᠦᠮᠡᠨ ᠬᠠᠪᠲᠠᠭᠠᠢ ᠳᠥᠷᠪᠡᠯᠵᠢᠨ  ᠮᠧᠲᠷ᠂ ᠨᠤᠭᠤᠭᠠᠨ ᠲᠠᠷᠤᠰᠢ ᠶᠢᠨ ᠵᠣᠭᠤᠷᠢ 1.14 ᠲᠦᠮᠡᠨ ᠪᠣᠰᠤᠭ᠎ᠠ ᠳᠥᠷᠪᠡᠯᠵᠢᠨ  ᠮᠧᠲᠷ ᠬᠥᠷᠴᠥ᠂ ᠮᠠᠯᠵᠢᠬᠤ ᠲᠠᠷᠢᠶᠠᠯᠠᠬᠤ ᠡᠷᠥᠭᠡ ᠬᠠᠲᠤᠯᠠᠩ ᠤᠨ ᠲᠠᠯᠠᠪᠠᠢ ᠠᠴᠠ 10 ᠲᠥᠮᠡᠨ ᠲᠤᠨ ᠡᠪᠡᠰᠥ ᠬᠠᠲᠤᠵᠥ᠂ ᠨᠣᠭᠤᠭᠠᠨ ᠲᠠᠷᠤᠰᠢ 35 ᠲᠦᠮᠡᠨ ᠲᠣᠨ ᠬᠠᠲᠠᠭᠠᠯᠠᠵᠥ᠂ ᠠᠶᠢᠮᠠᠭ ᠤᠨ ᠭᠠᠳᠠᠨ᠎ᠠ ᠠᠴᠠ 26 ᠲᠦᠮᠡᠨ ᠲᠤᠨ ᠡᠪᠡᠰᠥ ᠵᠤᠬᠢᠴᠠᠭᠤᠯᠤᠨ ᠵᠥᠭᠡᠭᠡᠪᠤᠷᠢᠯᠡᠪᠠ᠃ ᠬᠤᠰᠢᠭᠤᠨ ᠤ ᠱᠠᠲᠤᠨ ᠠᠴᠠ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ 3000 ᠲᠣᠨ ᠨᠥᠭᠡᠴᠡᠯᠡᠵᠦ᠂ ᠨᠡᠶᠢᠭᠡᠮᠴᠢᠯᠡᠭᠰᠡᠨ ᠡᠪᠡᠰᠦ ᠪᠣᠷᠳᠤᠭ᠎ᠠ 8000 ᠲᠣᠨ ᠨᠥᠭᠡᠴᠡᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号