ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/27
ᠡᠷᠬᠢᠯᠡᠭᠴᠢ ᠨᠠᠷ᠂ ᠭᠡᠰᠢᠭᠦᠳ ᠡ᠄          ᠤᠳᠤ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠢᠯᠡᠳᠬᠡᠯ ᠬᠢᠶ᠎ᠠ᠂ ᠡᠷᠬᠢᠯᠡᠭᠴᠢ ᠨᠠᠷ᠂ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃      ᠨᠢᠭᠡ᠂ 2023 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠢᠶᠠᠷ ᠵᠠᠮᠨᠠᠬᠤ᠂ ᠳᠤᠮᠳᠠ ᠳᠦᠪᠰᠢᠨ ᠳᠤ ᠳᠠᠪᠰᠢᠬᠤ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ ᠴᠢᠩᠭᠠᠳᠬᠠᠨ᠂ ᠠᠮᠤᠷ ᠲᠦᠪᠰᠢᠨ ᠢ ᠪᠠᠲᠤᠯᠠᠵᠤ᠂ ᠪᠥᠬᠦ ᠵᠢᠯ ᠤᠨ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠬᠥᠮᠦᠰ ᠢ ᠵᠣᠷᠢᠭᠵᠢᠭᠤᠯᠤᠮ᠎ᠠ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃      ᠨᠢᠭᠡ ᠳᠤ ᠠᠵᠤ ᠠᠬᠤᠢ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠪᠠ᠃ ᠭᠠᠵᠠᠷ ᠰᠢᠷᠤᠢ ᠶᠢᠨ ᠭᠠᠷᠳᠠᠮ ᠵᠡᠷᠭᠡ ᠰᠢᠯᠲᠠᠭᠠᠨ ᠠᠴᠠ ᠪᠣᠯᠵᠤ ᠨᠡᠭᠦᠷᠡᠰᠦᠨ ᠤ ᠭᠠᠷᠤᠯᠲᠠ ᠬᠠᠰᠤᠭᠳᠠᠭᠰᠠᠨ ᠵᠡᠷᠭᠡ ᠠᠰᠢᠭ ᠦᠭᠡᠢ ᠨᠦᠯᠦᠭᠡ ᠶᠢ ᠡᠷᠡᠰ ᠲᠡᠪᠴᠢᠵᠦ᠂ ᠠᠵᠤ ᠠᠬᠤᠢ ᠶᠢᠨ ᠠᠵᠢᠯᠯᠠᠭᠠᠨ ᠤ ᠵᠦᠢ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠲᠣᠯᠠᠵᠣ᠂ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6%᠎ ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15%᠎ ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 18%᠎ ᠪᠠᠷ ᠨᠡᠮᠡᠭᠳᠡᠭᠦᠯᠪᠡ᠃ 390 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠣ᠂ ᠠᠶᠢᠮᠠᠭ ᠤᠨ ᠲᠠᠰ ᠤᠨ168 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ 14.7%᠎ ᠪᠠᠷ ᠨᠡᠮᠡᠭᠳᠡᠭᠦᠯᠦᠨ᠂ ᠣᠨ ᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠦ᠂ 45 ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾᠎ ᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠵᠢᠱᠢᠯᠲᠡ ᠪᠠᠷ 290 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ 15%᠎ ᠪᠠᠷ ᠨᠡᠮᠡᠭᠳᠡᠭᠦᠯᠪᠡ᠃ ᠳᠡᠭᠡᠳᠦ ᠱᠠᠲᠤᠨ ᠤ ᠡᠯ᠎ᠡ ᠲᠦᠷᠦᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ 237 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 20.6%᠎ ᠎ ᠪᠠᠷ ᠨᠡᠮᠡᠭᠳᠡᠭᠦᠯᠦᠨ᠂ ︽ᠭᠤᠷᠪᠠ ᠶᠢ ᠪᠠᠲᠤᠯᠠᠬᠤ︾ ᠵᠡᠷᠭᠡ ᠵᠠᠶᠢᠯᠠᠰᠢ ᠦᠭᠡᠢ ᠵᠠᠷᠤᠯᠭ᠎ᠠ ᠶᠢ ᠪᠠᠲᠤᠯᠠᠪᠠ᠃ ᠡᠯ᠎ᠡ ᠲᠥᠷᠥᠯ ᠤᠨ ᠵᠢᠭᠡᠯᠡᠯᠭᠡ ᠶᠢᠨ ᠦᠯᠡᠳᠡᠪᠦᠷᠢ 1278 ᠳ᠋ᠦᠩᠰᠢᠭᠤᠷ ᠲᠥᠭᠦᠷᠢᠭ ᠲᠤ ᠬᠦᠷᠴᠦ᠂ 16.9% ᠎ ᠪᠠᠷ ᠨᠡᠮᠡᠭᠳᠡᠭᠦᠯᠵᠣ᠂ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠳᠤ 262 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠪᠤᠴᠠᠭᠠᠵᠤ ᠬᠤᠶᠢᠰᠢᠯᠠᠭᠤᠯᠤᠭᠰᠠᠨ ᠰᠦᠢᠳᠬᠡᠯ 8.6 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ 2.45 ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠵᠦ᠂ 16 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠬᠡᠪᠴᠢᠶᠡᠵᠢᠭᠰᠡᠨ ᠠᠵᠣ ᠠᠬᠤᠶᠢᠯᠠᠯ ᠎ ᠤᠨ ᠪᠦᠷᠢᠳᠬᠡᠯ ᠳᠤ ᠣᠷᠣᠭᠤᠯᠵᠣ᠂ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠯ ᠦᠢᠯᠡᠴᠢᠯᠡᠭᠡᠨ ᠤ ᠴᠢᠨᠠᠷᠲᠠᠶ 20 ᠠᠵᠤ ᠠᠬᠤᠶᠢᠯᠠᠯ ᠢ ᠬᠠᠷᠢᠶ᠎ᠠ ᠭᠠᠵᠠᠷ ᠲᠤᠨᠢ ᠳᠠᠩᠰᠠᠯᠠᠭᠤᠯᠵᠤ᠂ ᠰᠢᠨ᠎ᠡ ᠪᠠᠷ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠰᠠᠨ ᠠᠵᠤ ᠠᠬᠤᠶᠢᠯᠠᠯ ᠪᠠ ᠬᠠᠷᠢᠶ᠎ᠠ ᠭᠠᠵᠠᠷ ᠲᠤᠨᠢ ᠳᠠᠩᠰᠠᠯᠠᠭᠤᠯᠤᠭᠰᠠᠨ ᠠᠵᠤ ᠠᠬᠤᠶᠢᠯᠠᠯ ᠨᠢ ᠠᠵᠤ ᠠᠬᠤᠶ ᠶᠢᠨ ᠨᠡᠮᠡᠭᠳᠡᠯ ᠢ ᠬᠦᠴᠦᠲᠡᠶ ᠲᠤᠯᠭᠠᠭᠤᠷᠢᠯᠠᠪᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂  ᠲᠣᠨᠣᠮᠠᠯ ᠪᠡᠯᠡ ᠮᠥᠩᠭᠦ᠂ ︽ ᠬᠠᠭᠠᠰ ᠳᠤᠲᠠᠭᠤ ᠤᠷᠬᠢᠭᠰᠠᠨ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠵᠡᠷᠭᠡ 4 ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠣᠶ  ᠪᠠ ᠰᠤᠯᠠ ᠪᠠᠶᠢᠭ᠎ᠠ ᠭᠠᠵᠠᠷ ᠰᠢᠷᠣᠶ ᠶᠢ ᠲᠤᠶᠢᠯᠪᠤᠷᠢᠲᠠᠢ ᠰᠢᠢᠳᠪᠦᠷᠢᠯᠡᠬᠦ ᠲᠠᠯ᠎ᠠ ᠪᠠᠷ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃      ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠦᠷ᠎ᠡ ᠪᠦᠲᠦᠮᠵᠢ ᠢᠯᠡᠳᠲᠡ ᠪᠣᠯᠪᠠ᠃ ᠵᠢᠱᠢᠯᠲᠡ ᠪᠠᠷ ᠪᠥᠬᠦ ᠠᠶᠢᠮᠠᠭ ᠤᠨ ᠡᠨᠧᠷᠭᠢ ᠶᠢᠨ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠢ 2.5 ᠵᠠᠭᠤᠨ ᠤ ᠬᠤᠪᠢ ᠪᠠᠷ ᠳᠡᠬᠡᠭᠰᠢᠯᠡᠭᠦᠯᠵᠣ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ 28%᠎ ᠪᠠᠷ ᠨᠡᠮᠡᠭᠳᠡᠬᠦᠯᠵᠣ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠢ 29.5%᠎ ᠪᠠᠷ  ᠨᠡᠮᠡᠭᠳᠡᠭᠦᠯᠪᠡ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 623 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠣ᠂ 1968 ᠲᠦᠮᠡᠨ ᠺᠢᠯᠣᠸᠠᠲ ᠲᠤ ᠬᠦᠷᠭᠡᠵᠣ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 56%᠎ ᠶᠢ ᠡᠵᠡᠯᠡᠨ᠂ ᠪᠥᠬᠦ ᠣᠷᠣᠨ ᠳᠤ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠨᠢ ᠢᠯᠴᠢ ᠶᠢᠨ ᠴᠠᠬᠢᠯᠭᠠᠨ ᠎ ᠠᠴᠠ ᠳᠠᠪᠠᠭᠤᠯᠣᠭᠰᠠᠨ ᠢ ᠤᠷᠢᠳᠠᠪᠠᠷ ᠪᠡᠶᠡᠯᠡᠭᠦᠯᠵᠣ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ ᠭᠠᠷᠭᠠᠬᠤ ᠬᠡᠮᠵᠢᠶ᠎ᠡ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠵᠢᠯ ᠤᠨ ᠲᠦᠭᠦᠬᠡᠶ ᠨᠡᠭᠦᠷᠡᠰᠦᠨ ᠤ ᠭᠠᠷᠤᠯᠲᠠ ᠎ ᠶᠢ 1.37 ᠳ᠋ᠦᠩᠰᠢᠭᠤᠷ ᠲᠣᠨ ᠳᠤ ᠬᠦᠷᠭᠡᠵᠣ᠂ 0.9 %᠎ ᠪᠠᠷ ᠨᠡᠮᠡᠭᠳᠡᠭᠦᠯᠵᠣ᠂  ᠴᠠᠬᠢᠯᠭᠠᠨ ᠭᠠᠷᠭᠠᠬᠤ ᠬᠡᠮᠵᠢᠶ᠎ᠡ ᠎ ᠶᠢ 1007 ᠳ᠋ᠦᠩᠰᠢᠭᠤᠷ ᠭᠷᠠᠳᠦ᠋ᠰ ᠲᠤ ᠬᠦᠷᠭᠡᠵᠣ᠂ 11%᠎ ᠪᠠᠷ ᠨᠡᠮᠡᠭᠳᠡᠭᠦᠯᠪᠡ᠂ ᠡᠭᠦᠨ ᠳᠤ ᠭᠠᠳᠠᠭᠰᠢ ᠬᠦᠷᠭᠡᠭᠰᠡᠨ ᠨᠡᠭᠦᠷᠡᠰᠦ ᠶᠢ 7560 ᠲᠦᠮᠡᠨ ᠲᠣᠨ᠂ ᠭᠠᠳᠠᠭᠰᠢ ᠬᠦᠷᠭᠡᠭᠰᠡᠨ ᠴᠠᠬᠢᠯᠭᠠᠨ ᠢ 812 ᠳ᠋ᠦᠩᠰᠢᠭᠤᠷ ᠭᠷᠠᠳᠦ᠋ᠰ ᠲᠤ ᠬᠦᠷᠭᠡᠵᠣ᠂ ᠴᠥᠮ ᠪᠥᠬᠦ ᠣᠷᠣᠨ ᠤ ᠬᠤᠶᠠᠳᠤᠭᠠᠷ ᠲᠤ  ᠪᠠᠶᠢᠷᠢᠯᠠᠭᠤᠯᠪᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠶ ᠪᠠᠶᠢᠵᠤ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠪᠠ ᠬᠦᠨᠳᠦ ᠠᠴᠢᠶᠠᠨ ᠤ ᠮᠠᠰᠢᠨ ᠤ ᠯᠢᠲ᠋ᠢ ᠶᠢᠨ ᠴᠠᠬᠢᠯᠭᠠᠨ ᠴᠡᠨᠡᠭ᠂ ᠪᠢᠯᠢᠭ ᠲᠦᠢᠯ ᠤᠨ ᠮᠠᠲ᠋ᠧᠷᠢᠶᠠᠯ᠂ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠥᠢᠯᠡᠳᠬᠦ᠂ ᠴᠢᠨᠠᠷ ᠰᠠᠶᠢᠲᠠᠢ ᠥᠨᠳᠥᠷ ᠠᠴᠢᠶᠠᠯᠠᠭᠴᠢ ᠡᠨᠧᠷᠭᠢ ᠵᠡᠷᠭᠡ ᠨᠢᠭᠡ ᠪᠦᠯᠦᠭ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠦᠯᠡᠮᠵᠢ ᠤᠯᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠤᠶᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ︽ᠰᠢᠯᠢ ᠶᠢᠨ ᠭᠤᠤᠯ ᠬᠤᠨᠢ︾᠎ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽2023 ᠣᠨ ᠤ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ︾᠎ ᠳᠤ ᠰᠣᠩᠭᠤᠭᠳᠠᠨ ᠣᠷᠣᠵᠤ᠂ 31.5 ᠲᠦᠮᠡᠨ ᠪᠡᠯᠴᠢᠭᠡᠷ ᠤᠨ ᠬᠤᠨᠢ ᠶᠢ ᠮᠥᠷᠳᠡᠨ ᠪᠠᠶᠢᠴᠠᠭᠠᠵᠤ᠂ ᠬᠤᠳᠠᠯᠳᠣᠨ ᠠᠪᠬᠤ ᠦᠨ᠎ᠡ ᠨᠢ ᠳᠤᠮᠳᠠᠴᠢ ᠪᠠᠷ ᠵᠠᠬ᠎ᠠ ᠳᠡᠯᠭᠡᠭᠦᠷ ᠤᠨ ᠦᠨ᠎ᠡ ᠠᠴᠠ ᠵᠢᠩ ᠪᠦᠷᠢ ᠳᠤ ᠪᠠᠨ 1 ᠲᠥᠭᠦᠷᠢᠭ ᠥᠨᠳᠥᠷ ᠪᠠᠶᠢᠵᠤ᠂ ᠦᠢᠯᠡᠳᠬᠦᠨ ᠤ ᠪᠣᠷᠣᠯᠠᠭᠤᠯᠭ᠎ᠠ ᠶᠢᠨ ᠦᠨ᠎ᠡ ᠶᠢ 8%᠎ ᠠᠴᠠ ᠳᠡᠭᠡᠭᠰᠢ ᠦᠰᠭᠡᠪᠡ᠃ ︽ᠰᠢᠯᠢ ᠶᠢᠨ ᠭᠤᠤᠯ ᠴᠠᠭᠠᠨ ᠢᠳᠡᠭᠡᠨ︾᠎ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠯᠡ ᠨᠡᠶᠢᠲᠡᠯᠡᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠲᠦᠷᠦᠭᠦᠦ ᠪᠦᠯᠦᠭ ᠤᠨ ︽ᠮᠢᠩᠭᠠᠨ ᠠᠵᠤ ᠠᠬᠤᠶᠢᠯᠠᠯ ᠵᠠᠭᠤᠨ ᠬᠤᠲᠠ︾᠎ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠢ ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠭᠤᠯᠵᠣ᠂ 17 ᠡᠵᠡᠩᠨᠡᠯᠲᠡ ᠶᠢᠨ ᠭᠤᠤᠯ ᠴᠣᠭᠴᠠ ᠳᠤ ᠡᠷᠬᠡ ᠣᠯᠭᠤᠵᠤ᠂ 10 ᠭᠠᠷ ᠦᠢᠯᠡᠳᠪᠦᠷᠢ ᠶᠢᠨ ᠦᠢᠯᠡᠳᠬᠡᠯ ᠤᠨ ᠭᠠᠵᠠᠷ ᠢ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠭᠠᠨ ᠳᠡᠰ ᠳᠡᠪᠰᠢᠭᠦᠯᠪᠡ᠃ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠦᠷᠭᠦᠯᠵᠢᠯᠡᠨ ᠪᠠᠲᠤᠵᠢᠵᠤ᠂ ᠮᠠᠯᠵᠢᠯ ᠤᠨ ᠣᠨ ᠤ ᠮᠢᠬᠠᠨ ᠤ ᠦᠬᠡᠷ ᠤᠨ ᠲᠤᠭ᠎ᠠ ᠶᠢ 220 ᠲᠦᠮᠡ᠂ ᠮᠢᠬᠠᠨ ᠤ ᠬᠤᠨᠢᠨ ᠤ ᠲᠤᠭ᠎ᠠ ᠶᠢ 1100 ᠲᠦᠮᠡ ᠳᠤ ᠭᠦᠷᠭᠡᠵᠣ᠂ ᠤᠯᠤᠰ ᠤᠨ ᠮᠢᠬᠠᠨ ᠤ ᠦᠬᠡᠷ ︵ᠬᠤᠸᠠᠰᠢ ᠦᠬᠡᠷ︶᠎ ᠤᠨ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ 1᠎ ᠶᠢ ᠰᠢᠨ᠎ᠡ ᠪᠠᠷ ᠲᠣᠭᠲᠠᠭᠠᠪᠠ᠃ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ᠂ ᠮᠢᠩᠭᠠᠨ ᠭᠠᠵᠠᠷ ᠤᠨ ᠲᠦᠮᠡᠨ ᠬᠥᠮᠦᠨ ᠤ ᠮᠥᠰᠥ ᠴᠠᠰᠣ ᠶᠢ ᠳᠣᠭᠤᠯᠬᠤ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠪᠦᠬᠦ ᠵᠢᠯ ᠳᠤ ᠳᠣᠭᠤᠰᠢᠯᠠᠭᠤᠯᠵᠣ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠲᠣᠭᠤᠷᠢᠯ ᠱᠤᠭᠤᠮ ᠢ ᠠᠩᠬᠠᠳᠣᠭᠠᠷ ᠣᠳᠠᠭ᠎ᠠ ᠡᠷᠬᠢᠯᠡᠵᠣ᠂ ᠵᠢᠦ ᠴᠢᠦᠶ ᠸᠠᠨ ᠦᠵᠡᠮᠵᠢ ᠶᠢᠨ ᠣᠷᠣᠨ ᠢ ᠤᠯᠤᠰ ᠤᠨ 5 A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠪᠠᠷ ᠰᠣᠶᠣᠯ ᠵᠢᠭᠤᠯᠴᠢᠯᠠᠯ ᠤᠨ ᠶᠠᠮᠤᠨ ᠳᠤ ᠮᠡᠳᠡᠭᠦᠯᠵᠣ᠂ ᠲᠤᠯᠤᠨ ᠨᠠᠭᠤᠷ ᠤᠨ ᠦᠵᠡᠮᠵᠢ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠤᠭᠠᠴᠠᠯ ᠤᠨ ᠣᠷᠣᠨ ᠪᠣᠯᠭᠠᠨ ᠪᠠᠶᠢᠭᠤᠯᠵᠤ᠂ ᠪᠦᠬᠦ ᠠᠶᠢᠮᠠᠭ ᠢᠶᠠᠷ ᠢᠶᠠᠨ 1630 ᠲᠦᠮᠡᠨ ᠬᠥᠮᠦᠨ ᠣᠳᠠᠭᠠᠨ ᠤ ᠵᠤᠭᠠᠴᠠᠭᠰᠠᠳ ᠢ ᠬᠦᠯᠢᠶᠡᠨ ᠠᠪᠴᠤ᠂ 218 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠪᠠ᠃ ᠦᠳᠡᠰᠢ ᠶᠢᠨ ᠠᠵᠤ ᠠᠬᠤᠶ ᠪᠠ ᠳᠡᠯᠭᠡᠭᠦᠷ ᠤᠨ ᠭᠠᠳᠠᠨᠠᠬᠢ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠨᠡᠶᠢᠲᠡᠯᠡᠨ  ᠬᠡᠷᠡᠭᠵᠢᠬᠦᠯᠵᠣ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠮᠢᠩᠭ᠎ᠠ ᠰᠢᠬᠠᠮ ᠤᠳᠠᠭ᠎ᠠ ᠥᠷᠨᠢᠭᠦᠯᠵᠦ᠂ 10 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠷᠡᠭᠯᠡᠭᠡ ᠶᠢ ᠲᠠᠶᠢᠴᠢᠯᠠᠪᠠ᠃ ᠵᠢᠱᠢᠯᠲᠡ ᠪᠠᠷ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 4.5 %᠎ ᠪᠠᠷ ᠨᠡᠮᠡᠭᠳᠡᠭᠦᠯᠪᠡ᠃        ᠭᠤᠷᠪᠠ ᠳᠤ ᠠᠮᠢ ᠠᠬᠤᠢ ᠶᠢᠨ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠎ ᠢᠶᠠᠨ ᠪᠠᠬᠢᠵᠢᠭᠦᠯᠦᠨ ᠥᠷᠭᠡᠳᠬᠡᠪᠡ᠃ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠵᠢᠭᠦᠯᠬᠦ ᠲᠥᠰᠦᠯ︾᠎ ᠢ ᠨᠠᠶᠢᠷᠠᠭᠤᠯᠤᠨ ᠳᠠᠭᠤᠰᠬᠠᠵᠤ᠂ 109.5 ᠲᠦᠮᠡᠨ ᠮᠥ ᠡᠯᠡᠰᠦᠷᠬᠡᠭ ᠭᠠᠵᠠᠷ ᠢ ᠵᠠᠰᠠᠵᠤ᠂ 33 ᠲᠦᠮᠡᠨ ᠮᠤ᠋ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ 34.38 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ 4.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠭᠤᠷᠬᠠᠶ ᠮᠠᠯᠲᠠᠬᠤ ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠠᠭᠤᠷᠬᠠᠶ ᠶᠢ ᠨᠡᠶᠢᠳᠡ 31.4 ᠬᠠᠪᠳᠠᠭᠠᠢ ᠳᠥᠷᠪᠡᠯᠵᠢᠨ ᠺᠢᠯᠣᠮᠧᠲᠷ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ ᠠᠵᠢᠯ ᠢᠶᠠᠨ ᠦᠨᠳᠦᠰᠦᠨ ᠳᠤ ᠪᠠᠨ ᠪᠡᠶᠡᠯᠡᠭᠦᠯᠪᠡ᠃ ︽ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠲᠤᠬᠠᠶ ᠠᠵᠢᠯᠯᠠᠭᠠᠨ ᠤ ᠲᠥᠰᠦᠯ︾ ᠪᠠ ᠪᠡᠯᠴᠢᠭᠡᠷ ᠰᠡᠷᠭᠦᠭᠡᠵᠣ ᠪᠡᠯᠴᠢᠭᠡᠷᠯᠡᠭᠦᠯᠬᠦ ᠶᠢ ᠵᠣᠭᠰᠣᠭᠠᠬᠤ ᠵᠢᠴᠢ ᠰᠢᠯᠭᠠᠨ ᠬᠤᠷᠢᠶᠠᠬᠤ ᠠᠵᠢᠯ ᠤᠨ ᠲᠥᠰᠦᠯ ᠲᠣᠭᠲᠠᠭᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠪᠠ ᠲᠦᠷᠢᠮ ᠎ ᠠᠴᠠ  ᠵᠦᠷᠢᠴᠡᠨ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠠᠨ ᠤᠯᠠᠮ ᠲᠡᠭᠦᠯᠳᠡᠷᠵᠢᠭᠦᠯᠪᠡ᠃ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠥᠬᠦ ᠣᠷᠣᠨ ᠤ ᠲᠡᠷᠢᠬᠦᠨ ᠳᠤ ᠲᠣᠭᠳᠠᠭᠤᠨ ᠪᠠᠶᠢᠷᠢᠯᠠᠵᠣ᠂ 4 ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ ᠬᠦᠷᠭᠡᠵᠦ  ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠦᠬᠦᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ ᠨᠢ ᠳᠣᠯᠣᠳᠤᠭᠠᠷ ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠨᠡᠷᠡᠶᠢᠳᠦᠭᠳᠡᠵᠣ᠂ ᠤᠯᠠᠭᠠᠶ ᠬᠠᠮᠢᠶᠠᠷᠤᠯᠲᠠ ᠶᠢᠨ ᠣᠷᠣᠨ᠂ ᠲᠤᠯᠤᠨ ᠨᠣᠣᠷ ᠰᠢᠶᠠᠨ ᠲᠣᠰ ᠲᠣᠰ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃       ᠳᠦᠷᠪᠡ ᠳᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠪᠠ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠰᠢᠯᠤᠭᠤᠨ ᠬᠥᠬᠡ ᠬᠤᠰᠢᠭᠤᠨ ᠠᠴᠠ ᠰᠢᠯᠢ ᠶᠢᠨ ᠬᠤᠲᠠ ᠬᠥᠷᠬᠦ ᠬᠡᠰᠡᠭ ᠤᠨ ᠲᠡᠮᠦᠷ ᠵᠠᠮ ᠢ ᠴᠠᠬᠢᠯᠭᠠᠨᠵᠢᠭᠤᠯᠤᠨ ᠨᠡᠪᠲᠡᠷᠡᠭᠦᠯᠪᠡ︔ ᠵᠢᠨᠢᠩ ᠠᠴᠠ ᠲᠦᠩᠯᠢᠶᠣᠣ ᠭᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠤᠩᠬᠤᠨ ᠠᠴᠠ ᠮᠦᠩᠭᠦᠨᠳᠠᠯ᠎ᠠ ᠬᠦᠷᠬᠦ ᠬᠡᠰᠡᠭ ᠲᠤ ᠲᠡᠷᠭᠡ ᠨᠡᠪᠳᠡᠷᠡᠭᠦᠯᠪᠡ᠃ ᠵᠠᠰᠠᠮᠠᠯ ᠵᠠᠮ ᠤᠨ ᠲᠥᠷᠥᠯ ᠵᠦᠢᠯ ᠳᠤ 23 ᠳ᠋ᠦᠩᠰᠢᠭᠤᠷ ᠲᠥᠭᠦᠷᠢᠭ ᠤᠨ ᠪᠠᠯᠠ  ᠣᠷᠣᠭᠤᠯᠵᠣ᠂ ᠤᠯᠤᠰ ᠤᠨ ᠵᠠᠮ ᠤᠨ 5511 ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ ᠂ ᠤᠯᠤᠰ ᠤᠨ ᠵᠠᠮ ᠤᠨ 331ᠱᠤᠭᠤᠮ ᠤᠨ ᠠᠷᠤ ᠨᠠᠭᠤᠷ ᠤᠨ ᠪᠥᠳᠥᠭᠦᠨ ᠠᠴᠠ ᠤᠯᠢᠶᠠᠰᠤᠲᠠᠢ ᠬᠦᠷᠬᠦ ᠬᠡᠰᠡᠭ ᠵᠡᠷᠭᠡ ᠤᠯᠤᠰ ᠤᠨ ᠪᠠ ᠮᠤᠵᠢ ᠶᠢᠨ ᠵᠠᠰᠠᠮᠠᠯ ᠵᠠᠮ ᠤᠨ 4 ᠵᠤᠷᠪᠤᠰ ᠭᠤᠣᠯ ᠴᠣᠭᠴᠠ ᠶᠢ ᠨᠡᠪᠲᠡᠷᠡᠭᠦᠯᠵᠦ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ ᠵᠡᠷᠭᠡ 2 ᠵᠤᠷᠪᠤᠰ ᠰᠢᠨ᠎ᠡ ᠪᠠᠷ ᠵᠠᠰᠠᠭᠰᠠᠨ ᠵᠠᠰᠠᠮᠠᠯ ᠵᠠᠮ ᠪᠠ ᠤᠯᠤᠰ ᠤᠨ ᠵᠠᠮ ᠤᠨ 303 ᠱᠤᠭᠤᠮ ᠤᠨ ᠠᠴᠢᠨ᠋ᠭᠤᠯᠠ ᠠᠴᠠ ᠰᠢᠯᠢ ᠶᠢᠨ ᠬᠤᠲᠠ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠪᠠᠨ ᠡᠬᠢᠯᠡᠭᠦᠯᠵᠦ᠂ 633 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠦᠷᠭᠦᠯᠵᠢᠯᠡᠨ ᠵᠠᠰᠠᠪᠠ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ︵ᠨᠢᠭᠡᠳᠦᠭᠡᠷ ᠪᠠᠷᠢᠮᠵᠢᠶᠠᠲᠤ ᠬᠡᠰᠡᠭ︶᠎ ᠤᠨ ᠪᠠᠷᠢᠯᠭ᠎ᠠ ᠳᠠᠭᠤᠰᠣᠨ ᠰᠢᠯᠭᠠᠨ ᠬᠤᠷᠢᠶᠠᠵᠤ᠂ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠥᠬᠦ ᠠᠶᠢᠮᠠᠭ ᠤᠨ ᠨᠢᠰᠬᠡᠯ ᠤᠨ ᠪᠠᠭᠤᠳᠠᠯ ᠤᠨ ᠠᠶᠠᠨᠴᠢᠳ ᠤᠨ ᠵᠠᠮᠨᠠᠭᠰᠠᠨ ᠬᠡᠮᠵᠢᠶ᠎ᠡ ᠶᠢ 124 ᠲᠦᠮᠡᠨ ᠬᠥᠮᠦᠨ ᠤᠳᠠᠭ᠎ᠠ ᠎ ᠳᠤ ᠬᠦᠷᠭᠡᠵᠣ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠵᠠᠭᠤᠨ ᠲᠦᠮᠡᠨ ᠲᠠᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠡᠩᠨᠡᠭᠡᠨ ᠳᠤ ᠣᠷᠣᠭᠤᠯᠪᠠ᠃ ᠴᠠᠬᠢᠯᠭᠠᠨ ᠲᠣᠣᠷ ᠤᠨ ᠢᠨᠵᠧᠨᠧᠷᠢᠩ ᠤᠨ ᠪᠡᠯᠡ ᠣᠷᠣᠭᠤᠯᠤᠯᠲᠠ 22 ᠳ᠋ᠦᠩᠰᠢᠭᠤᠷ ᠲᠥᠭᠦᠷᠢᠭ ᠢ ᠳᠠᠪᠠᠵᠤ᠂ ᠢᠯᠠᠯᠲᠠ ᠠᠴᠠ ᠵᠠᠩᠪᠸᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠨᠡᠪᠲᠡᠷᠡᠬᠦ ᠵᠠᠮ ᠢ ᠡᠬᠢᠯᠡᠨ ᠪᠦᠳᠦᠭᠡᠨ ᠪᠠᠶᠢᠭᠤᠯᠵᠤ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠬᠦᠷᠭᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠪᠣᠯᠠᠭ᠂ ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 6 ᠰᠠᠭᠤᠷᠢ 500 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠢᠯᠢ ᠶᠢᠨ ᠬᠤᠳᠠ ᠶᠢᠨ ᠪᠠᠷᠠᠭᠤᠨ ᠬᠡᠰᠡᠭ ᠠᠴᠠ ᠰᠦᠨᠢᠳ ᠵᠡᠭᠦᠨ ᠬᠤᠰᠢᠭᠤ ᠬᠦᠷᠬᠦ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠣᠭᠤᠷᠢᠯ ᠵᠠᠮ ᠢ ᠡᠬᠢᠯᠡᠨ ᠪᠦᠳᠦᠭᠡᠨ ᠪᠠᠶᠢᠭᠤᠯᠵᠤ᠂ 47 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠬᠢᠯᠢ ᠬᠢᠵᠠᠭᠠᠷ ᠤᠨ 1866  ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠪᠡᠶᠡᠯᠡᠭᠦᠯᠪᠡ᠃ 4434 ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠣᠭᠰᠠᠷᠠᠵᠣ᠂ ᠪᠥᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠳᠤ ᠴᠢᠮᠡᠭᠡ ᠬᠤᠯᠪᠤᠭ᠎ᠠ ᠪᠥᠬᠦᠨ ᠢ ᠨᠡᠪᠲᠡᠷᠡᠭᠦᠯᠬᠦ ᠶᠢ ᠡᠩ ᠲᠡᠷᠢᠭᠦᠨ ᠳᠤ ᠬᠡᠷᠡᠭᠵᠢᠭᠦᠯᠬᠦ ᠶᠢᠨ ᠬᠠᠮᠲᠤ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠲᠦᠮᠡ ᠰᠢᠬᠠᠮ ᠬᠥᠮᠦᠨ ᠳᠤ ᠤᠰᠤ ᠣᠮᠳᠠ ᠬᠠᠩᠭᠠᠬᠤ ᠪᠠᠲᠤᠯᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ 6.56 ᠳ᠋ᠦᠩᠰᠢᠭᠤᠷ ᠲᠥᠭᠦᠷᠢᠭ ᠣᠷᠣᠭᠤᠯᠵᠤ᠂ 233 ᠲᠥᠷᠥᠯ ᠵᠦᠢᠯ ᠢ ᠬᠡᠷᠡᠭᠵᠢᠭᠦᠯᠦᠨ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 81.8%᠎ ᠳᠤ ᠭᠦᠷᠭᠡᠪᠡ᠃  ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠎ ᠶᠢ ᠶᠡᠬᠡᠪᠡᠷ ᠬᠡᠷᠡᠭᠵᠢᠭᠦᠯᠵᠦ᠂ ᠪᠡᠭᠡᠵᠢᠩ ᠤᠨ 1.5 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠪᠣᠳᠠᠲᠠᠶᠢᠵᠢᠭᠤᠯᠵᠤ᠂ 68 ᠲᠥᠷᠥᠯ ᠵᠦᠢᠯ ᠢ ᠬᠡᠷᠡᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ 91 ᠬᠡᠷᠡᠭᠵᠢᠭᠦᠯᠵᠦ᠂ 2.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠵᠦ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠪᠠᠷ ᠴᠥᠮ ᠢᠯᠡᠳᠲᠡ ᠦᠷ᠎ᠡ ᠪᠦᠲᠦᠮᠵᠢ ᠣᠯᠪᠠ᠃ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠢ ᠨᠠᠮ ᠤᠨ ᠲᠥᠪ ᠬᠤᠷᠢᠶᠠᠨ ᠤ ᠠᠯᠪᠠᠨ ᠭᠡᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠰᠠᠶᠢᠰᠢᠶᠠᠨ ᠬᠥᠬᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠣᠪᠴᠢᠶᠠᠨ ᠠᠴᠠ ᠨᠡᠶᠢᠲᠡᠯᠢᠭ ᠬᠡᠷᠡᠭ ᠤᠨ ᠵᠢᠱᠢᠶ᠎ᠡ ᠪᠠᠷ ᠪᠦᠬᠦ ᠤᠯᠤᠰ ᠲᠤ ᠳᠡᠯᠭᠡᠷᠡᠭᠦᠯᠪᠡ᠃       ᠲᠠᠪᠤ ᠳᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 3.0 ᠠᠵᠢᠯᠯᠠᠭᠠᠨ ᠤ ᠲᠥᠰᠦᠯ ᠤᠨ 181ᠲᠦᠷᠦᠯ ᠤᠨ ᠡᠭᠦᠷᠭᠡ ᠪᠠᠨ ᠪᠦᠬᠦᠨ ᠢ ᠪᠡᠶᠡᠯᠡᠭᠦᠯᠪᠡ᠃ ︽ᠬᠤᠶᠠᠷ ᠰᠢᠯᠢᠳᠡᠭ︾ ᠎ ᠤᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ 36.5%᠎ ᠪᠠᠷ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 35.2%᠎ ᠢᠶᠠᠷ ᠴᠣᠮᠬᠠᠳᠬᠠᠪᠠ᠃ ︽ᠮᠥᠩᠬᠡ ᠰᠤᠪᠠᠭ︾᠎ ᠨᠢ 806 ᠲᠥᠷᠥᠯ ᠤᠨ ᠣᠨᠴᠠᠯᠢᠭᠲᠤ ᠬᠡᠷᠡᠭᠯᠡᠯᠲᠡ ᠶᠢ ᠬᠤᠷᠠᠮᠳᠤᠭᠤᠯᠵᠤ᠂ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠪᠠ︔ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠪᠠ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ ᠲᠣᠰ ᠲᠣᠰ 97% ᠪᠠ 88%᠎ ᠳᠤ ᠬᠦᠷᠦᠭᠦᠯᠵᠦ᠂ ᠪᠣᠳᠠᠲᠠᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 70%᠎ ᠳᠤ ᠬᠦᠷᠦᠭᠦᠯᠵᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ︔ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠪᠦᠬᠦᠨ ᠢ ᠬᠠᠮᠤᠷᠬᠤ ᠶᠢ ᠪᠡᠶᠡᠯᠡᠭᠦᠯᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠎ ᠪᠠᠷ ᠨᠡᠶᠢᠲᠡ 29 ᠲᠦᠮᠡᠨ  ᠠᠵᠢᠯ ᠤᠨ ᠬᠠᠭᠤᠳᠠᠰᠤ ᠶᠢ ᠭᠦᠢᠴᠡᠳᠬᠡᠨ ᠳᠠᠭᠤᠰᠬᠠᠵᠤ᠂  ᠲᠣᠰᠬᠠᠯ ᠤᠨ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠨᠤᠮᠵᠢ ᠶᠢᠨ ᠨᠣᠷᠮ᠎ᠠ ᠶᠢ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ 26 ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 76 ᠳᠤᠮᠳᠠ ᠵᠢᠵᠢᠭ ᠠᠵᠤ ᠠᠬᠤᠶᠢᠯᠠᠯ ᠢ ᠬᠢᠨᠠᠨ ᠦᠨᠡᠯᠡᠵᠦ ᠬᠥᠮᠥᠷᠭᠡᠯᠡᠵᠦ᠂ ︽ᠬᠤᠣᠰ ᠳᠠᠬᠢᠨ ᠢᠶᠠᠷ ᠨᠡᠮᠡᠭᠳᠡᠭᠦᠯᠬᠦ︾ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ︔ ᠰᠢᠨ᠎ᠡ ᠪᠠᠷ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 17 ᠪᠠᠶᠢᠵᠤ᠂ ᠶᠡᠷᠦᠩᠬᠡᠢ ᠲᠤᠭ᠎ᠠ ᠶᠢ 42᠎ ᠲᠤ ᠬᠦᠷᠭᠡᠵᠦ᠂ 68%᠎ ᠪᠠᠷ ᠨᠡᠮᠡᠭᠳᠡᠭᠦᠯᠪᠡ᠃ ᠡᠷᠢᠶᠡᠨ ᠬᠤᠲᠠ — ᠵᠠᠮ ᠤᠨ ᠡᠭᠦᠳᠡ ᠶᠢᠨ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠵᠦᠪᠰᠢᠶᠡᠷᠡᠯ ᠠᠪᠬᠤ ᠳᠤ ᠤᠯᠤᠰ ᠤᠨ ᠬᠠᠮᠢᠶ᠎ᠠ ᠪᠥᠬᠦᠶ ᠶᠠᠮᠤᠨ ᠵᠥᠪᠯᠡᠯ ᠤᠨ ᠬᠠᠮᠲᠤᠷᠠᠨ ᠭᠠᠷ ᠤᠨ ᠥᠰᠥᠭ ᠵᠢᠷᠤᠬᠤ ᠶᠢ ᠪᠡᠶᠡᠯᠡᠭᠦᠯᠵᠦ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠢᠮᠠᠭᠠᠨ ᠨᠣᠣᠯᠣᠷ᠂ ᠮᠠᠭᠠᠯᠢᠩᠭᠤ ᠶᠢᠨ ᠦᠷ᠎ᠡ ᠵᠡᠷᠭᠡ ᠭᠠᠳᠠᠭᠠᠳᠤ ᠠᠴᠠ ᠣᠷᠣᠭᠤᠯᠤᠭᠰᠠᠨ ᠣᠨᠴᠠᠯᠢᠭᠲᠤ ᠲᠠᠸᠠᠷ ᠤᠨ  ᠭᠠᠳᠠᠭᠠᠳᠣ ᠠᠷᠠᠯᠵᠢᠶᠠᠨ ᠤ ᠰᠣᠯᠢᠯᠴᠠᠭᠠᠨ ᠤ ᠵᠠᠮ ᠨᠡᠭᠡᠭᠡᠬᠦ ᠶᠢ ᠪᠡᠶᠡᠯᠡᠭᠦᠯᠵᠦ᠂ ᠵᠡᠭᠦᠨ ᠬᠠᠲᠠᠪᠴᠢ ᠪᠣᠭᠤᠮᠲᠠ ᠶᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠬᠢᠯᠢ ᠶᠢᠨ ᠪᠣᠭᠤᠮᠲᠠ ᠳᠤ ᠵᠢᠭᠰᠠᠭᠠᠨ ᠣᠷᠣᠭᠤᠯᠪᠠ᠃ ᠪᠥᠬᠦ ᠠᠶᠢᠮᠠᠭ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2195 ᠲᠦᠮᠡᠨ ᠲᠣᠨ ᠳᠤ ᠭᠦᠷᠭᠡᠵᠣ᠂ 53.4 %᠎ ᠪᠠᠷ  ᠨᠡᠮᠡᠭᠳᠡᠭᠦᠯᠦᠨ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ 3294 ᠴᠤᠪᠤᠭ᠎ᠠ ᠳᠤ ᠭᠦᠷᠭᠡᠵᠣ᠂ 30.8 %᠎ ᠪᠠᠷ ᠨᠡᠮᠡᠭᠳᠡᠭᠦᠯᠪᠡ︔ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠶᠡᠷᠦᠩᠬᠡᠶ ᠲᠤᠭ᠎ᠠ ᠶᠢ 115 ᠳ᠋ᠦᠩᠰᠢᠭᠤᠷ ᠲᠥᠭᠦᠷᠢᠭ ᠲᠤ ᠭᠦᠷᠭᠡᠵᠣ᠂ 62 %᠎ ᠢᠶᠠᠷ  ᠨᠡᠮᠡᠭᠳᠡᠭᠦᠯᠪᠡ᠃        ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠪᠡ᠃ ᠵᠢᠱᠢᠯᠲᠡ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠲᠣᠰ ᠲᠣᠰ 5% ᠪᠠ 7%᠎ ᠪᠠᠷ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠠᠷᠠᠳ ᠤᠨ ᠠᠮᠢᠳᠤᠷᠠᠯ ᠤᠨ 43 ᠪᠣᠳᠠᠲᠤ ᠶᠠᠪᠤᠳᠠᠯ ᠢᠶᠠᠨ ᠪᠦᠬᠦᠨ ᠢ ᠪᠡᠶᠡᠯᠡᠭᠦᠯᠪᠡ᠃ ᠪᠦᠬᠦ ᠠᠶᠢᠮᠠᠭ ᠤᠨ ᠬᠤᠲᠠ ᠪᠠᠯᠭᠠᠰᠤᠨ ᠤ 1.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 5789 ᠰᠢᠬᠠᠮ ᠰᠤᠷᠤᠭᠴᠢᠳ ᠲᠤ ᠠᠵᠢᠯ ᠣᠯᠭᠤᠪᠠ᠃ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ ᠪᠥᠬᠦ ᠣᠷᠣᠨ ᠤ ᠳᠥᠷᠪᠡᠳᠦᠭᠡᠷ ᠲᠤ  ᠪᠠᠶᠢᠷᠢᠯᠠᠵᠣ᠂ 600 ᠬᠤᠪᠢ ᠠᠴᠠ ᠳᠡᠭᠡᠭᠰᠢᠬᠢ ᠰᠢᠯᠭᠠᠭᠤᠯᠤᠭᠰᠠᠳ ᠤᠨ ᠲᠤᠭ᠎ᠠ ᠶᠢ ᠥᠩᠭᠡᠷᠡᠭᠰᠡᠨ ᠵᠢᠯ ᠤᠨ ᠬᠢ ᠠᠴᠠ ᠳᠠᠬᠢᠨ ᠢᠶᠠᠷ ᠨᠡᠮᠡᠭᠳᠡᠭᠦᠯᠪᠡ᠃ 10 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠤᠷᠭᠠᠭᠤᠯᠢ ᠶᠢᠨ ᠪᠠᠶᠢᠷᠢ ᠶᠢ ᠵᠠᠰᠠᠨ ᠪᠠᠬᠢᠵᠢᠬᠦᠯᠬᠦ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠰᠢᠯᠭᠠᠨ ᠬᠤᠷᠢᠶᠠᠬᠤ ᠶᠢ ᠦᠨᠳᠦᠰᠦᠨ ᠳᠡᠭᠡᠨ ᠳᠠᠭᠤᠰᠬᠠᠪᠠ᠃ ᠮᠠᠨ ᠤ ᠠᠶᠢᠮᠠᠭ ᠪᠥᠬᠦ ᠤᠯᠤᠰ ᠤᠨ ᠠᠩᠬᠠᠳᠠᠭᠴᠢ ᠪᠦᠯᠦᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ᠲᠠᠢ ᠬᠤᠲᠠ ᠶᠢᠨ ᠲᠤᠷᠰᠢᠯᠲᠠ ᠶᠢᠨ ᠴᠢᠭ ᠲᠤ ᠠᠮᠵᠢᠯᠲᠠ ᠲᠠᠢ ᠪᠠᠷ ᠰᠣᠩᠭᠤᠭᠳᠠᠪᠠ︔ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠲᠦᠷᠦᠯ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠳᠡᠰ ᠳᠡᠪᠰᠢᠭᠦᠯᠵᠦ᠂ ᠮᠠᠨ ᠤ ᠠᠶᠢᠮᠠᠭ ᠲᠤ ᠭᠤᠷᠪᠠᠳᠤᠭᠠᠷ ᠳᠡᠰ ᠤᠨ ᠬᠥᠬᠡ ᠲᠦᠷᠦᠯ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠶᠢᠬᠤ ᠥᠬᠡᠶ ᠪᠠᠶᠢᠭᠰᠠᠨ ᠲᠡᠤᠬᠡ ᠶᠢ ᠡᠴᠦᠰᠯᠡᠭᠦᠯᠪᠡ︔ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯ ᠤᠨ ᠰᠠᠯᠠᠭᠠᠨ ᠤ ᠲᠤᠰᠬᠠᠶ ᠡᠪᠡᠳᠴᠢᠲᠡᠨ ᠤ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠨᠢ ᠶᠠᠭ ᠭᠡᠷ ᠦᠷᠦᠭᠡ ᠪᠠᠨ ᠵᠠᠰᠠᠵᠤ ᠪᠣᠶ᠃ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠡᠭᠦᠷᠭᠡ ᠎ ᠪᠠᠨ ᠳᠠᠪᠠᠭᠤᠯᠤᠨ ᠪᠡᠶᠡᠯᠡᠭᠦᠯᠵᠦ᠂ ᠳᠥᠷᠪᠡᠨ ᠱᠠᠲᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠬᠦᠨᠳᠦ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠲᠣᠭᠲᠠᠭᠠᠨ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠢᠯᠡᠳᠲᠡ ᠬᠥᠩᠭᠡᠷᠡᠭᠦᠯᠪᠡ᠃ ᠨᠠᠰᠤᠵᠢᠯ᠂ ᠡᠮᠴᠢᠯᠡᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠪᠠᠷᠢᠮᠵᠢᠶ᠎ᠠ ᠪᠠᠨ ᠦᠷᠭᠦᠯᠵᠢᠯᠡᠨ ᠳᠡᠭᠡᠭᠰᠢᠯᠡᠭᠦᠯᠪᠡ᠃ 33 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠡᠭᠦᠷᠭᠡ ᠎ ᠪᠠᠨ ᠪᠡᠶᠡᠯᠡᠭᠦᠯᠵᠦ᠂ ᠡᠬᠡ ᠲᠠᠩᠰᠠᠨ ᠳᠠᠬᠢ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠢᠷᠡᠭᠰᠡᠨ ᠦᠨᠡᠮᠯᠡᠯ ᠬᠦᠢᠴᠡᠳᠭᠡᠬᠦ ᠠᠰᠠᠭᠤᠳᠠᠯ ᠤᠨ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠡᠩᠰᠡᠯᠡᠯᠲᠡ ᠶᠢ 100%᠎ ᠳᠤ ᠬᠦᠷᠭᠡᠵᠦ᠂ ᠬᠥᠳᠡᠯᠦᠩᠭᠦᠶ ᠪᠠᠷ ᠦᠭᠡᠶᠢᠰᠬᠡᠬᠦ ᠱᠠᠲᠤᠨ ᠳᠤ ᠰᠢᠯᠵᠢᠭᠦᠯᠦᠨ ᠣᠷᠣᠭᠤᠯᠪᠠ᠃       ᠳᠣᠯᠤᠭ᠎ᠠ ᠳᠤ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠴᠠᠭᠳᠠᠭᠠᠨ ᠤ ᠠᠵᠢᠯ ᠳᠤ ︽ᠬᠤᠣᠰ ᠪᠠᠭᠤᠷᠠᠯᠲᠠ︾᠎ ᠶᠢ ᠪᠡᠶᠡᠯᠡᠭᠦᠯᠵᠦ ᠂ ᠠᠮᠢᠨ ᠬᠡᠷᠡᠭ ᠭᠠᠷᠤᠭᠰᠠᠨ ᠲᠤᠭ᠎ᠠ ᠪᠠ ᠵᠠᠮ ᠬᠠᠷᠢᠯᠴᠠᠭᠠᠨ ᠤ ᠠᠳᠡᠯ ᠭᠠᠷᠬᠤ ᠨᠤᠷᠮ᠎ᠠ ᠶᠢ ᠦᠷᠭᠦᠯᠵᠢᠯᠡᠨ ᠪᠠᠭᠠᠰᠬᠠᠪᠠ᠃  ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ ᠨᠣᠷᠮ᠎ᠠ ᠶᠢ 98.5%᠎ ᠳᠤ ᠭᠦᠷᠭᠡᠵᠣ᠂ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠣ ᠳᠠᠭᠤᠰᠬᠠᠭᠰᠠᠨ ᠨᠣᠷᠮ᠎ᠠ ᠶᠢ 100%᠎ ᠳᠤ ᠬᠦᠷᠭᠡᠵᠣ᠂ ᠴᠥᠮ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠪᠠ᠃ ᠰᠢᠯᠢ ᠶᠢᠨ ᠭᠤᠤᠯ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ ᠢ ᠪᠠᠶᠢᠭᠤᠯᠤᠨ ᠠᠵᠢᠯᠯᠠᠭᠤᠯᠵᠤ᠂ ᠭᠤᠤᠯᠳᠠᠯᠭ᠎ᠠ ᠲᠠᠢ ᠠᠭᠤᠷᠬᠠᠶ ᠶᠢᠨ ᠠᠵᠤ ᠠᠬᠤᠶᠢᠯᠠᠯ ᠳᠤ 5.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 9 ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ 202 ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠤᠷᠪᠠᠳᠠᠭᠴᠢ ᠲᠠᠯ᠎ᠠ ᠶᠢᠨ ᠠᠶᠣᠯᠬᠦᠢ ᠶᠢᠨ ᠦᠨᠡᠯᠡᠯᠲᠡ ᠬᠢᠯᠭᠡᠵᠣ᠂ ᠪᠥᠬᠦ ᠠᠶᠢᠮᠠᠭ ᠲᠤ 4.8 ᠲᠦᠮᠡᠨ ᠠᠰᠠᠭᠤᠳᠠᠯ ᠤᠨ ᠳᠠᠯᠳᠠ ᠬᠡᠮ ᠰᠣᠭᠤᠭ ᠎ ᠢ ᠪᠠᠶᠢᠴᠠᠭᠠᠨ ᠰᠢᠢᠳᠪᠦᠷᠢᠯᠡᠵᠣ᠂ ᠪᠦᠬᠦ ᠵᠢᠯ ᠳᠤ ᠬᠦᠨᠳᠣ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠥᠬᠡᠢ᠃ ᠣᠷᠣᠨ ᠨᠤᠲᠤᠭ ᠤᠨ ᠡᠳ᠋ ᠤᠨ ᠵᠠᠰᠠᠭ ᠲᠦᠢᠯ ᠤᠨ ᠬᠦᠴᠢᠷᠳᠡᠯᠲᠡᠢ ᠪᠠᠶᠢᠳᠠᠯ ᠳᠣᠣᠷ᠎ᠠ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠤᠯᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠰᠢᠰᠲ᠋ᠧᠮ ᠤᠨ ᠳᠣᠲᠣᠷᠠᠬᠢ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠮᠦᠩᠭᠦ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠮᠦᠩᠭᠦ ᠪᠠᠨ ᠪᠦᠬᠦᠨ ᠢ ᠴᠠᠶᠢᠷᠠᠭᠤᠯᠵᠣ᠂ ᠪᠦᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ᠃      ᠨᠢᠭᠡ ᠵᠢᠯ ᠤᠨ ᠲᠤᠷᠰᠢ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ ᠪᠠᠶᠢᠭᠤᠯᠤᠯᠲᠠ ᠪᠠᠨ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠎ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ  ᠠᠳᠬᠤᠨ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠲᠥᠪᠯᠡᠷᠡᠭᠦᠯᠦᠨ ᠠᠬᠢᠭᠤᠯᠵᠤ᠂ ᠲᠥᠪ ᠴᠢᠩᠭ᠎ᠠ ᠪᠣᠳᠠᠲᠠᠢ᠂ ᠬᠡᠯᠪᠠᠶᠢᠭᠦᠦ ᠲᠠᠯ᠎ᠠ ᠶᠢ ᠣᠨᠣᠪᠴᠢᠲᠠᠢ ᠵᠠᠯᠠᠷᠠᠭᠤᠯᠬᠤ ᠶᠢ ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠶᠢᠮᠠᠭ ᠤᠨ ᠵᠠᠬᠢᠷᠭ᠎ᠠ ᠨᠢ ᠳᠠᠭᠠᠭᠠᠨ ᠭᠦᠢᠴᠡᠳᠬᠡᠭᠰᠡᠨ 166 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠪᠠᠨ ᠭᠦᠨᠵᠡᠭᠡᠶᠢᠷᠡᠭᠦᠯᠦᠨ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠪᠥᠬᠦ ᠠᠶᠢᠮᠠᠭ ᠤᠨ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ ᠵᠠᠷᠤᠯᠭ᠎ᠠ ᠶᠢ 2.8%᠎ ᠪᠠᠷ ᠪᠠᠭᠤᠷᠠᠭᠤᠯᠪᠠ᠃       ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠎ ᠢᠶᠠᠨ ᠪᠠᠲᠤ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠪᠣᠯᠭᠠᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠰᠢᠵᠢᠮ ᠢ ᠪᠥᠬᠦ ᠲᠠᠯ᠎ᠠ ᠪᠠᠷ ᠳᠣᠭᠤᠰᠢᠯᠠᠭᠤᠯᠣᠨ ᠪᠠᠬᠢᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠵᠣᠷᠪᠣᠰ ᠠᠬᠢᠭᠤᠯᠬᠤ ᠲᠦᠷᠢᠮ︾᠎ ᠢ ᠭᠦᠨᠵᠡᠭᠡᠶ ᠨᠠᠶᠢᠳᠠᠪᠤᠷᠢᠵᠢᠭᠤᠯᠵᠤ᠂ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠬᠡᠷᠡᠭ ᠪᠠ ᠶᠣᠰᠣ ᠵᠦᠢ᠂ ︽ ᠵᠢᠱᠢᠶᠡᠴᠢ ᠪᠤᠯᠬᠤ ᠳᠣᠯᠣᠭᠠᠨ ᠲᠠᠯ᠎ᠠ︾᠎ ᠶᠢᠨ ᠬᠠᠷᠠᠯᠲᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠰᠥᠨᠢᠳ ᠪᠠᠷᠠᠭᠤᠨ ᠬᠤᠰᠢᠭᠤ ᠶᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠨᠡᠷᠡᠶᠢᠳᠴᠦ᠂ 12 ᠭᠠᠵᠠᠷ ᠣᠷᠣᠨ ᠪᠠ ᠪᠠᠶᠢᠭᠤᠯᠭ᠎ᠠ ᠨᠢᠭᠡᠴᠡ ᠶᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠦᠭᠳᠡᠪᠡ︔ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠲᠡᠯᠢᠭ ᠬᠡᠯᠡᠨ ᠤ ᠪᠠᠷᠢᠮᠵᠢᠶᠠᠨ ᠳᠤ ᠬᠥᠷᠬᠦ ᠰᠤᠷᠭᠠᠭᠤᠯᠢ ᠶᠢ ᠡᠭᠦᠳᠦᠨ ᠪᠠᠶᠢᠭᠤᠯᠤᠭᠰᠠᠨ ᠨᠣᠷᠮ᠎ᠠ ᠪᠠᠨ 99.6%᠎ ᠳᠤ ᠬᠦᠷᠦᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃     ᠨᠢᠭᠡ ᠵᠢᠯ ᠤᠨ ᠲᠣᠷᠰᠢ᠂ ᠪᠢᠳᠡ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠵᠣᠬᠢᠴᠠᠭᠤᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠦᠢᠯᠡᠰ ᠤᠨ ᠬᠥᠭᠵᠢᠯᠲᠡ ᠶᠢ ᠳᠡᠮᠵᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠦᠢᠯᠡᠳᠦᠯ ᠢᠶᠠᠨ ᠬᠦᠢᠴᠡᠳ ᠪᠠᠳᠠᠷᠠᠭᠤᠯᠪᠠ᠃       ᠡᠷᠬᠢᠯᠡᠭᠴᠢ ᠨᠠᠷ᠂ ᠭᠡᠰᠢᠭᠦᠳ ᠡ︕ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠠᠨ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠮᠦᠨᠴᠣ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦᠲᠡᠶ ᠬᠠᠪᠰᠤᠷᠤᠯᠴᠠᠵᠤ᠂ ᠬᠢᠨᠠᠯᠲᠠ ᠲᠠᠯᠪᠢᠨ ᠳᠡᠮᠵᠢᠭᠰᠡᠨ ᠤ ᠦᠷ᠎ᠡ ᠳ᠋ᠦᠩ  ᠪᠣᠯᠣᠨ᠎ᠠ᠃ ᠠᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠴᠢᠬᠤᠯᠠᠲᠠᠢ ᠶᠣᠮ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄  ︽ᠨᠡᠭᠦᠷᠡᠰᠦ ᠪᠠᠷ ᠭᠤᠤᠯᠯᠠᠭᠤᠯᠤᠭᠰᠠᠨ︾᠂ ᠡᠨᠧᠷᠭᠢ ᠳᠤ ᠲᠦᠰᠢᠭᠯᠡᠬᠦ ᠭᠦᠨᠳᠣ ᠠᠵᠣ ᠦᠢᠯᠡᠰ ᠲᠤ ᠲᠦᠰᠢᠭᠯᠡᠬᠦ ᠠᠵᠤ ᠦᠢᠯᠡᠰ ᠤᠨ ᠪᠠᠶᠢᠷᠢᠰᠢᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠡᠨᠧᠷᠭᠢ ᠶᠢᠨ ᠪᠤᠰᠤ ᠠᠭᠤᠷᠬᠠᠶ ᠶᠢᠨ ᠭᠠᠷᠤᠯᠲᠠ ᠶᠢᠨ ᠪᠤᠰᠤ ᠰᠢᠯᠢᠳᠡᠭ ᠲᠥᠷᠥᠯ ᠵᠦᠢᠯ ᠤᠨ ᠨᠥᠭᠡᠴᠡ ᠴᠦᠭᠡᠨ ᠪᠠᠶᠢᠵᠣ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠤᠪᠢ ᠶᠢᠨ ᠵᠢᠩ  ᠲᠣᠣᠷ᠎ᠠ ᠪᠠᠶᠢᠵᠣ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠨ ᠳᠠᠶᠢᠴᠢᠯᠠᠬᠤ ᠴᠢᠳᠠᠪᠤᠷᠢ ᠬᠦᠷᠦᠯᠴᠡᠬᠦ ᠥᠬᠡᠶ ᠪᠠᠶᠢᠨ᠎ᠠ︔ ︽ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠠᠴᠢᠶᠠᠯᠠᠪᠤᠷᠢ ᠶᠢᠨ ᠡᠨᠧᠷᠭᠢ︾᠎ ᠶᠢᠨ ᠠᠵᠤ ᠦᠢᠯᠡᠰ ᠤᠨ ᠳᠠᠯᠳᠠ ᠬᠦᠴᠦᠨ ᠶᠡᠭᠡ ᠪᠣᠯᠪᠠᠴᠤ ᠰᠠᠶ᠋ᠢᠬᠠᠨ ᠠᠰᠠᠭᠤᠳᠠᠯ ᠢ  ᠰᠢᠢᠳᠪᠦᠷᠢᠯᠡᠵᠣ᠂ ᠲᠤᠬᠠᠢ ᠶᠢᠨ ᠭᠠᠵᠠᠷ ᠲᠤᠨᠢ ᠰᠢᠩᠭᠡᠭᠡᠬᠦ᠂ ᠠᠵᠤ ᠦᠢᠯᠡᠰ ᠢ ᠤᠷᠲᠤᠳᠬᠠᠬᠤ ᠪᠠ ᠬᠥᠲᠥᠯᠦᠨ ᠳᠠᠭᠠᠭᠤᠯᠬᠤ ᠵᠡᠷᠭᠡ ᠴᠢᠳᠠᠪᠤᠷᠢ ᠬᠠᠷᠠᠬᠠᠨ ᠬᠦᠷᠦᠯᠴᠡᠬᠦ ᠦᠭᠡᠢ ᠪᠠᠶᠢᠭᠰᠠᠭᠠᠷ︔ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶᠡᠵᠢᠯ ᠪᠠᠰᠠ ᠭᠤᠣᠯᠯᠠᠬᠤ ᠥᠷᠢᠰᠥᠯᠳᠦᠬᠦ ᠬᠦᠴᠦᠨ ᠢᠶᠠᠷ ᠳᠤᠲᠠᠮᠠᠭ ᠪᠠᠶᠢᠵᠤ᠂ ᠬᠡᠯᠬᠢᠶᠠᠵᠢᠯ ᠳᠣᠳᠠᠭᠳᠠᠬᠤ᠂ ᠬᠡᠯᠬᠢᠶᠠᠵᠢᠯ ᠲᠠᠰᠤᠷᠠᠬᠤ ᠠᠰᠠᠭᠤᠳᠠᠯ ᠣᠷᠣᠰᠢᠵᠤ ᠪᠠᠶᠢᠨ᠎ᠠ︔ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠪᠠᠰᠠ ᠲᠡᠭᠦᠯᠳᠡᠷᠵᠢᠭᠡᠳᠦᠢ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠪᠠ ᠲᠤᠰ ᠭᠠᠵᠠᠷ ᠲᠤ ᠪᠠᠨ ᠪᠠᠭᠲᠠᠭᠠᠨ ᠰᠢᠩᠭᠡᠭᠡᠬᠦ ᠲᠠᠯ᠎ᠠ ᠪᠠᠷ ᠮᠥᠨ ᠳᠤᠲᠠᠭᠤᠳᠠᠯ ᠣᠷᠣᠰᠢᠵᠤ ᠪᠤᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠦᠨᠬᠦ ᠳᠣᠪᠤᠶᠢᠮ᠎ᠠ ᠪᠠᠶᠢᠭᠰᠠᠭᠠᠷ᠂ ᠠᠶᠢᠮᠠᠭ ᠤᠨ ᠲᠤᠰ ᠱᠠᠲᠤᠨ ᠤ ᠣᠷᠣᠯᠭ᠎ᠠ ᠵᠠᠷᠤᠯᠭ᠎ᠠ ᠶᠢᠨ ᠳᠠᠷᠤᠯᠲᠠ ᠶᠡᠭᠡ ᠪᠠᠶᠢᠵᠣ᠂ ᠣᠨᠴᠠ ᠵᠠᠷᠢᠮ ᠬᠤᠰᠢᠭᠤ ᠰᠢᠶᠠᠨ ᠤ ᠥᠷᠢ ᠦᠭᠴᠡᠭᠡᠨ ᠤ ᠲᠦᠭᠰᠢᠭᠦᠷᠢ ᠶᠢᠨ ᠳᠡᠰ ᠪᠠᠰᠠ ᠨᠡᠯᠢᠶᠡᠳ ᠥᠨᠳᠥᠷ ᠪᠠᠶᠢᠨ᠎ᠠ︔ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠪᠠᠰᠠ ᠮᠠᠰᠢ ᠣᠯᠠᠨ ᠳᠤᠲᠠᠭᠤᠳᠠᠯ ᠪᠠᠭᠤᠷᠠᠶ ᠲᠠᠯ᠎ᠠ ᠣᠷᠣᠰᠢᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠠᠴᠠ ᠨᠡᠯᠢᠶᠡᠳ ᠶᠡᠭᠡ ᠵᠥᠷᠢᠶ᠎ᠡ ᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠣᠢ᠂ ᠬᠡᠬᠦ ᠮᠡᠳᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠨᠡᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃      ᠬᠤᠶᠠᠷ᠂ 2024 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ      2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ  ᠴᠢᠬᠤᠯᠠ  ᠨᠢᠭᠡ  ᠵᠢᠯ᠂ ᠪᠠᠰᠠ  ᠴᠤ  ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠵᠠᠬᠢᠷᠭ᠎ᠠ ᠶᠢᠨ ᠠᠵᠢᠯ ᠢᠶᠠᠨ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶᠠᠨ ᠤ 2023 ᠣᠨ ᠤ 4 ᠳ᠋ᠤᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠣᠷᠢᠳᠠᠪᠡᠷ ᠵᠣᠬᠢᠴᠠᠩᠭᠤᠶ ᠨᠥᠬᠦᠴᠡᠯ ᠢ ᠪᠤᠢ ᠪᠣᠯᠭᠠᠨ᠂ ᠲᠠᠷᠠᠭ᠎ᠠ ᠨᠢ ᠬᠠᠭᠤᠴᠢᠨ ᠲᠣᠭᠲᠠᠮᠠᠯ ᠬᠡᠪ ᠵᠠᠭᠪᠤᠷ ᠢᠶᠠᠨ ᠰᠣᠯᠢᠬᠤ ᠶᠢ ᠪᠠᠷᠢᠮᠳᠠᠯᠠᠵᠣ᠂ ᠰᠢᠨ᠎ᠡ ᠵᠠᠮ ᠢᠶᠠᠷ ᠵᠠᠮᠨᠠᠬᠤ᠂ ᠳᠤᠮᠳᠠ ᠳᠦᠪᠰᠢᠨ ᠳᠤ ᠳᠠᠪᠰᠢᠬᠤ ᠲᠡᠮᠡᠴᠡᠬᠦ ᠬᠠᠷᠠᠯᠲᠠ ᠪᠠᠨ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ ᠂ ᠵᠢᠷᠭᠤᠭᠠᠨ ᠢᠨᠵᠧᠨᠧᠷᠢᠩ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠡᠯ᠎ᠡ ᠬᠦᠷᠢᠶᠡᠨ ᠳᠠᠬᠢ ᠠᠵᠢᠯ ᠤᠨ ᠣᠷᠣᠭᠰᠢ ᠳᠠᠪᠰᠢᠬᠤ ᠶᠢ ᠠᠬᠢᠭᠤᠯᠵᠤ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠎ ᠪᠠᠨ ᠴᠢᠷᠮᠠᠶᠢᠨ ᠪᠢᠴᠢᠭᠯᠡᠨ᠎ᠡ᠃      2024 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6.5%ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6% ᠣᠷᠴᠢᠮ ᠨᠡᠮᠡᠭᠳᠡᠭᠦᠯᠦᠨ᠂ ᠬᠤᠲᠠ ᠪᠠᠯᠭᠠᠰᠣᠨ ᠎ ᠤ ᠠᠵᠢᠯ ᠣᠯᠭᠤᠯᠲᠠ ᠶᠢ 1ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠨ᠎ᠠ᠃ ᠳᠡᠭᠡᠷᠡᠬᠢ ᠬᠠᠷᠠᠯᠲᠠ ᠨᠢ ᠨᠠᠮ ᠤᠨ ᠲᠥᠪ ᠬᠤᠷᠢᠶᠠᠨ ᠤ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠣᠷᠢᠳᠠᠪᠡᠷ ᠵᠣᠬᠢᠴᠠᠩᠭᠤᠶ ᠨᠥᠬᠦᠴᠡᠯ ᠢ ᠪᠤᠢ ᠪᠣᠯᠭᠠᠨ᠂ ᠲᠠᠷᠠᠭ᠎ᠠ ᠨᠢ ᠬᠠᠭᠤᠴᠢᠨ ᠲᠣᠭᠲᠠᠮᠠᠯ ᠬᠡᠪ ᠵᠠᠭᠪᠤᠷ ᠢᠶᠠᠨ ᠰᠣᠯᠢᠬᠤ ᠶᠢ ᠠᠬᠢᠭᠤᠯᠬᠤ︾ ᠪᠠ ︽ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠲᠥᠰᠥᠪᠯᠡᠯ ᠢ ᠰᠠᠶᠢᠵᠢᠷᠠᠭᠤᠯᠬᠤ ᠢᠯᠡ ᠲᠣᠳᠣ ᠤᠳᠤᠷᠢᠳᠤᠮᠵᠢ ᠶᠢ ᠢᠯᠡᠷᠡᠭᠦᠯᠵᠦ᠂ ᠶᠡᠷᠦᠩᠬᠡᠶ ᠳᠡᠭᠡᠨ ᠢᠳᠡᠪᠬᠢᠲᠡᠶ ᠪᠠᠶᠢᠵᠤ᠂ ᠪᠣᠳᠠᠲᠠᠶ ᠠᠵᠢᠯ ᠤᠨ ᠳᠤᠮᠳᠠ ᠪᠢᠳᠡ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠨᠠᠩ ᠰᠠᠶᠢᠨ ᠦᠷ᠎ᠡ ᠪᠦᠳᠦᠮᠵᠢ ᠤᠯᠬᠤ ᠪᠠᠷ ᠴᠢᠷᠮᠠᠶᠢᠬᠤ ᠴᠢᠬᠤᠯᠠᠲᠠᠢ ᠶᠣᠮ᠃  ᠡᠬᠦᠨ ᠳᠤ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄       ︵ᠨᠢᠭᠡ︶ ᠲᠤᠭᠲᠠᠭᠤᠨ ᠤ ᠲᠣᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦ ᠪᠠᠷ ᠲᠦᠯᠬᠢᠨ ᠠᠭᠢᠭᠤᠯᠤᠨ᠎ᠠ      ᠣᠯᠠᠨ ᠠᠷᠭ᠎ᠠ ᠪᠠᠷᠢᠯ ᠢ ᠵᠡᠷᠭᠡ ᠳᠤᠨᠢ ᠬᠡᠷᠡᠭᠯᠡᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠤᠨ᠎ᠠ᠃ ᠡᠨᠧᠷᠭᠢ ᠶᠢᠨ ᠠᠵᠤ ᠦᠢᠯᠡᠰ ᠢᠶᠠᠷ ᠠᠵᠤ ᠠᠬᠤᠢ ᠶᠢᠨ ᠨᠡᠮᠡᠭᠳᠡᠯ ᠎ ᠢᠶᠠᠨ ᠲᠣᠭᠲᠠᠪᠤᠷᠢᠵᠢᠭᠤᠯᠬᠤ  ︽ᠰᠠᠭᠤᠷᠢ ᠴᠢᠯᠠᠭᠤ︾ ᠪᠣᠯᠭᠠᠬᠤ ᠶᠢ ᠪᠠᠷᠢᠮᠲᠠᠯᠠᠵᠤ᠂ ᠠᠶᠤᠯᠭᠦᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.4 ᠳ᠋ᠦᠩᠰᠢᠭᠤᠷ ᠲᠣᠨ ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ ᠶᠢᠨ ᠬᠤᠣᠰ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠵᠢᠶᠠᠩᠰᠦ ᠶᠢᠨ ᠡᠨᠧᠷᠭᠢ ᠶᠢᠨ ᠣᠯᠠᠭᠠᠢ ᠶᠢᠨ ᠴᠠᠬᠢᠯᠭᠠᠨ ᠦᠢᠯᠡᠳᠪᠦᠷᠢ ᠶᠢ ᠲᠣᠣᠷ ᠲᠤ ᠨᠡᠶᠢᠯᠡᠭᠦᠯᠦᠨ ᠲᠤᠷᠰᠢᠬᠤ ᠨᠥᠬᠦᠴᠡᠯ ᠢ ᠪᠦᠷᠢᠯᠳᠦᠭᠦᠯᠦᠨ᠂ ᠵᠢᠶᠠᠩᠰᠦ ᠶᠢᠨ ᠡᠨᠧᠷᠭᠢ ᠶᠢᠨ ᠪᠠᠶᠠᠨᠬᠤᠸᠠ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠢ ᠶᠢᠨ ᠮᠠᠩᠯᠠᠢ ᠬᠤᠶᠠᠷ ᠴᠠᠬᠢᠯᠭᠠᠨ ᠦᠢᠯᠡᠳᠪᠦᠷᠢ ᠎ ᠶᠢᠨ ᠰᠠᠭᠤᠷᠢ ᠪᠠᠷᠢᠯᠭ᠎ᠠ ᠶᠢ ᠳᠠᠭᠤᠰᠬᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠲᠤᠯᠭᠠᠭᠤᠷᠢᠯᠠᠬᠤ ᠪᠠᠲᠤᠯᠠᠭ᠎ᠠ ᠶᠢᠨ ᠴᠢᠨᠠᠷᠲᠠᠢ ᠨᠡᠭᠦᠷᠡᠰᠦ ᠴᠠᠬᠢᠯᠭᠠᠨ ᠤ ᠰᠢᠨ᠎ᠡ ᠲᠦᠷᠦᠯ ᠵᠦᠢᠯ ᠤᠯᠬᠤ ᠪᠠᠷ ᠢᠳᠡᠪᠬᠢᠲᠡᠢ ᠴᠢᠷᠮᠠᠶᠢᠵᠤ᠂ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1700 ᠲᠦᠮᠡᠨ ᠺᠢᠯᠣᠸᠠᠲ ᠲᠤ ᠬᠦᠷᠦᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠳᠡᠭᠡᠳᠦ ᠨᠠᠷᠢᠯᠢᠭ ᠬᠥᠩᠭᠡᠨᠴᠠᠭᠠᠨ ᠤ ᠬᠠᠪᠲᠠᠰᠤ᠂ ᠪᠦᠦ ᠱᠦᠸᠧ ᠬᠥᠩᠭᠡᠨ ᠴᠠᠭᠠᠨ ᠤ ᠬᠠᠶᠢᠯᠤᠰᠢ᠂ ᠨᠦᠸᠧ ᠶᠢᠨ ᠨᠡᠭᠦᠷᠠᠰᠦᠳᠦ᠋ᠷᠦᠭᠴᠢᠳᠣ ᠪᠠᠯ ᠴᠢᠯᠠᠭᠤᠨ ᠴᠠᠬᠢᠯᠭᠠᠨ ᠲᠦᠢᠯ᠂ ᠲᠠᠩ ᠾᠧ ᠬᠢᠮᠡᠯ ᠠᠯᠮᠠᠰ ᠴᠢᠯᠠᠭᠤ ᠵᠢᠴᠢ ᠥᠩᠭᠡᠲᠦ ᠲᠡᠮᠦᠷᠯᠢᠭ ᠢ ᠰᠣᠩᠭᠤᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠬᠦᠢᠴᠡᠳ ᠳᠠᠭᠠᠭᠠᠴᠠ ᠲᠠᠢ ᠦᠢᠯᠡᠳᠪᠦᠷᠢᠯᠡᠯ ᠢ ᠠᠬᠢᠭᠤᠯᠵᠤ᠂ ᠡᠨᠧᠷᠭᠢ ᠶᠢᠨ ᠲᠣᠨᠣᠭᠯᠠᠯ ᠦᠢᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠮᠵᠢᠶ᠎ᠡ ᠶᠢ ᠳᠡᠭᠡᠭᠰᠢᠯᠡᠭᠦᠯᠦᠨ ᠦᠷ᠎ᠡ ᠠᠰᠢᠭ ᠣᠯᠬᠤ ᠶᠢ ᠪᠠᠳᠣᠯᠠᠵᠣ᠂ ᠰᠢᠨ᠎ᠡ ᠪᠠᠷ 12᠎ ᠠᠴᠠ ᠳᠡᠭᠡᠭᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃       ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠰᠠᠶᠢᠳᠣᠷ ᠠᠳᠬᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠢᠮᠠᠭ ᠤᠨ ᠲᠠᠰ ᠤᠨ 188 ᠭᠤᠤᠯᠳᠠᠯᠭ᠎ᠠ ᠲᠠᠢ ᠲᠥᠷᠥᠯ ᠵᠦᠢᠯ ᠢ ᠢᠷᠡᠬᠦ ᠵᠢᠯ ᠤᠨ 4 ᠰᠠᠷ᠎ᠠ ᠶᠢᠨ 15᠎ ᠤ ᠡᠳᠦᠷ ᠠᠴᠠ ᠡᠮᠦᠨ᠎ᠡ ᠪᠦᠬᠦᠨ ᠢᠶᠠᠷ ᠢᠶᠠᠨ ᠠᠵᠢᠯ ᠡᠬᠢᠯᠡᠭᠦᠯᠬᠦ ᠪᠠ ᠰᠡᠷᠭᠦᠭᠡᠬᠦ ᠨᠥᠬᠦᠴᠡᠯ ᠢᠶᠠᠨ ᠪᠦᠷᠢᠯᠳᠦᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂  ᠪᠥᠬᠦ ᠵᠢᠯ ᠳᠤ 450 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15%᠎ ᠠᠴᠠ ᠳᠡᠭᠡᠭᠰᠢ ᠨᠡᠮᠡᠭᠳᠡᠭᠦᠯᠦᠨ᠎ᠡ᠃ ᠪᠣᠬᠢᠷᠲᠤᠯ ᠥᠬᠡᠶ ᠴᠠᠬᠢᠯᠭᠠᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ ᠵᠠᠩᠭᠢᠯᠠᠭ᠎ᠠ ᠶᠢᠨ ᠬᠡᠯᠬᠢᠶᠡᠵᠢᠯ ᠢ ᠨᠦᠬᠦᠪᠦᠷᠢᠯᠡᠨ᠎ᠡ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶᠡᠵᠢᠯ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ᠂  ᠡᠵᠡᠮᠳᠡᠬᠦ ᠰᠢᠰᠲ᠋ᠧᠮ ᠵᠡᠷᠭᠡ ᠭᠤᠣᠯᠯᠠᠬᠤ ᠰᠡᠯᠪᠢᠭ ᠲᠣᠨᠤᠭ ᠪᠠ ᠳᠠᠪᠠᠷᠬᠠᠢ᠂ ᠨᠡᠭᠦᠷᠡᠰᠦᠨ ᠰᠢᠷᠬᠡᠭᠯᠢᠭ ᠵᠡᠷᠭᠡ ᠲᠦᠭᠦᠬᠡᠶ ᠮᠠᠲ᠋ᠧᠷᠢᠶᠠᠯ ᠤᠨ ᠢᠵᠢ ᠪᠦᠷᠢᠳᠦᠭᠦᠯᠦᠨ ᠦᠢᠯᠡᠳᠪᠦᠷᠢᠯᠡᠵᠦ ᠡᠳ᠋ᠰᠢᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠲᠠᠲᠠᠨ ᠣᠷᠣᠭᠤᠯᠤᠨ᠎ᠠ᠃ ᠡᠨᠧᠷᠬᠢ ᠬᠠᠳᠠᠭᠠᠯᠠᠬᠤ ᠴᠠᠬᠢᠯᠭᠠᠨ ᠴᠡᠨᠡᠭ ᠤᠨ ᠠᠵᠤ ᠦᠢᠯᠡᠰ ᠤᠨ ᠬᠡᠯᠬᠢᠶᠡᠵᠢᠯ ᠳᠤ ᠭᠤᠣᠯᠳᠠᠭᠤ ᠴᠠᠬᠢᠯᠭᠠᠨ ᠭᠤᠣᠯ᠂ ᠠᠷᠭ᠎ᠠ ᠲᠦᠢᠯ ᠤᠨ ᠮᠠᠲ᠋ᠧᠷᠢᠶᠠᠯ ᠂  ᠴᠠᠬᠢᠯᠭᠠᠨ ᠴᠡᠨᠡᠭ ᠤᠨ ᠲᠠᠰᠤᠯᠤᠪᠴᠢ ᠪᠦᠷᠬᠦᠪᠴᠢ᠂ ᠴᠠᠬᠢᠯᠭᠠᠨ ᠵᠠᠳᠠᠯᠤᠯ ᠤᠨ ᠰᠢᠩᠭᠡᠨ ᠵᠡᠷᠭᠡ ᠲᠡᠷᠢᠭᠦᠨ ᠤ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠵᠤ ᠦᠢᠯᠡᠳᠪᠦᠷᠢᠯᠡᠬᠦ ᠲᠦᠷᠦᠯ ᠵᠦᠢᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ᠲᠡᠷᠢᠭᠦᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠯ ᠳᠤ᠂ ᠰᠢᠨ᠎ᠡ ᠮᠠᠶ᠋ᠢᠭ ᠤᠨ ᠭᠡᠷᠡᠯ ᠡᠯᠧᠺᠲᠷᠣᠨ ᠤ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠯ ᠳᠤ᠂ ᠬᠠᠶᠢᠯᠤᠭᠤᠷ ᠵᠣᠩᠰᠢ ᠶᠢᠨ ᠦᠢᠯᠡᠳᠬᠦᠨ ᠢ ᠨᠠᠷᠢᠯᠢᠭ ᠡᠳ᠋ᠰᠢᠭᠦᠯᠬᠦ ᠪᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠳᠠᠭᠠᠭᠠᠴᠠ ᠲᠠᠢ ᠠᠵᠤ ᠦᠢᠯᠡᠰ ᠲᠤ᠂ ︽ᠴᠠᠬᠢᠯᠭᠠᠨ ᠤ ᠦᠨ᠎ᠡ ᠳᠤ ᠰᠡᠷᠭᠡᠭ︾ ᠪᠠᠶᠢᠬᠤ ᠲᠡᠮᠦᠷ ᠤᠨ ᠬᠠᠶᠢᠯᠤᠰᠢ᠂ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠲᠡᠮᠦᠷᠯᠢᠭ ᠪᠣᠯᠪᠠᠰᠤᠷᠠᠭᠤᠯᠬᠤ ᠵᠡᠷᠭᠡ ᠴᠢᠨᠠᠷ ᠰᠠᠶᠢᠲᠠᠶ ᠡᠨᠧᠷᠭᠢ ᠠᠴᠢᠶᠠᠯᠠᠬᠤ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ᠪᠣᠬᠢᠷᠲᠤᠯ ᠦᠭᠡᠶ ᠴᠠᠬᠢᠯᠭᠠᠨ + ᠤᠰᠤᠲᠥ᠋ᠷᠥᠭᠴᠢ ᠪᠠᠷ ᠰᠢᠪᠲᠦᠷᠲᠦ ᠠᠯᠺᠣᠤᠯ ᠦᠢᠯᠡᠳᠬᠦ ᠠᠵᠤ ᠦᠢᠯᠡᠰ ᠲᠤ᠂ ᠡᠬᠢ ᠰᠤᠷᠪᠤᠯᠵᠢ ᠶᠢᠨ ᠲᠣᠤᠷ ᠤᠨ ᠬᠠᠳᠠᠭᠠᠯᠠᠯᠲᠠ᠂ ᠰᠠᠯᠬᠢ ᠭᠡᠷᠡᠯ ᠤᠰᠤᠲᠥ᠋ᠷᠥᠭᠴᠢ ᠶᠢᠨ ᠨᠢᠭᠡ ᠴᠣᠭᠴᠠᠵᠢᠭᠰᠠᠨ ᠪᠠ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ᠂ ᠪᠣᠬᠢᠷᠲᠤᠯ ᠦᠭᠡᠶ ᠤᠰᠤᠲᠥ᠋ᠷᠥᠭᠴᠢ ᠎ ᠪᠠᠷ ᠮᠧᠲ᠋ᠢᠯ ᠠᠯᠺᠣᠤᠯ ᠦᠢᠯᠡᠳᠬᠦ᠂ ᠪᠣᠬᠢᠷᠲᠤᠯ ᠦᠭᠡᠶ ᠤᠰᠤᠲᠥ᠋ᠷᠥᠭᠴᠢ ᠶᠢᠨ ᠨᠡᠶᠢᠯᠡᠯᠭᠡ ᠰᠢᠪᠲᠦᠷ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠬᠠᠮᠲᠤᠷᠠᠯᠴᠠᠭ᠎ᠠ ᠪᠠᠷ ᠠᠷᠠᠯᠵᠢᠶᠠᠴᠢᠨ ᠤᠷᠢᠬᠤ ᠂ ᠭᠠᠵᠠᠷ ᠣᠷᠣᠨ ᠠᠯᠤᠰᠯᠠᠨ ᠬᠤᠳᠠᠯᠳᠤᠭᠠᠴᠢᠨ ᠤᠷᠢᠬᠤ ᠎ ᠶᠢ ᠭᠦᠨᠵᠡᠭᠡᠶᠢᠷᠡᠭᠦᠯᠵᠦ  ᠂ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠢ ᠤᠷᠢᠨ ᠠᠪᠴᠢᠷᠠᠵᠤ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ᠂ ᠰᠠᠶᠢᠲᠤᠷ ᠬᠥᠭᠵᠢᠭᠦᠯᠵᠦ ᠴᠢᠳᠠᠬᠤ ᠪᠣᠯᠭᠠᠨ᠎ᠠ᠃       ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃  ᠨᠢᠭᠡ ᠲᠠᠯ᠎ᠠ ᠪᠠᠷ᠂ ᠣᠯᠠᠨ ᠲᠦᠮᠡᠨ ᠳᠤ ᠰᠠᠶᠢᠲᠤᠷ ᠦᠢᠯᠡᠴᠢᠯᠡᠵᠦ᠂ ︽ᠤᠴᠢᠷ ᠶᠠᠪᠤᠳᠠᠯ ᠪᠦᠲᠦᠭᠡᠬᠦ ᠳᠤ ᠬᠥᠮᠦᠨ ᠠᠴᠠ ᠲᠤᠰᠠᠯᠠᠮᠵᠢ ᠬᠦᠰᠡᠬᠦ ᠦᠭᠡᠢ︾ 1.0 ᠬᠡᠪᠯᠡᠯ ᠠᠴᠠ ︽ᠨᠢᠭᠤᠷ  ᠵᠣᠯᠭᠠᠬᠤ  ᠦᠭᠡᠢ ᠪᠠᠷ  ᠭᠦᠢᠴᠡᠳᠬᠡᠬᠦ︾  ᠪᠠ  ︽ᠲᠠᠭᠠᠯᠠᠮᠵᠢᠲᠠᠶ᠂ ᠪᠠᠶᠠᠷ  ᠬᠥᠷ  ᠲᠠᠢ᠂ ᠤᠴᠢᠷ  ᠶᠠᠪᠤᠳᠠᠯ ᠪᠦᠲᠦᠭᠡᠬᠦ ᠳᠤ ᠲᠥᠬᠦᠮ︾ 2.0 ᠬᠡᠪᠯᠡᠯ ᠪᠣᠯᠭᠠᠨ ᠲᠠᠰ ᠳᠡᠪᠰᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠢᠮᠠᠭ ᠬᠤᠰᠢᠭᠤ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠪᠦᠬᠦᠨ ᠢᠶᠠᠷ ᠢᠶᠠᠨ ᠴᠠᠭ ᠤᠷᠲᠤᠳᠬᠠᠬᠤ ᠦᠢᠯᠡᠴᠢᠯᠡᠭᠡ ᠬᠠᠩᠭᠠᠬᠤ ᠶᠢ ᠯᠠᠪᠳᠠᠭᠤᠨ ᠠᠬᠢᠭᠤᠯᠵᠤ᠂ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠶᠢᠷ᠎ᠠ ᠬᠠᠪᠢ ᠳᠤᠨᠢ ᠭᠦᠢᠴᠡᠳᠬᠡᠬᠦ᠂ ᠬᠡᠷ ᠤᠨ ᠡᠭᠦᠳᠡᠨ ᠳᠤᠨᠢ ᠭᠦᠢᠴᠡᠳᠭᠡᠬᠦ︾᠎ ᠶᠢ ᠪᠡᠶᠡᠯᠡᠭᠦᠯᠦᠨ᠎ᠡ᠃ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠎ ᠶᠢ ᠪᠡᠶᠡᠯᠡᠭᠦᠯᠬᠦ ᠶᠢᠨ ᠬᠠᠮᠲᠤ ︽ᠰᠢᠢᠳᠪᠦᠷᠢᠯᠡᠬᠦ ᠳᠤ ᠳᠦᠬᠦᠮ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠣᠳᠠᠲᠠᠶ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 75%᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠭᠡᠬᠦ︾ ᠦᠢᠯᠡᠴᠢᠯᠡᠭᠡ ᠶᠢ ᠭᠦᠨᠵᠡᠭᠡᠶ ᠠᠬᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠪᠠ ᠰᠢᠢᠳᠪᠦᠷᠢᠯᠡᠵᠣ ᠳᠠᠭᠤᠰᠬᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠤᠳᠤᠷᠢᠳᠬᠤ ᠺᠠᠳ᠋ᠷᠴᠤᠳ ᠤᠨ ᠭᠤᠣᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠣᠳᠠᠲᠠᠶᠢᠵᠢᠭᠤᠯᠵᠤ᠂ ᠳᠡᠷᠭᠡᠳᠡ ᠨᠢ ᠬᠦᠷᠴᠦ ᠬᠤᠳᠠᠯᠳᠤᠭᠠᠴᠢᠨ ᠤᠷᠢᠬᠤ᠂ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠭᠠᠷ ᠭᠦᠢᠴᠡᠳᠬᠡᠯ ᠬᠢᠬᠦ᠂ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠵᠡᠷᠭᠡ ᠡᠯ᠎ᠡ ᠭᠤᠭᠴᠣᠭᠠᠨ ᠳᠤ ᠨᠠᠷᠢᠯᠢᠭ ᠣᠨᠣᠪᠴᠢᠲᠠᠢ ᠦᠢᠯᠡᠴᠢᠯᠡᠬᠦ᠂ ᠮᠥᠷᠳᠡᠨ ᠪᠠᠶᠢᠴᠠᠭᠠᠨ ᠭᠦᠢᠴᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠪᠦᠬᠦ ᠲᠠᠯ᠎ᠠ ᠪᠠᠷ ᠪᠦᠬᠦ ᠦᠶᠡᠯᠡᠯ ᠤᠨ ᠬᠤᠭᠤᠴᠠᠭᠠᠨ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ︽ᠪᠠᠷᠢᠮᠵᠢᠶᠠᠲᠤ ᠭᠠᠵᠠᠷ ᠢ ᠰᠣᠷᠳᠠᠯᠴᠢᠯᠠᠨ ᠳᠠᠨᠢᠭᠤᠯᠬᠤ᠂ ᠣᠷᠣᠨ ᠪᠦᠰᠡ ᠶᠢ ᠤᠷᠢᠳᠠᠪᠡᠷ ᠦᠨᠡᠯᠡᠨ ᠵᠢᠱᠢᠬᠦ᠂ ᠪᠠᠷᠢᠮᠵᠢᠶᠠᠲᠤ ᠦᠢᠯᠡᠳᠪᠦᠷᠢ ᠶᠢ ᠰᠠᠶᠢᠲᠤᠷ ᠪᠠᠶᠢᠭᠤᠯᠬᠤ᠂ ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠬᠦ︾ ᠲᠡᠷᠢᠭᠦᠨ ᠤ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾᠎ ᠤᠨ ᠰᠢᠯᠵᠢᠭᠦᠯᠦᠨ ᠥᠭᠬᠦ ᠡᠵᠡᠯᠡᠬᠦ ᠬᠠᠷᠢᠴᠠᠯ ᠢ 100%᠎ ᠳᠤ ᠬᠦᠷᠦᠭᠦᠯᠦᠨ᠎ᠡ᠃ ᠲᠤᠯᠤᠨ ᠨᠣᠣᠷ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢᠶᠠᠷ ᠲᠣᠭᠲᠠᠭᠠᠬᠤ ᠶᠢ ᠪᠠᠲᠤᠯᠠᠵᠤ ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 436 ᠮᠦ ᠭᠠᠵᠠᠷ ᠰᠢᠷᠣᠢ ᠎ ᠶᠢ ᠬᠤᠷᠢᠶᠠᠨ ᠨᠥᠭᠡᠴᠡᠯᠡᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠳᠠᠰᠤᠭ ᠢ 1.5 ᠲᠦᠮᠡᠨ ᠬᠠᠪᠲᠠᠭᠠᠢ ᠳᠥᠷᠪᠡᠯᠵᠢᠨ ᠮᠧᠲᠷ ᠪᠥᠲᠥᠭᠡᠨ ᠪᠠᠶᠢᠭᠤᠯᠤᠨ᠎ᠠ᠃        ︵ᠬᠤᠶᠠᠷ︶ ᠠᠵᠤ ᠦᠢᠯᠡᠰ ᠤᠨ ᠪᠦᠲᠦᠴᠡ ᠶᠢ ᠡᠷᠡᠰ ᠭᠤᠶᠢᠪᠢᠰᠢ ᠦᠭᠡᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠣᠳᠣ ᠦᠶ᠎ᠡ ᠶᠢᠨ ᠤᠨᠴᠠᠯᠢᠭᠳᠤ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ      ᠪᠣᠬᠢᠷᠳᠣᠯ ᠦᠭᠡᠢ ᠴᠠᠬᠢᠯᠭᠠᠨ ᠠᠰᠢᠭᠯᠠᠬᠤ ᠪᠠᠷ ᠳᠠᠭᠠᠭᠤᠯᠤᠭᠴᠢ ᠪᠣᠯᠭᠠᠨ ᠨᠡᠭᠦᠷᠡᠰᠦᠨ ᠤ ᠪᠤᠰᠤ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠠᠶᠢᠴᠢᠯᠠᠨ᠎ᠠ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠴᠢᠩᠭᠠᠷᠠᠭᠤᠯᠵᠣ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠭᠠᠳᠠᠭᠰᠢ ᠬᠦᠷᠭᠡᠬᠦ ᠶᠢ ᠲᠤᠯᠭᠠᠭᠤᠷᠢᠯᠠᠬᠤ ᠶᠢᠨ ᠲᠣᠭᠤᠷᠢᠨ ᠳᠤ᠂ ᠢᠯᠠᠯᠲᠠ ᠠᠴᠠ ᠴᠢᠭᠤᠯᠤᠯᠲᠤ ᠬᠠᠭᠠᠯᠭ᠎ᠠ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠱᠤᠭᠤᠮ ᠢ ᠪᠠᠶᠢᠭᠤᠯᠤᠨ ᠳᠠᠭᠤᠰᠬᠠᠬᠤ ᠶᠢ ᠠᠬᠢᠭᠤᠯᠵᠤ᠂ 3 ᠢᠯᠴᠢ ᠶᠢᠨ ᠴᠠᠬᠢᠯᠭᠠᠨ ᠤ ᠴᠠᠬᠢᠯᠭᠠᠨ ᠡᠭᠦᠰᠭᠡᠭᠴᠢ ᠶᠢᠨ ᠴᠢᠭ ᠢ ᠭᠠᠳᠠᠭᠰᠢ ᠬᠦᠷᠭᠡᠬᠦ ᠢᠨᠵᠧᠨᠧᠷᠢᠩ ᠢ ᠡᠬᠢᠯᠡᠨ ᠪᠠᠶᠢᠭᠤᠯᠵᠤ᠂ ᠳᠣᠯᠣᠨ ᠨᠣᠣᠷ ᠠᠴᠠ ᠴᠧᠩᠳᠧ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠱᠤᠭᠤᠮ ᠤᠨ ᠲᠦᠷᠢᠮ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂  ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠡᡁᠧᠪᠸᠢ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠱᠤᠭᠤᠮ ᠤᠨ ᠲᠦᠷᠢᠮ ᠬᠡᠷᠡᠭᠵᠢᠭᠦᠯᠬᠦ ᠶᠢ ᠠᠬᠢᠭᠤᠯᠤᠨ᠂ ᠠᠯᠠᠱᠠ ᠠᠴᠠ ᠤᠯᠠᠭᠠᠨᠴᠠᠪ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠤ ᠰᠠᠭᠠᠳ ᠦᠭᠡᠢ ᠨᠡᠪᠲᠡᠷᠡᠬᠦ ᠵᠠᠮ ᠤᠨ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠰᠦᠨᠢᠳ ᠤᠨ ᠴᠦᠯᠯᠡᠷᠭᠡᠭ ᠣᠷᠣᠨ ᠎ ᠳᠠᠬᠢ ᠮᠢᠩᠭᠠᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠠᠶᠢᠮᠠᠭ ᠤᠨ ᠳᠣᠲᠣᠷᠠᠬᠢ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠤᠨ 500 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠬᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠠᠴᠠ ᠲᠠᠯ᠎ᠠ ᠬᠦᠷᠲᠡᠯᠡᠬᠢ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠥᠬᠦ ᠱᠤᠭᠤᠮ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠪᠣᠬᠢᠷᠲᠤᠯ ᠥᠬᠡᠶ ᠴᠠᠬᠢᠯᠭᠠᠨ ᠤ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠰᠢᠩᠭᠡᠭᠡᠬᠦ ᠶᠢ ᠨᠠᠩ ᠰᠠᠶᠢᠲᠤᠷ ᠠᠬᠢᠭᠤᠯᠤᠨ᠎ᠠ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠱᠠᠯᠠᠪᠳᠠᠭᠤᠯᠣᠨ ᠠᠬᠢᠭᠤᠯᠵᠤ᠂ ᠣᠨᠴᠠ ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ 500 ᠲᠦᠮᠡᠨ ᠺᠢᠯᠤᠸᠤᠯᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠷᠡᠯ ᠴᠡᠨᠡᠭ ᠢᠶᠠᠷ ᠡᠯᠡᠰᠦ  ᠵᠠᠰᠠᠬᠤ ᠲᠥᠷᠥᠯ ᠵᠦᠢᠯ ᠢ ᠮᠠᠨ ᠤ ᠠᠶᠢᠮᠠᠭ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠱᠠᠩᠲᠤ ᠠᠴᠠ ᠴᠧᠩᠳᠧ ᠬᠥᠷᠬᠦ᠂ ᠶᠢᠨ ᠱᠠᠨ ᠠᠴᠠ ᠯᠢᠶᠣᠤᠨᠢᠩ ᠬᠥᠷᠬᠦ ᠴᠠᠬᠢᠯᠭᠠᠨ ᠳᠠᠮᠵᠢᠭᠤᠯᠬᠤ ᠵᠠᠮ ᠤᠨ ᠦᠯᠡᠳᠡᠪᠦᠷᠢ ᠬᠡᠮᠵᠢᠶ᠎ᠡ ᠶᠢ ᠠᠰᠢᠭᠯᠠᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠮᠡᠭᠳᠡᠭᠦᠯᠬᠦ ᠪᠠᠷ ᠢᠳᠡᠪᠬᠢᠲᠡᠶ ᠴᠢᠷᠮᠠᠶᠢᠵᠤ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠶ ᠶᠢᠨ ᠮᠠᠩᠯᠠᠢ ᠴᠠᠬᠢᠯᠭᠠᠨ ᠦᠢᠯᠡᠳᠪᠦᠷᠢ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠢ ᠠᠮᠢᠳᠤᠯᠢᠭ ᠢᠶᠠᠷ ᠥᠭᠡᠷᠡᠴᠢᠯᠡᠵᠦ᠂ ᠵᠢᠯ ᠤᠨ ᠡᠴᠦᠰ ᠪᠣᠯᠬᠤ ᠳᠤ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠳ᠋ᠠ ᠲᠠᠩ ᠤᠨ ᠲᠣᠯᠣᠨ ᠨᠣᠣᠷ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ᠂ ᠮᠢᠩ ᠶᠠᠩ ᠤᠨ ᠲᠣᠯᠣᠨ ᠨᠣᠣᠷ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠲᠣᠤᠷ ᠲᠤ ᠨᠡᠶᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠦᠬᠦᠨ ᠢ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︔ ᠮᠧᠩ ᠨᠧᠩ 250 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠬᠦ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ︔ ᠲᠣᠯᠣᠨ ᠨᠣᠣᠷ ᠰᠢᠶᠠᠨ ᠵᠡᠷᠭᠡ ᠤᠰᠤᠨ ᠤ ᠡᠬᠢ ᠪᠠᠶᠠᠯᠢᠭ ᠡᠯᠪᠡᠭ ᠭᠠᠵᠠᠷ ᠣᠷᠣᠨ ᠳᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠲᠥᠯᠥᠪᠵᠢᠭᠦᠯᠦᠨ ᠪᠠᠶᠢᠭᠤᠯᠤᠨ᠎ᠠ᠃ ︽ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠠᠴᠢᠶᠠᠯᠠᠭᠴᠢ ᠡᠨᠧᠷᠭᠢ︾᠎ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠰᠢᠩᠭᠡᠭᠡᠬᠦ ᠶᠢ ᠠᠬᠢᠭᠤᠯᠬᠤ ᠠᠷᠭ᠎ᠠ ᠬᠡᠮᠵᠢᠶ᠎ᠡ ᠎ ᠪᠠᠨ ᠬᠢᠨᠠᠮᠠᠭᠠᠶ ᠨᠠᠶᠢᠳᠠᠪᠤᠷᠢᠵᠢᠭᠤᠯᠤᠨ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ᠂ ᠡᠬᠢ ᠰᠤᠷᠪᠤᠯᠵᠢ ᠶᠢᠨ ᠴᠠᠬᠢᠯᠭᠠᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ᠂ ᠰᠢᠨ᠎ᠡ ᠬᠡᠯᠪᠡᠷᠢ ᠶᠢᠨ ᠪᠢᠴᠢᠯ ᠴᠠᠬᠢᠯᠭᠠᠨ ᠲᠣᠣᠷ ᠵᠡᠷᠭᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠰᠢᠨ᠎ᠡ ᠡᠨᠧᠷᠭᠢ ᠶᠢᠨ ᠠᠵᠤ ᠦᠢᠯᠡᠰ ᠬᠢᠭᠡᠳ ᠥᠨᠳᠥᠷ ᠠᠴᠢᠶᠠᠯᠠᠬᠴᠢ ᠡᠨᠧᠷᠭᠢ ᠶᠢᠨ ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠭᠦᠨᠵᠡᠭᠡᠢ ᠠᠬᠢᠭᠤᠯᠤᠨ᠎ᠠ᠃ ︽ ᠪᠣᠬᠢᠷᠳᠣᠯ ᠦᠭᠡᠢ ᠴᠠᠬᠢᠯᠭᠠᠨ ᠢ ᠠᠰᠢᠭᠯᠠᠬᠤ + ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ︾ ᠲᠤᠰᠬᠠᠶ  ᠠᠵᠢᠯᠯᠠᠭᠠᠨ ᠤ ᠲᠥᠰᠦᠯ ᠲᠣᠭᠲᠠᠭᠠᠵᠤ᠂ ᠭᠤᠤᠯᠳᠠᠯᠭ᠎ᠠ ᠲᠠᠢ ᠡᠨᠧᠷᠭᠢ ᠶᠢᠨ ᠬᠤᠷᠣᠭᠳᠠᠯ ᠤᠨ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠰᠦᠯ︾᠎ ᠲᠠᠢ ᠪᠠᠶᠢᠬᠤ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ ᠶᠢ ᠵᠣᠷᠢᠭᠵᠢᠭᠤᠯᠵᠤ᠂ ᠴᠠᠬᠢᠯᠭᠠᠨ ᠬᠦᠴᠦᠨ ᠤ ᠣᠯᠠᠨ ᠲᠠᠯᠠᠲᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠪᠡᠶ᠎ᠡ ᠪᠠᠨ ᠳᠠᠭᠠᠭᠠᠵᠤ  ᠣᠷᠣᠯᠴᠠᠨ᠂ ᠰᠢᠨ᠎ᠡ ᠡᠨᠧᠷᠭᠢ ᠶᠢᠨ ᠠᠷᠠᠯᠵᠢᠶᠠᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠣᠨ ᠤ ᠴᠠᠬᠢᠯᠭᠠᠨ ᠬᠡᠷᠡᠭᠯᠡᠬᠦ ᠬᠡᠮᠵᠢᠶ᠎ᠡ ᠨᠢ 50 ᠳ᠋ᠦᠩᠰᠢᠭᠤᠷ ᠭᠷᠠᠳᠦ᠋ᠰ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠠᠬᠤᠶᠢᠯᠠᠯ᠂ ᠬᠤᠳᠠᠯᠳᠤᠭᠠᠴᠢᠨ ᠤᠷᠢᠬᠤ ᠲᠥᠷᠥᠯ ᠵᠦᠢᠯ ᠳᠤ᠂ ᠥᠨᠳᠥᠷ ᠬᠠᠷᠢᠴᠠᠯᠳᠤ ᠪᠣᠬᠢᠷᠲᠤᠯ ᠦᠭᠡᠶ ᠴᠠᠬᠢᠯᠭᠠᠨ ᠤ ᠬᠠᠩᠭᠠᠯᠭ᠎ᠠ ᠰᠶᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠨ᠎ᠠ᠃ ᠵᠢᠷᠦᠬᠡ ᠬᠦᠷᠢᠶᠡᠯᠡᠩ ᠲᠣᠭᠤᠷᠢᠭ ᠵᠡᠷᠭᠡ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ ᠨᠡᠮᠡᠭᠳᠡᠯ ᠬᠡᠮᠵᠢᠶᠡᠨ ᠤ ᠴᠠᠬᠢᠯᠭᠠᠨ ᠲᠦᠭᠡᠭᠡᠬᠦ ᠲᠣᠤᠷ + ᠰᠢᠨ᠎ᠡ ᠡᠨᠧᠷᠭᠢ ᠶᠢ ᠰᠢᠩᠭᠡᠭᠡᠬᠦ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠵᠦ᠂ ᠨᠠᠩ ᠣᠯᠠᠨ ᠴᠢᠨᠠᠷ ᠰᠠᠶᠢᠲᠠᠶ ᠥᠨᠳᠥᠷ ᠠᠴᠢᠶᠠᠯᠠᠭᠴᠢ ᠡᠨᠧᠷᠭᠢ ᠶᠢᠨ ᠲᠥᠷᠥᠯ ᠵᠦᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠵᠦ᠂ ᠮᠠᠨ ᠤ ᠠᠶᠢᠮᠠᠭ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠨᠧᠷᠭᠢ ᠶᠢᠨ ᠲᠣᠨᠣᠭᠯᠠᠯ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷ ᠬᠡᠷᠡᠭᠵᠢᠭᠦᠯᠬᠦ ᠠᠷᠭ᠎ᠠ︾᠎ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠥᠩ ᠴᠤᠸᠠᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠠᠵᠢᠯ ᠢ ᠠᠰᠢᠭᠯᠠᠯᠲᠠ ᠳᠤ ᠣᠷᠣᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ᠂ ᠤᠶᠤᠨᠲᠤ ᠬᠡᠷᠡᠯ ᠴᠡᠨᠡᠭ ᠤᠨ ᠰᠥᠷᠭᠡᠤ ᠬᠤᠪᠢᠰᠬᠠᠭᠤᠷ᠂ ᠥᠨᠳᠥᠷ ᠦᠷ᠎ᠡ ᠠᠰᠢᠭᠲᠤ ᠳᠠᠩ ᠲᠠᠯᠠᠰᠲᠤ ᠬᠡᠷᠴᠢᠮᠠᠯ᠂ ᠴᠠᠬᠢᠯᠭᠠᠨ ᠬᠦᠳᠡᠯᠭᠡᠭᠦᠷ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠲᠥᠪ ᠪᠠ ᠲᠥᠬᠦᠭᠡᠷᠦᠮᠵᠢ ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠣᠨᠣᠭᠯᠠᠯ ᠦᠢᠯᠡᠳᠬᠦ ᠪᠠ ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃      ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃  ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠤᠯᠠᠮ ᠳᠡᠭᠡᠭᠰᠢᠯᠡᠭᠦᠯᠵᠦ᠂ ᠰᠢᠯᠢ ᠶᠢᠨ ᠭᠤᠤᠯ ᠬᠤᠨᠢᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠦᠨ᠎ᠡ ᠲᠣᠭᠲᠠᠭᠠᠬᠤ ᠡᠷᠬᠡ︾᠎ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠬᠤᠨᠢᠨ ᠤ ᠦᠨ᠎ᠡ ᠬᠠᠩᠰᠢ ᠪᠠ ᠦᠢᠯᠡᠳᠭᠦᠨ ᠤ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ 50 ᠲᠦᠮᠡ ᠠᠴᠠ ᠳᠡᠭᠡᠭᠰᠢ  ᠪᠡᠯᠴᠢᠭᠡᠷ ᠤᠨ ᠬᠤᠨᠢ ᠶᠢ ᠮᠥᠷᠳᠡᠨ ᠨᠡᠬᠡᠮᠵᠢᠯᠡᠬᠦ ᠶᠢ ᠬᠡᠷᠡᠭᠵᠢᠭᠦᠯᠵᠦ᠂ ᠦᠢᠯᠡᠳᠬᠦᠨ ᠤ ᠦᠨ᠎ᠡ ᠬᠠᠩᠰᠢ ᠶᠢ 8%᠎ ᠠᠴᠠ ᠳᠡᠭᠡᠭᠰᠢ ᠦᠰᠭᠡᠨ᠂ ᠰᠢᠯᠢ ᠶᠢᠨ ᠭᠤᠣᠯ ᠬᠤᠨᠢᠨ ᠤ ᠨᠡᠷᠡᠲᠦ ᠲᠥᠷᠥᠯ ᠲᠡᠮᠳᠡᠭᠲᠦ ᠶᠢᠨ ᠴᠢᠨᠠᠷ ᠰᠠᠶᠢᠲᠠᠢ ᠦᠨ᠎ᠡ ᠥᠷᠲᠡᠭ ᠲᠠᠢ ᠨᠡᠷᠡᠲᠦ ᠲᠡᠮᠳᠡᠭ ᠤᠨ ᠰᠢᠰᠲ᠋ᠧᠮᠵᠢ ᠪᠣᠯᠤᠨ ᠥᠷᠲᠡᠭ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠬᠡᠪᠴᠢᠶ᠎ᠡ ᠶᠢ ᠥᠷᠭᠡᠳᠬᠡᠨ᠂ ᠳᠠᠬᠢᠨ 9 ᠭᠠᠷ ᠦᠢᠯᠡᠳᠬᠡᠯ ᠤᠨ ᠭᠠᠵᠠᠷ ᠢ ᠰᠣᠩᠭᠤᠨ ᠠᠵᠤ ᠠᠬᠤᠶᠢᠯᠠᠯ ᠪᠣᠯᠭᠠᠨ ᠲᠠᠰ ᠳᠡᠪᠰᠢᠭᠦᠯᠦᠨ᠎ᠡ᠃ ᠰᠢᠯᠢ ᠶᠢᠨ ᠭᠤᠤᠯ ᠬᠤᠨᠢ᠂ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠭᠳᠡᠬᠦᠨ ᠢ ᠬᠤᠯᠪᠣᠭᠠᠯᠠᠨ ᠪᠣᠷᠣᠯᠠᠭᠤᠯᠬᠤ ᠶᠢ ᠥᠷᠨᠢᠭᠦᠯᠵᠦ᠂  ᠬᠤᠰᠢᠭᠤᠴᠢ ᠳᠡᠯᠭᠡᠭᠦᠷ᠂ ᠪᠣᠷᠣᠯᠠᠭᠤᠯᠬᠤ ᠳᠡᠯᠭᠡᠭᠦᠷ ᠪᠠ  ᠰᠦᠯᠵᠢᠶᠡᠨ ᠳᠡᠭᠡᠷᠡᠬᠢ ᠠᠯᠪᠠᠨ ᠤ ᠳᠡᠯᠭᠡᠭᠦᠷ ᠢ ᠬᠦᠴᠦᠷᠭᠡᠭᠵᠢᠬᠦᠯᠵᠣ᠂ ᠠᠯᠪᠠᠨ ᠤ ᠲᠠᠯ᠎ᠠ ᠶᠢᠨ ᠬᠥᠮᠥᠷᠭᠡᠯᠡᠨ ᠬᠦᠷᠭᠡᠬᠦ ᠪᠠ ᠬᠦᠢᠲᠡᠨ ᠬᠡᠯᠬᠢᠶᠡᠲᠦ ᠭᠤᠣᠯ ᠱᠤᠭᠤᠮ ᠤᠨ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢ ᠰᠠᠶᠢᠲᠤᠷ ᠠᠳᠬᠤᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠷᠠᠲᠤ ᠲᠥᠷᠥᠯ ᠲᠡᠮᠳᠡᠭᠲᠦ ᠶᠢ ᠲᠠᠨᠢᠯᠴᠠᠭᠤᠯᠬᠤ ᠪᠠ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠰᠢᠤᠳᠠᠨ ᠤ ᠶᠠᠪᠤᠳᠠᠯ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠠᠰᠢᠭᠯᠠᠨ᠂ ︽ᠣᠩᠭᠤᠴᠠ ᠵᠢᠭᠡᠯᠡᠨ ᠲᠡᠯᠡᠶ ᠳᠤ ᠭᠠᠷᠴᠤ︾᠂ ᠨᠠᠩ ᠣᠯᠠᠨ ᠮᠠᠯᠴᠢᠨ ᠲᠠᠷᠢᠶᠠᠴᠢᠨ ᠳᠤ ᠨᠠᠷᠠᠲᠤ ᠲᠥᠷᠥᠯ ᠲᠡᠮᠳᠡᠭᠲᠦ ᠶᠢᠨ ᠦᠨ᠎ᠡ ᠬᠠᠩᠰᠢ ᠶᠢᠨ ᠨᠡᠮᠡᠭᠳᠡᠯ ᠤᠨ ᠠᠰᠢᠭ ᠣᠷᠣᠯᠭ᠎ᠠ ᠶᠢ ᠡᠳ᠋ᠯᠡᠭᠦᠯᠦᠨ᠎ᠡ᠃ ᠦᠷ᠎ᠡ ᠶᠢᠨ ᠦᠢᠯᠡᠰ ᠤᠨ ᠥᠷᠢᠰᠦᠯᠳᠦᠬᠦ ᠬᠦᠴᠦᠨ ᠢ ᠤᠯᠠᠮ ᠳᠡᠭᠡᠭᠰᠢᠯᠡᠭᠦᠯᠵᠦ᠂ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠪᠠ ᠪᠠᠶᠢᠭᠠᠯᠢᠯᠢᠭ ᠬᠡᠭᠡᠯᠲᠦᠭᠦᠯᠭᠡ ᠶᠢ ᠠᠳᠬᠤᠵᠤ᠂ ᠮᠢᠬᠠᠨ ᠤ ᠦᠬᠡᠷ ᠤᠨ ᠪᠣᠳᠠᠭᠠᠯᠢ ᠪᠡᠶ᠎ᠡ ᠶᠢᠨ ᠭᠠᠷᠭᠠᠯᠲᠠ ᠪᠠ ᠶᠡᠷᠦᠩᠬᠡᠶᠢᠯᠡᠭᠰᠡᠨ ᠦᠷ᠎ᠡ ᠠᠰᠢᠭ ᠤᠨ ᠥᠷᠲᠡᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠬᠤᠸᠠᠰᠢ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ 20 ᠲᠦᠮᠡᠨ ᠢᠴᠡᠭᠡᠯ ᠦᠷ᠎ᠡ ᠶᠢ ᠳᠡᠯᠭᠡᠷᠡᠭᠦᠯᠵᠦ᠂ ᠰᠢᠯᠢᠳᠡᠭ ᠡᠭᠦᠯᠳᠡᠷ ᠤᠨ 50 ᠬᠤᠸᠠᠰᠢ ᠦᠬᠡᠷ ᠤᠨ ᠦᠷ᠎ᠡ ᠶᠢᠨ ᠮᠠᠯ ᠢ ᠪᠤᠶᠢᠵᠢᠭᠤᠯᠤᠨ᠂ 1000 ᠬᠦᠪᠦᠷᠡᠯ ᠰᠢᠯᠵᠢᠭᠦᠯᠦᠨ ᠲᠠᠷᠢᠵᠤ᠂ ᠡᠭᠦᠯᠳᠡᠷ ᠪᠤᠶᠢᠵᠢᠭᠤᠯᠬᠤ ᠬᠡᠪᠴᠢᠶ᠎ᠡ ᠶᠢ 1.8 ᠲᠦᠮᠡᠨ ᠲᠣᠯᠣᠭᠠᠢ ᠳᠤ ᠬᠦᠷᠦᠭᠦᠯᠦᠨ᠎ᠡ᠃ ᠤᠯᠤᠰ ᠤᠨ ᠲᠠᠰ ᠤᠨ ᠦᠵᠦᠮᠦᠴᠢᠨ ᠴᠠᠭᠠᠨ ᠦᠬᠡᠷ ︵ᠱᠠᠷᠦ᠋ᠯᠠᠢ︶᠎ ᠤᠨ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ 1᠎ ᠶᠢ ᠰᠢᠨ᠎ᠡ ᠪᠠᠷ ᠪᠠᠶᠢᠭᠤᠯᠵᠤ᠂  ᠭᠤᠣᠯᠳᠠᠯᠭᠠᠳᠣ ᠰᠦᠷᠦᠭ 4᠎ ᠶᠢ ᠰᠢᠨ᠎ᠡ ᠪᠠᠷ ᠨᠡᠮᠡᠵᠣ᠂ ᠥᠷᠭᠡᠳᠬᠡᠨ ᠦᠷᠡᠵᠢᠭᠦᠯᠬᠦ ᠰᠦᠷᠦᠭ 20᠎ ᠶᠢ ᠰᠢᠨ᠎ᠡ ᠪᠠᠷ ᠨᠡᠮᠡᠭᠳᠡᠭᠦᠯᠵᠣ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠮᠢᠬᠠᠨ ᠤ ᠦᠬᠡᠷ ᠬᠤᠨᠢᠨ ᠤ ᠡᠭᠦᠯᠳᠡᠷ ᠢ ᠪᠤᠶᠢᠵᠢᠭᠤᠯᠬᠤ ᠭᠤᠣᠯᠳᠠᠯᠭᠠᠳᠣ ᠲᠠᠯᠠᠪᠠᠢ ᠶᠢ 9 ᠪᠣᠯᠭᠠᠬᠤ ᠪᠠᠷ ᠴᠢᠷᠮᠠᠶᠢᠨ᠎ᠠ᠃ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ ᠳᠡᠭᠡᠭᠰᠢᠯᠡᠭᠦᠯᠵᠦ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾᠂ ︽ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ + ᠬᠠᠰᠢᠶᠠᠯᠠᠨ ᠲᠡᠵᠢᠭᠡᠬᠦ︾ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠣᠷᠣᠨ ᠤ ᠪᠠᠨ ᠪᠠᠶᠢᠳᠠᠯ ᠳᠤᠨᠢ ᠲᠣᠬᠢᠷᠠᠭᠤᠯᠤᠨ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂  ᠬᠠᠰᠢᠶᠠᠯᠠᠨ ᠲᠡᠵᠢᠭᠡᠭᠰᠡᠨ ᠮᠠᠯ ᠢᠶᠠᠨ ᠪᠡᠯᠴᠢᠭᠡᠷᠯᠡᠭᠦᠯᠬᠦ ᠥᠬᠡᠶ ᠪᠠᠶᠢᠬᠤ ᠤᠷᠢᠲᠠᠯ ᠳᠣᠤᠷ᠎ᠠ᠂ ︽ᠬᠤᠨᠢ ᠶᠢ ᠴᠥᠭᠡᠳᠬᠡᠵᠦ᠂ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ  ᠂ ᠭᠤᠤᠯ ᠪᠣᠯᠬᠤ ᠤᠰᠤᠨ ᠰᠢᠰᠲ᠋ᠧᠮ ᠤᠨ ᠰᠠᠪᠠ ᠭᠠᠵᠠᠷ ᠲᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠢᠶᠠᠷ ᠭᠤᠣᠯ ᠪᠣᠯᠭᠠᠭᠰᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠪᠦᠰᠡ ᠶᠢ ᠪᠠᠶᠢᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠵᠠᠩᠭᠢᠯᠠᠭ᠎ᠠ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠵᠤ᠂ ᠮᠠᠯᠵᠢᠯ ᠤᠨ ᠣᠨ ᠤ ︽ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾ ᠮᠢᠬᠠᠨ ᠤ ᠦᠬᠡᠷ ᠤᠨ ᠲᠤᠭ᠎ᠠ ᠶᠢ 195 ᠲᠦᠮᠡ ᠳᠤ ᠲᠣᠭᠲᠠᠪᠤᠷᠢᠵᠢᠭᠤᠯᠵᠤ᠂ ᠬᠠᠰᠢᠶᠠᠯᠠᠨ ᠲᠡᠵᠢᠭᠡᠵᠦ ᠪᠠᠶᠢᠭ᠎ᠠ ᠮᠢᠬᠠᠨ ᠤ ᠦᠬᠡᠷ ᠢ 25 ᠲᠦᠮᠡ ᠳᠤ ᠬᠦᠷᠦᠭᠦᠯᠦᠨ᠎ᠡ︔ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ ︽ᠰᠢᠯᠢ ᠶᠢᠨ ᠭᠤᠣᠯ ᠬᠤᠨᠢ ᠶᠢᠨ ᠳᠤᠮᠳᠠᠳᠤ ᠤᠯᠤᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾᠎ ᠢ ᠪᠠᠶᠢᠭᠤᠯᠵᠤ᠂ ᠮᠠᠯᠵᠢᠯ ᠤᠨ ᠣᠨ ᠤ ᠪᠡᠯᠴᠢᠭᠡᠷ ᠤᠨ ᠬᠤᠨᠢ ᠶᠢ 1030 ᠲᠦᠮᠡ ᠳᠤ ᠬᠦᠷᠭᠡᠨ᠎ᠡ︔ ᠰᠢᠯᠢ ᠶᠢᠨ ᠬᠤᠳᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠳᠤ ᠲᠤᠰᠬᠠᠢ ᠬᠠᠷᠢᠶᠠᠯᠠᠭᠳᠠᠬᠤ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠬᠠᠰᠢᠶᠠᠯᠠᠨ ᠲᠡᠵᠢᠭᠡᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠬᠡᠪᠴᠢᠶ᠎ᠡ ᠶᠢ 35 ᠲᠦᠮᠡᠨ ᠲᠣᠯᠣᠭᠠᠢ ᠳᠤ ᠬᠦᠷᠦᠭᠦᠯᠵᠦ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠢᠳᠡᠭᠦᠮᠵᠢᠯᠡᠭᠰᠡᠨ ᠬᠠᠮᠢᠶᠠᠷᠤᠯᠲᠠ ᠪᠠ ᠮᠥᠷᠳᠡᠵᠦ ᠪᠣᠯᠬᠤ ᠶᠢ ᠬᠡᠷᠡᠭᠵᠢᠭᠦᠯᠦᠨ᠂ ᠳᠥᠷᠪᠡᠨ ᠤᠯᠠᠷᠢᠯ ᠳᠤ ᠪᠦᠷ ᠡᠳ᠋ᠰᠢᠭᠦᠯᠦᠨ ᠪᠣᠷᠣᠯᠠᠭᠤᠯᠵᠤ᠂ ᠵᠠᠬ᠎ᠠ ᠳᠡᠯᠭᠡᠭᠦᠷ ᠲᠤ ᠲᠡᠩᠴᠡᠭᠦᠷᠢᠲᠡᠶ ᠭᠠᠷᠭᠠᠬᠤ ᠶᠢ ᠪᠡᠶᠡᠯᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠣᠷᠢ᠂ ᠲᠡᠮᠡᠭᠡ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠭᠦᠭᠵᠢᠭᠦᠯᠦᠨ᠎ᠡ᠃ ᠨᠠᠷᠢᠯᠢᠭ ᠭᠦᠨᠵᠡᠭᠡᠶ ᠡᠳ᠋ᠰᠢᠭᠦᠯᠬᠦ ᠲᠠᠰ ᠳᠠᠪᠬᠤᠷᠭ᠎ᠠ ᠶᠢ ᠤᠯᠠᠮ ᠳᠡᠭᠡᠭᠰᠢᠯᠡᠭᠦᠯᠵᠦ᠂ ᠠᠶᠢᠮᠠᠭ ᠤᠨ ᠳᠣᠲᠣᠷᠠᠬᠢ ᠭᠤᠤᠯᠳᠠᠯᠭ᠎ᠠ ᠲᠠᠢ  ᠲᠣᠯᠣᠭᠠᠶᠢᠯᠠᠭᠴᠢ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢᠶᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠳᠠᠬᠢᠨ 1—2 ᠮᠢᠬᠠᠨ ᠤ ᠦᠬᠡᠷ ᠤᠨ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠪᠠ ᠨᠡᠮᠡᠯᠲᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠶᠢᠮᠠᠭ ᠤᠨ ᠳᠣᠲᠣᠷᠠᠬᠢ ᠮᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠶᠢ 450 ᠲᠦᠮᠡᠨ ᠬᠤᠨᠢᠴᠢᠯᠠᠭᠰᠡᠨ ᠨᠢᠭᠡᠴᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠢᠶᠠᠷ ᠨᠢ ᠳᠥᠯᠭᠢᠨ ᠠᠬᠢᠭᠤᠯᠬᠤ 1 ᠲᠥᠷᠥᠯ ᠵᠦᠢᠯ ᠢ ᠴᠢᠷᠮᠠᠶᠢᠨ ᠣᠯᠵᠣ᠂ ᠰᠦ ᠶᠢᠨ ᠦᠢᠯᠡᠰ ᠤᠨ ᠬᠦᠷᠢᠶᠡᠯᠡᠩ ᠲᠣᠭᠤᠷᠢᠭ ᠢ 1 ᠰᠢᠨ᠎ᠡ ᠪᠠᠷ ᠪᠠᠶᠢᠭᠤᠯᠤᠨ᠎ᠠ᠃ ᠬᠤᠨᠢᠨ ᠠᠷᠠᠰᠤ᠂ ᠬᠤᠨᠢᠨ ᠰᠡᠭᠦᠯ᠂ ᠰᠢᠷᠠᠰᠤ ᠪᠣᠯᠪᠠᠰᠤᠷᠠᠭᠤᠯᠬᠤ ᠵᠡᠷᠭᠡ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠬᠤᠨᠢᠨ ᠠᠷᠠᠰᠤᠨ ᠢᠳᠡᠭᠡᠨ ᠤ ᠮᠠᠲ᠋ᠧᠷᠢᠶᠠᠯ ᠪᠠ ᠰᠢᠷᠠᠰᠤ ᠪᠣᠯᠪᠠᠰᠤᠷᠠᠭᠤᠯᠬᠤ ᠲᠥᠷᠥᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠲᠡᠷᠢᠭᠦᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠢᠬᠢ᠂ ᠰᠢᠬᠢᠷ᠂ ᠲᠣᠰᠣ᠂ ᠲᠥᠮᠥᠰᠥ ᠵᠡᠷᠭᠡ ᠴᠢᠨᠠᠷ ᠰᠠᠶᠢᠲᠠᠶ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠴᠢᠩᠭᠠᠳᠬᠠᠨ᠎ᠠ᠃ ᠮᠠᠯ ᠠᠵᠤ ᠠᠬᠤᠢ ᠲᠠᠷᠢᠶᠠᠯᠠᠩ ᠤᠨ ᠲᠥᠬᠦᠭᠡᠷᠦᠮᠵᠢᠲᠦ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂  ︽ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠠᠵᠤ ᠠᠬᠤᠶ ᠶᠢ ᠰᠢᠯᠢᠳᠡᠭᠵᠢᠭᠦᠯᠦᠨ ᠲᠠᠷᠢᠮᠠᠯ ᠢ ᠥᠷᠭᠡᠳᠬᠡᠬᠦ︾᠎ ᠶᠢ ᠪᠠᠷᠢᠮᠲᠠᠯᠠᠨ ᠂ ᠠᠮᠤ ᠪᠤᠳᠠᠭ᠎ᠠ ᠳᠠᠷᠢᠬᠤ ᠲᠠᠯᠠᠪᠠᠶ ᠶᠢ 220 ᠲᠦᠮᠡᠨ ᠮᠥ᠂ ᠠᠵᠤ ᠠᠬᠤᠶ ᠶᠢᠨ ᠲᠠᠷᠢᠮᠠᠯ ᠢ 70 ᠲᠦᠮᠡᠨ ᠮᠥ  ᠲᠠᠷᠢᠬᠤ ᠶᠢ ᠦᠨᠡᠨᠬᠦ ᠪᠠᠳᠣᠯᠠᠵᠣ᠂ 19.29 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠪᠠ᠃ ᠲᠡᠵᠢᠭᠡᠯ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠤᠯᠠᠮ ᠪᠠᠲᠤᠯᠠᠵᠤ᠂ ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ ᠲᠠᠯᠠᠪᠠᠶ 120 ᠲᠦᠮᠡᠨ ᠮᠦ ᠪᠠᠶᠢᠵᠤ᠂ ᠪᠠᠶᠢᠭᠠᠯᠢ ᠶᠢᠨ ᠬᠠᠳᠤᠯᠠᠩ ᠤᠨ ᠲᠠᠯᠠᠪᠠᠶ ᠶᠢ 3000 ᠲᠦᠮᠡᠨ ᠮᠦ ᠳᠤ ᠲᠣᠭᠲᠠᠪᠤᠷᠢᠵᠢᠭᠤᠯᠵᠤ᠂ ᠤᠨᠠᠯᠲᠠ ᠶᠢ 20 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠪᠠᠶᠢᠯᠭᠠᠵᠣ᠂ ᠨᠥᠬᠦᠴᠡᠯ ᠲᠠᠢ ᠬᠤᠰᠢᠭᠤ ᠬᠤᠲᠠ ︵ᠤᠷᠤᠨ︶᠎ ᠳᠤ ᠲᠥᠪᠯᠡᠷᠡᠨ ᠵᠠᠯᠭᠠᠯᠳᠤᠭᠰᠠᠨ ᠪᠠᠶᠢᠭᠠᠯᠢ ᠶᠢᠨ ᠬᠠᠳᠤᠯᠠᠩ ᠢ ᠲᠦᠪᠯᠡᠷᠡᠭᠦᠯᠵᠦ᠂  ᠬᠠᠷᠢᠯᠴᠨ ᠰᠣᠯᠢᠯᠴᠠᠭᠤᠯᠬᠤ ᠶᠢ ᠬᠡᠷᠡᠭᠵᠢᠭᠦᠯᠦᠨ᠂ 30 ᠰᠠᠭᠤᠷᠢ  ᠬᠤᠯᠢᠮᠠᠭ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠭᠤᠷᠪᠠᠨ ᠱᠠᠲᠤᠨ ᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠭᠠᠩ ᠬᠠᠭᠰᠠᠷᠭᠠᠨ ᠲᠠᠢ ᠲᠡᠮᠡᠴᠡᠬᠦ ᠴᠢᠨᠠᠷᠲᠠᠢ ᠮᠠᠯ ᠠᠵᠤ ᠠᠬᠤᠢ ᠶᠢᠨ ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ  ᠃       ᠵᠢᠭᠤᠯᠴᠢᠯᠠᠯ ᠤᠨ ᠦᠢᠯᠡᠰ ᠢᠶᠠᠷ ᠵᠢᠯᠣᠭᠤᠳᠤᠮᠵᠢ ᠪᠣᠯᠭᠠᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃  ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠳᠡᠰ ᠳᠡᠪᠰᠢᠬᠦ ᠶᠢ ᠦᠷᠭᠦᠯᠵᠢᠯᠡᠨ ᠲᠦᠷᠭᠡᠳᠬᠡᠵᠦ᠂ ᠤᠯᠠᠭᠠᠢ ᠶᠢᠨ ᠵᠢᠦ ᠴᠢᠤᠢ ᠸᠠᠨ ᠤ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠤᠯᠤᠨ ᠨᠠᠭᠤᠷ ᠳᠠᠭᠠᠤ ᠤᠯᠤᠰ ᠤᠨ ᠵᠤᠭᠠᠴᠠᠯ ᠤᠨ ᠣᠷᠣᠨ ᠢ ᠡᠭᠦᠳᠦᠨ ᠪᠠᠶᠢᠭᠤᠯᠬᠤ ᠠᠵᠢᠯ ᠢᠶᠠᠨ ᠭᠤᠣᠯᠳᠠᠯᠭ᠎ᠠ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 34  ᠳ᠋ᠣᠬᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠢᠳᠡᠪᠬᠢᠲᠡᠶ ᠪᠡᠯᠡᠳᠬᠡᠵᠦ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂  ᠡᠪᠦᠯ ᠤᠨ ᠣᠯᠠᠷᠢᠯ ᠤᠨ ᠮᠥᠰᠥ ᠴᠠᠰᠤ ᠶᠢ ᠲᠤᠭᠤᠯᠬᠤ ᠠᠵᠢᠯᠯᠠᠭ᠎ᠠ᠂ ᠮᠠᠰᠢᠨ ᠲᠡᠷᠭᠡᠨ ᠤ ᠣᠷᠣᠯᠳᠣᠭᠠᠨ ᠪᠠ ᠳᠠᠭᠤᠤ ᠬᠥᠭᠵᠢᠮ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠢᠳᠡᠪᠬᠢᠲᠠᠢ ᠡᠷᠬᠢᠯᠡᠵᠣ᠂ ᠲᠤᠯᠤᠨ ᠨᠠᠭᠤᠷ ᠳᠠᠭᠠᠤ  ︽300 ᠺᠢᠯᠣᠮᠧᠲᠷ ᠎ ᠤᠨ ᠬᠠᠮᠤᠭ ᠤᠨ ᠭᠤᠶᠤ ᠦᠵᠡᠮᠵᠢ ᠶᠢᠨ ᠶᠡᠭᠡ ᠲᠣᠭᠤᠷᠢᠯ ᠵᠠᠮ︾ ᠎ ᠤᠨ ᠮᠣᠷᠢᠨ ᠮᠡᠷᠭᠡᠵᠢᠯ ᠤᠨ ᠳᠠᠪᠠᠯᠲᠠ᠂ ᠰᠢᠯᠢ ᠶᠢᠨ ᠬᠤᠲᠠ ᠶᠢᠨ ︽ᠵᠠᠭᠤᠨ ᠭᠠᠵᠠᠷ ᠤᠨ ᠮᠣᠷᠢᠨ ᠵᠠᠮ︾ ᠪᠠ ᠮᠠᠰᠢᠨ ᠳᠡᠷᠭᠡᠨ ᠤ ᠵᠣᠭᠠᠴᠠᠯ ᠤᠨ ᠭᠠᠵᠠᠷ᠂ ᠲᠠᠯ᠎ᠠ ᠨᠤᠲᠤᠭ ᠢᠶᠠᠷ ᠬᠤᠨᠣᠭᠯᠠᠬᠤ ᠵᠡᠷᠭᠡ ᠲᠥᠷᠥᠯ ᠵᠦᠢᠯ ᠢ ᠰᠠᠶᠢᠳᠣᠷ ᠭᠡᠷᠡᠭᠵᠢᠬᠦᠯᠦᠨ᠎ᠡ᠃ ᠨᠡᠩ ᠣᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠵᠣ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠥᠪᠡᠰᠦᠪᠡᠨ ᠲᠡᠷᠭᠡ ᠵᠢᠯᠣᠭᠤᠳᠤᠨ ᠲᠣᠭᠤᠷᠢᠯ ᠱᠤᠭᠤᠮ ᠢ ᠳᠤᠭᠤᠯᠤᠨ᠎ᠠ᠃ ᠰᠢᠯᠢ ᠶᠢᠨ ᠭᠤᠤᠯ ᠤᠨ ᠭᠠᠷ ᠪᠡᠯᠡᠭ︾᠎ ᠢ ᠡᠯᠰᠡᠨ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠥᠪᠡᠰᠦᠪᠡᠨ ᠲᠡᠷᠭᠡ ᠵᠢᠯᠣᠭᠤᠳᠤᠨ ᠵᠢᠭᠤᠯᠴᠢᠯᠠᠭᠴᠢᠳ ᠤᠨ ᠬᠤᠳᠠᠯᠳᠤᠨ ᠠᠪᠬᠤ ᠳᠤ ᠲᠣᠬᠢᠷᠠᠬᠤ  ᠪᠠᠷᠠᠭ᠎ᠠ ᠶᠢ ᠬᠢᠨᠠᠨ ᠰᠣᠩᠭᠤᠨ᠎ᠠ᠃ ︽ᠢᠳᠡᠵᠦ ᠤᠤᠭᠤᠬᠤ ᠶᠠᠪᠤᠵᠤ ᠰᠠᠭᠤᠬᠤ ᠠᠶᠠᠯᠠᠨ ᠵᠣᠭᠠᠴᠠᠬᠤ ᠠᠷᠠᠯᠵᠢᠶᠠᠯᠠᠬᠤ ᠵᠤᠭ᠎ᠠ ᠴᠡᠩᠭᠡᠬᠦᠨ︾᠎ ᠤ ᠵᠢᠭᠤᠯᠴᠢᠯᠠᠯ ᠤᠨ ᠬᠦᠴᠦᠨ ᠵᠦᠢᠯ ᠢ ᠨᠢᠭᠡ ᠴᠤᠭᠴᠠᠵᠢᠭᠤᠯᠤᠨ ᠳᠡᠭᠡᠭᠰᠢᠯᠡᠬᠦᠯᠦᠨ᠎ᠡ᠃ OTA ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠠᠷᠠᠭᠤᠯ ᠠᠭᠤᠳᠠᠮ ᠲᠠᠯ᠎ᠠ ᠨᠤᠲᠤᠭ · ᠰᠢᠯᠢ ᠶᠢᠨ ᠭᠤᠣᠯ︾᠎ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠠᠨ᠎ᠠ ᠲᠠᠢ ᠥᠨᠳᠥᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠪᠠᠨ ᠡᠮᠬᠢ ᠳᠢᠭᠯᠢᠮ ᠲᠠᠢ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠴᠠᠭ ᠤᠨ ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠠᠷᠠᠳ ᠤᠨ ᠠᠮᠢᠳᠤᠷᠠᠯ ᠤᠨ ᠥᠷᠯᠥᠭᠡ ᠶᠢᠨ ᠵᠠᠬ᠎ᠠ ᠵᠡᠷᠭᠡ ᠬᠡᠷᠡᠭᠯᠡᠭᠡᠨ ᠤ ᠪᠠᠶᠢᠳᠠᠯ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠤᠶᠤᠨᠲᠤ ᠭᠡᠷ ᠤᠨ ᠴᠠᠬᠢᠯᠭᠠᠨ ᠬᠡᠷᠡᠭᠰᠡᠯ᠂ ᠡᠯᠧᠺᠲᠷᠣᠨ ᠦᠢᠯᠡᠳᠬᠦᠨ ᠵᠡᠷᠭᠡ ᠲᠠᠸᠠᠷ ᠤᠨ ᠬᠡᠷᠡᠭᠯᠡᠭᠡ ᠶᠢ ᠠᠬᠢᠭᠤᠯᠵᠤ᠂ ᠬᠠᠳᠠᠨ ᠴᠢᠨᠠᠷ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠨ᠎ᠡ᠃      ︵ᠭᠤᠷᠪᠠ︶᠎ ︽ᠤᠯᠤᠰ ᠤᠨ ᠶᠡᠭᠡ ᠶᠠᠪᠤᠳᠠᠯ︾  ᠎ ᠤᠨ ᠥᠨᠳᠥᠷᠴᠡ ᠠᠴᠠ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠪᠠᠬᠢᠵᠢᠭᠦᠯᠦᠨ᠎ᠡ      ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠲᠡᠶᠢᠯᠡᠯᠳᠤᠭᠠᠨ ᠤ ᠢᠯᠡᠯᠲᠡ ᠶᠢ ᠡᠷᠡᠰ ᠲᠡᠮᠡᠴᠡᠨ ᠤᠯᠤᠨ᠎ᠠ᠃  ᠮᠠᠨ ᠤ ᠠᠶᠢᠮᠠᠭ ᠤᠨ ︽ᠬᠤᠯᠠᠨ ᠰᠢᠷᠭ᠎ᠠ ᠳᠠᠭ᠎ᠠ ᠶᠢᠨ  ᠡᠯᠡᠰᠦᠷᠭᠡᠭ ᠭᠠᠵᠠᠷ  ᠎ ᠢ ᠵᠠᠰᠠᠨ ᠰᠡᠷᠭᠦᠭᠡᠬᠦ  ᠲᠠᠶᠢᠯᠠᠯᠳᠤᠭᠠᠨ ᠤ ᠢᠯᠠᠯᠲᠠ ᠶᠢ  ᠵᠠᠪᠠᠯ ᠣᠯᠬᠤ  ᠬᠡᠷᠡᠭᠵᠢᠭᠦᠯᠬᠦ ᠲᠥᠰᠦᠯ︾ ᠪᠠ ︽ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠬᠡᠲᠦᠷᠡᠭᠰᠡᠨ ᠠᠰᠠᠭᠤᠳᠠᠯ ᠢ ᠰᠶᠢᠳᠪᠦᠷᠢᠯᠡᠬᠦ ᠠᠵᠢᠯᠯᠠᠭᠠᠨ ᠤ ᠲᠥᠰᠦᠯ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠱᠠᠩᠨᠠᠯ ᠨᠥᠬᠦᠪᠥᠷᠢ ᠶᠢᠨ ᠮᠥᠩᠭᠦ ᠶᠢ ᠲᠠᠷᠬᠠᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠷᠢᠭᠤᠴᠠᠯᠭ᠎ᠠ ᠶᠢ ᠭᠦᠢᠴᠡᠳᠬᠡᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠳᠦᠷᠢᠮ ᠢ ᠵᠥᠷᠢᠴᠡᠭᠰᠡᠨ ᠪᠠ ᠲᠠᠭᠠᠭᠠᠴᠠ ᠎ ᠠᠴᠠ ᠬᠡᠲᠦᠷᠡᠭᠦᠯᠦᠨ ᠮᠠᠯ ᠮᠠᠯᠵᠢᠬᠤ ᠵᠡᠷᠭᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠳᠡᠭᠦᠯᠳᠡᠷᠵᠢᠬᠦᠯᠦᠨ᠎ᠡ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠷᠣᠨ ᠬᠤᠪᠢᠶᠠᠨ ᠵᠠᠰᠠᠬᠤ ᠶᠢ ᠪᠠᠷᠢᠮᠲᠠᠯᠠᠵᠤ᠂ 22 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ 35 ᠲᠦᠮᠡᠨ ᠮᠤ᠋ ᠶᠢ ᠪᠢᠲᠡᠭᠦᠮᠵᠢᠯᠡᠨ ᠤᠷᠭᠤᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠡᠮᠦᠨ᠎ᠡ ᠵᠠᠬ᠎ᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠡᠷᠦᠩᠬᠡᠶᠢᠯᠡᠭᠰᠡᠨ ᠵᠠᠰᠠᠯᠲᠠ ᠶᠢᠨ ᠲᠠᠶᠢᠪᠤᠰᠧ ᠬᠤᠰᠢᠭᠤᠨ ᠤ ᠵᠢᠱᠢᠶ᠎ᠡ ᠦᠵᠡᠭᠦᠯᠬᠦ ᠲᠥᠷᠥᠯ ᠵᠦᠢᠯ 19 ᠲᠦᠮᠡᠨ ᠮᠦ᠂ ᠲᠠᠯ᠎ᠠ ᠨᠤᠲᠤᠭ ᠤᠨ ᠰᠠᠶᠢᠵᠢᠷᠠᠭᠤᠯᠤᠯᠲᠠ 5 ᠲᠦᠮᠡᠨ ᠮᠦ᠂ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 37 ᠲᠦᠮᠡᠨ ᠮᠦ  ᠎ ᠶᠢ ᠲᠤᠶᠢᠯᠪᠤᠷᠢᠲᠠᠢ ᠵᠠᠰᠠᠬᠤ ᠪᠣᠯᠤᠨ᠎ᠠ᠃ ᠮᠠᠨ ᠤ ᠠᠶᠢᠮᠠᠭ ᠤᠨ ᠭᠡᠷᠡᠯ ᠴᠡᠨᠡᠭ ᠤᠨ ᠡᠯᠡᠰᠦ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ ᠨᠡᠩ ᠶᠡᠭᠡ ᠬᠠᠷᠠᠭᠠᠯᠵᠠᠯ ᠦᠵᠡᠭᠦᠯᠬᠦ ᠪᠠᠷ ᠴᠢᠷᠮᠠᠶᠢᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠵᠢᠴᠢ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠯᠡᠰᠦᠷᠬᠡᠭ ᠭᠠᠵᠠᠷ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠠᠮᠢ ᠠᠬᠤᠶ ᠶᠢᠨ ᠰᠠᠶᠢᠵᠢᠷᠠᠯᠲᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠤᠰ ᠠᠮᠵᠢᠯᠲᠠ ᠶᠢ ᠠᠬᠢᠭᠤᠯᠤᠨ᠎ᠠ᠃       ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢᠶᠠᠨ ᠴᠡᠭᠴᠡᠯᠡᠨ ᠰᠠᠶᠢᠵᠢᠷᠠᠭᠤᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠭᠦᠨᠵᠡᠭᠡᠢ ᠠᠬᠢᠭᠤᠯᠤᠨ᠎ᠠ᠃  ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠎ ᠢᠶᠠᠨ ᠴᠡᠭᠴᠡᠯᠡᠨ ᠥᠭᠡᠷᠡᠴᠢᠯᠡᠬᠦ ᠶᠢ ᠴᠢᠨᠠᠷ ᠰᠠᠶᠢᠲᠠᠢ ᠲᠦᠯᠬᠢᠨ ᠠᠬᠢᠭᠤᠯᠵᠤ᠂ ᠦᠯᠡᠳᠡᠭᠰᠡᠨ ᠴᠡᠭᠴᠡᠯᠡᠨ ᠥᠭᠡᠷᠡᠴᠢᠯᠡᠬᠦ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠥᠩᠭᠡᠷᠡᠭᠰᠡᠨ ᠵᠢᠯ ᠤᠳ ᠲᠤ ᠨᠢᠭᠡᠨᠲᠡ ᠵᠠᠰᠠᠨ ᠰᠠᠶᠢᠵᠢᠷᠠᠭᠤᠯᠤᠭᠰᠠᠨ ᠠᠰᠠᠭᠤᠳᠠᠯ ᠢ ︽ᠡᠷᠭᠢᠨ ᠬᠠᠷᠠᠬᠤ︾ ᠠᠵᠢᠯ ᠢᠶᠠᠨ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠠᠵᠢᠯ ᠢᠶᠠᠨ ᠦᠷᠭᠦᠯᠵᠢᠯᠡᠨ ᠥᠷᠨᠢᠭᠦᠯᠵᠦ᠂ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠬᠦ᠂ ᠬᠤᠲᠠ ᠪᠠᠯᠭᠠᠰᠣᠨ ᠤ ᠪᠣᠬᠢᠷ ᠤᠰᠤ ᠭᠠᠳᠠᠭᠰᠢᠯᠠᠭᠤᠯᠬᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠠᠶᠠᠭᠳᠠᠮᠠᠯ ᠤᠰᠤᠨ ᠤ ᠠᠵᠤ ᠠᠬᠤᠶᠢᠯᠠᠯ ᠤᠨ  ᠪᠠᠷᠢᠮᠵᠢᠶᠠᠨ ᠳᠤ ᠬᠦᠷᠦᠭᠦᠯᠦᠨ ᠬᠢᠨᠠᠨ ᠬᠠᠮᠢᠶᠠᠷᠬᠤ ᠶᠢ ᠴᠢᠩᠭᠠᠳᠬᠠᠬᠤ ᠶᠢᠨ ᠬᠠᠮᠲᠤ ︽ᠡᠷᠭᠢᠨ ᠬᠠᠷᠠᠬᠤ︾ ᠠᠵᠢᠯ ᠦᠷᠨᠢᠭᠦᠯᠦᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯᠯᠠᠭ᠎ᠠ ᠪᠠᠨ ᠪᠦᠬᠦ ᠲᠠᠯ᠎ᠠ ᠪᠠᠷ ᠬᠡᠷᠡᠭᠵᠢᠭᠦᠯᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢ ᠪᠦᠬᠦ ᠣᠷᠣᠨ ᠤ ᠲᠡᠷᠢᠭᠦᠨ ᠳᠤ ᠦᠷᠭᠦᠯᠵᠢᠯᠡᠨ ᠲᠣᠭᠲᠠᠭᠤᠨ ᠢᠶᠠᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠯ ᠢ ᠪᠠᠬᠢᠵᠢᠭᠦᠯᠬᠦ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠯ ᠢ ᠬᠡᠪᠴᠢᠶᠡᠵᠢᠭᠦᠯᠦᠨ ᠠᠰᠢᠭᠯᠠᠬᠤ ᠪᠠ ᠭᠠᠳᠠᠭᠰᠢ ᠲᠡᠭᠡᠭᠡᠪᠦᠷᠢᠯᠡᠵᠦ ᠪᠣᠷᠣᠯᠠᠭᠤᠯᠬᠤ ᠶᠢ ᠠᠬᠢᠭᠤᠯᠵᠤ᠂ ᠦᠯᠡᠳᠡᠭᠳᠡᠯ ᠬᠦᠳᠡᠷ ᠤᠨ ᠬᠥᠮᠥᠷᠭᠡ᠂ ᠬᠦᠨᠳᠦ ᠲᠡᠮᠦᠷᠯᠢᠭ ᠤᠨ ᠠᠵᠢᠯ ᠲᠥᠷᠥᠯ ᠪᠣᠯᠤᠨ ᠠᠶᠤᠯᠲᠠᠢ ᠬᠠᠶᠠᠭᠳᠠᠮᠠᠯ ᠡᠳ᠋᠂ ᠡᠮᠨᠡᠯᠭᠡ ᠶᠢᠨ ᠬᠠᠶᠠᠭᠳᠠᠮᠠᠯ ᠡᠳ᠋ ᠵᠡᠷᠭᠡ ᠪᠣᠬᠢᠷᠲᠤᠯ ᠤᠨ ᠳᠠᠯᠳᠠ ᠭᠡᠮ ᠢ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ  ᠠᠶᠣᠯᠬᠦᠢ ᠶᠢ ᠦᠨᠡᠨᠬᠦ ᠪᠠᠲᠤᠯᠠᠨ᠎ᠠ᠃        ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠦᠭᠴᠢᠲᠦ ᠡᠷᠭᠢᠯᠲᠡᠲᠦ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠪᠡᠰᠦᠪᠡᠨ ᠬᠡᠷᠡᠭᠯᠡᠬᠦ ᠰᠢᠨ᠎ᠡ ᠡᠨᠧᠷᠭᠢ ᠶᠢ ᠰᠢᠩᠭᠡᠭᠡᠨ ᠠᠪᠬᠤ ᠬᠢᠷᠢ ᠲᠦᠪᠰᠢᠨ ᠢᠶᠠᠨ ᠪᠦᠲᠦᠮᠵᠢᠲᠡᠶ ᠳᠡᠭᠡᠭᠰᠢᠯᠡᠭᠦᠯᠬᠦ ᠪᠠᠷ ᠰᠢᠪᠲᠤᠯᠤᠯᠲᠠ ᠪᠣᠯᠭᠠᠵᠤ᠂ ᠪᠣᠬᠢᠷᠲᠤᠯ ᠥᠬᠡᠶ ᠴᠠᠬᠢᠯᠭᠠᠨ ᠢᠶᠠᠷ ᠵᠢᠱᠢᠶ᠎ᠡ ᠦᠵᠡᠭᠦᠯᠬᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ᠂ ᠬᠤᠴᠣᠷᠤᠩᠭᠤᠶ ᠲᠥᠬᠦᠭᠡᠷᠦᠮᠵᠢ ᠶᠢ ᠰᠢᠭᠰᠢᠭᠳᠡᠭᠦᠯᠬᠦ ᠪᠠ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠪᠠ ᠪᠣᠬᠢᠷᠳᠣᠯ ᠶᠡᠬᠡᠲᠡᠶ ᠲᠥᠷᠥᠯ ᠵᠦᠢᠯ ᠢ ᠰᠣᠬᠤᠷ ᠪᠠᠯᠠᠶ ᠪᠠᠷ ᠳᠣᠤᠷ᠎ᠠ ᠲᠦᠪᠰᠢᠨ ᠳᠤ ᠬᠥᠭᠵᠢᠭᠦᠯᠬᠦ ᠶᠢ ᠴᠢᠩᠭ᠎ᠠ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠠᠷᠠᠯᠳᠠ ᠪᠠᠨ ᠪᠡᠶᠡᠯᠡᠭᠦᠯᠬᠦ ᠶᠢ ᠪᠠᠲᠤᠯᠠᠨ᠎ᠠ᠃ ᠵᠠᠳᠠᠭᠠᠶ ᠨᠡᠭᠦᠷᠡᠰᠦᠨ ᠠᠭᠤᠷᠬᠠᠶ ᠪᠠ ᠲᠣᠮᠣ ᠬᠡᠯᠪᠡᠷᠢ ᠶᠢᠨ ᠨᠡᠭᠦᠷᠡᠰᠦᠨ ᠤ ᠪᠤᠰᠤ ᠵᠠᠳᠠᠭᠠᠶ ᠠᠭᠤᠷᠬᠠᠶ ᠪᠠᠷ ᠭᠤᠤᠯᠳᠠᠯᠭ᠎ᠠ ᠪᠣᠯᠭᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠎ ᠢᠶᠠᠨ ᠨᠡᠮᠡᠭᠳᠡᠭᠦᠯᠬᠦ ᠪᠠ ᠰᠢᠯᠢᠳᠡᠭ ᠢ ᠨᠢ ᠰᠣᠩᠭᠤᠭᠰᠠᠨ ᠨᠡᠷᠡᠰ ᠤᠨ ᠪᠠᠷᠢᠮᠵᠢᠶ᠎ᠠ ᠳᠤ ᠬᠦᠷᠦᠭᠦᠯᠦᠨ ᠡᠭᠦᠳᠦᠨ ᠪᠠᠶᠢᠭᠤᠯᠬᠤ ᠠᠵᠢᠯ ᠢᠶᠠᠨ ᠥᠷᠨᠢᠭᠦᠯᠵᠦ᠂ ᠬᠠᠩᠭᠠᠯᠭ᠎ᠠ ᠶᠢ ᠪᠠᠲᠤᠯᠠᠬᠤ ᠨᠡᠭᠦᠷᠡᠰᠦᠨ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠢ ᠲᠦᠷᠦᠯ ᠢᠶᠠᠷ ᠱᠠᠯᠠᠪᠳᠠᠭᠤᠯᠣᠨ ᠪᠠᠶᠢᠴᠠᠭᠠᠯᠲᠠ ᠬᠢᠨ᠎ᠡ᠃ ︽ᠨᠢᠭᠡ ᠶᠢ ᠪᠣᠯᠪᠠᠰᠤᠷᠠᠩᠭᠤᠶ ᠪᠣᠯᠭᠠᠪᠠᠯ ᠨᠢᠭᠡ ᠶᠢ ᠠᠮᠢᠳᠤᠯᠢᠭᠵᠢᠭᠤᠯᠬᠤ︾ ᠵᠠᠷᠴᠢᠮ ᠢᠶᠠᠷ᠂ ᠠᠭᠤᠷᠬᠠᠢ ᠶᠢᠨ ᠦᠢᠯᠡᠰ ᠤᠨ ᠡᠷᠬᠡ ᠶᠢ ᠬᠠᠤᠯᠢ ᠲᠣᠭᠲᠠᠭᠠᠯ ᠶᠣᠰᠣᠭᠠᠷ ᠠᠮᠢᠳᠤᠯᠢᠭᠵᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠭᠤᠷᠬᠠᠢ ᠎ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠥᠬᠡᠢ ᠬᠠᠶᠢᠨ ᠪᠠᠶᠢᠴᠠᠭᠠᠬᠤ᠂ ᠶᠡᠷᠦᠩᠬᠡᠶᠢᠯᠡᠨ ᠬᠠᠶᠢᠨ ᠪᠠᠶᠢᠴᠠᠭᠠᠬᠤ ᠶᠢ ᠲᠦᠷᠭᠡᠳᠬᠡᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠴᠢᠩᠭ᠎ᠠ ᠬᠢᠵᠠᠭᠠᠷᠯᠠᠯ ᠢ ᠴᠢᠩᠳᠠᠯᠠᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠬᠤ ᠪᠠ ᠬᠤᠲᠠ ᠪᠠᠯᠭᠠᠰᠣᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠎ ᠢᠶᠠᠨ ᠨᠡᠮᠡᠭᠳᠡᠭᠦᠯᠬᠦ ᠎ ᠶᠢ ᠴᠢᠩᠭᠠᠷᠠᠭᠤᠯᠤᠨ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠦᠪᠰᠢᠶᠡᠷᠡᠭᠰᠡᠨ ᠪᠤᠯᠪᠠᠴᠤ ᠬᠠᠩᠭᠠᠭᠠᠳᠦᠢ ᠭᠠᠵᠠᠷ ᠰᠢᠷᠣᠢ᠂ ᠰᠤᠯᠠ ᠪᠠᠶᠢᠭ᠎ᠠ ᠭᠠᠵᠠᠷ ᠰᠢᠷᠣᠢ ᠶᠢ ᠰᠶᠢᠳᠪᠦᠷᠢᠯᠡᠬᠦ ᠡᠭᠦᠷᠭᠡ ᠪᠠᠨ ᠤᠷᠢᠳᠴᠢᠯᠠᠨ ᠪᠡᠶᠡᠯᠡᠭᠦᠯᠦᠨ᠎ᠡ᠃      ︵ᠲᠦᠷᠪᠡ︶ ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠴᠢᠯᠥᠭᠡᠲᠡᠢ ᠶᠠᠪᠤᠯᠴᠠᠬᠤ ᠶᠢ ᠭᠦᠨᠵᠡᠭᠡᠶᠢᠷᠡᠭᠦᠯᠵᠦ ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠡᠮᠡᠭᠳᠡᠭᠦᠯᠦᠨ᠎ᠡ      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠦᠷᠭᠦᠯᠵᠢᠯᠡᠨ 20 %  ᠎ ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠥᠪᠯᠡᠷᠡᠭᠦᠯᠦᠨ ᠰᠢᠪᠲᠤᠯᠤᠯᠲᠠ ᠬᠢᠬᠦ ᠶᠢ ᠳᠡᠮᠵᠢᠵᠦ᠂ ᠬᠢᠮᠡᠯ ᠠᠯᠮᠠᠰ᠂ ᠭᠧᠷᠮᠠᠨ ᠤ ᠠᠵᠤ ᠦᠢᠯᠡᠰ ᠤᠨ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠠᠭᠠᠰ ᠳᠠᠮᠵᠢᠭᠤᠯᠤᠭᠴᠢ ᠮᠠᠲ᠋ᠧᠷᠢᠶᠠᠯ ᠳᠠᠰᠢ ᠤᠷᠲᠤᠳᠬᠠᠬᠤ ᠶᠢ ᠭᠤᠣᠯᠳᠠᠯᠭ᠎ᠠ ᠲᠠᠢ ᠠᠬᠢᠭᠤᠯᠤᠨ᠎ᠠ᠃ ︽ᠬᠤᠤᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 55 ᠡᠷᠦᠬᠡ ᠳᠤ ᠬᠦᠷᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 80 ᠡᠷᠦᠬᠡ ᠳᠤ ᠦᠨᠡᠯᠡᠭᠦᠯᠦᠨ ᠬᠥᠮᠥᠷᠭᠡᠯᠡᠬᠦ ᠪᠠᠷ ᠴᠢᠷᠮᠠᠶᠢᠨ᠎ᠠ︔ ᠤᠯᠤᠰ ᠤᠨ ᠳᠡᠰ ᠤᠨ ︽ᠠᠵᠤ ᠦᠢᠯᠡᠳᠪᠦᠷᠢᠵᠢᠯᠲᠡ ᠬᠢᠭᠡᠳ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠠᠵᠤ ᠠᠬᠤᠶᠢᠯᠠᠯ 7 ᠡᠷᠦᠬᠡ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 5 ᠡᠷᠦᠬᠡ᠂ ᠲᠤᠰᠬᠠᠢ ᠮᠡᠷᠭᠡᠵᠢᠯ ᠤᠨ ᠪᠥᠭᠡᠳ ᠥᠪᠡᠷᠮᠢᠴᠡ ᠣᠨᠴᠠᠯᠢᠭᠲᠤ ᠳᠤᠮᠳᠠ ᠵᠢᠵᠢᠭ ᠠᠵᠤ ᠠᠬᠤᠶᠢᠯᠠᠯ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠎ ᠢ ᠲᠣᠰᠪᠣᠷᠢ 1 ᠡᠷᠦᠬᠡ᠂ ᠲᠤᠰᠬᠠᠢ ᠮᠡᠷᠭᠡᠵᠢᠯ ᠤᠨ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠤᠨ᠎ᠠ᠃ ᠨᠡᠷᠡᠲᠦ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠸᠠᠰᠢ ᠦᠭᠡᠷ  ᠂  ᠥᠨᠳᠥᠷ ᠦᠷᠡᠵᠢᠯᠲᠦ  ︵ᠣᠯᠠᠨ ᠬᠦᠪᠦᠷᠡᠯᠲᠦ︶ ᠦᠵᠦᠮᠦᠴᠢᠨ ᠬᠤᠨᠢ  ᠂ ᠪᠠᠷᠠᠭᠤᠨ ᠦᠵᠦᠮᠦᠴᠢᠨ  ᠤ ᠲᠡᠵᠢᠭᠡᠯ ᠡᠪᠡᠰᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠎ ᠢᠶᠠᠨ ᠬᠤᠪᠢᠷᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠡᠷᠡᠭᠯᠡᠭᠡᠨ ᠤ ᠮᠡᠷᠭᠡᠵᠢᠯ ᠬᠢᠭᠡᠳ ᠰᠤᠳᠤᠯᠤᠨ ᠨᠡᠭᠡᠭᠡᠬᠦ ᠲᠥᠷᠥᠯ ᠵᠦᠢᠯ ᠢ 6᠎ ᠠᠴᠠ ᠳᠡᠭᠡᠭᠰᠢ᠂ ︽ᠰᠢᠯᠢᠳᠡᠭ ᠢᠶᠠᠷ ᠳᠠᠭᠠᠭᠤᠯᠤᠭᠴᠢ ᠪᠣᠯᠭᠠᠬᠤ︾᠎ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 2 ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠳᠠᠩᠰᠠᠯᠠᠨ ᠲᠡᠮᠳᠡᠭᠯᠡᠬᠦ ᠶᠢ 110 ᠵᠤᠷᠪᠤᠰ ᠪᠡᠶᠡᠯᠡᠭᠦᠯᠵᠦ᠂ ᠮᠡᠳᠡᠯᠭᠡ ᠶᠢᠨ ᠦᠷ᠎ᠡ ᠪᠦᠲᠦᠭᠡᠯ ᠤᠨ ᠥᠮᠴᠢᠯᠡᠬᠦ ᠡᠷᠬᠡ ᠶᠢᠨ ᠬᠠᠮᠠᠭᠠᠯᠠᠯᠲᠠ ᠪᠣᠯᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠦᠢᠯᠡᠳᠬᠦᠨ᠂ ᠢᠨᠵᠧᠨᠧᠷᠢᠩ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠠᠪᠠᠭᠤᠯᠢᠭ ᠠᠵᠤ ᠠᠬᠤᠶᠢᠯᠠᠯ ᠤᠨ ︽ ᠦᠪᠦᠷ ᠮᠣᠩᠭᠤᠯ︾ ᠨᠡᠷᠡᠮᠵᠢᠳᠣ ᠨᠡᠷᠡᠳᠤ ᠲᠦᠷᠦᠯ ᠲᠡᠮᠳᠡᠭᠳᠣ  ᠎ ᠤᠨ ᠬᠡᠷᠡᠴᠢᠯᠡᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠴᠢᠳᠠᠪᠤᠷᠢᠲᠠᠨ ᠢ ᠬᠥᠮᠦᠵᠢᠭᠦᠯᠦᠨ᠂ ᠣᠷᠣᠭᠤᠯᠤᠨ ᠠᠪᠴᠢᠷᠠᠬᠤ᠂ ᠵᠣᠷᠢᠭᠵᠢᠭᠤᠯᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ 2᠎ ᠠᠴᠠ ᠳᠡᠭᠡᠭᠰᠢ᠂ ᠳᠠᠭᠠᠭᠤᠯᠤᠭᠴᠢ ᠴᠢᠳᠠᠪᠤᠷᠢᠲᠠᠨ ᠢ 5᠎ ᠠᠴᠠ ᠳᠡᠭᠡᠭᠰᠢ ᠣᠷᠢᠨ ᠣᠷᠣᠭᠤᠯᠵᠣ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠎ ᠢ 1100 ᠬᠥᠮᠦᠨ ᠠᠴᠠ ᠳᠡᠭᠡᠭᠰᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 1000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃         ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠮᠵᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠣᠷ᠎ᠠ ᠦᠷ᠎ᠡ ᠪᠦᠲᠦᠮᠵᠢᠲᠦ ᠰᠤᠯᠠ ᠪᠠᠶᠢᠭ᠎ᠠ ᠡᠯ᠎ᠡ ᠲᠥᠷᠥᠯ ᠤᠨ ᠡᠳ᠋ ᠬᠥᠷᠥᠩᠭᠡ ᠶᠢ ᠪᠦᠲᠦᠮᠵᠢᠲᠡᠢ ᠠᠮᠢᠳᠤᠯᠢᠭ ᠢᠶᠠᠷ ᠠᠰᠢᠭᠯᠠᠬᠤ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ᠂ ᠬᠤᠭᠤᠴᠠᠭ᠎ᠠ ᠬᠢᠵᠠᠭᠠᠷᠯᠠᠵᠤ ᠨᠢᠭᠡᠳᠦᠯᠲᠡᠢ ᠪᠣᠯᠭᠠᠬᠤ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠢ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠵᠡᠷᠭᠡ ᠲᠡᠳᠬᠦᠨ ᠲᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ  ᠬᠦᠭᠵᠢᠯᠳᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ︽ ᠬᠤᠪᠢ ᠎ ᠶᠢᠨ ᠡᠵᠡᠩᠨᠡᠯᠳᠡ ᠶᠢᠨ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠵᠢᠵᠢᠭ ᠠᠵᠤ ᠠᠬᠤᠶᠢᠯᠠᠯ ᠢ ᠲᠦᠷᠢᠮᠵᠢᠬᠦᠯᠬᠦ︾᠂ ︽ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ︾᠎ ᠶᠢ ᠶᠡᠬᠡᠪᠡᠷ ᠲᠦᠯᠬᠢᠨ ᠠᠬᠢᠭᠤᠯᠵᠤ ᠂ ᠠᠷᠭ᠎ᠠ ᠪᠣᠳᠣᠯᠭ᠎ᠠ ᠲᠣᠭᠲᠠᠭᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠪᠰᠤᠷᠴᠤ ᠪᠠᠶᠢᠭᠠᠳ ᠭᠠᠷᠳᠠᠮ ᠭᠦᠢᠴᠡᠳᠬᠡᠬᠦ᠂ ᠪᠡᠯᠡ ᠲᠣᠬᠢᠷᠠᠭᠤᠯᠬᠤ ᠵᠢᠭᠡᠯᠡᠯᠭᠡ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠶᠢᠨ ᠠᠰᠠᠭᠤᠳᠠᠯ ᠢ ᠨᠢ ᠰᠶᠢᠳᠪᠦᠷᠢᠯᠡᠨ ᠥᠭᠴᠦ᠂ ᠠᠵᠤ ᠠᠬᠤᠶᠢᠯᠠᠯ ᠤᠨ ᠬᠦᠴᠢᠷᠳᠡᠯ ᠢ ᠲᠤᠰᠠᠯᠠᠨ ᠲᠡᠮᠵᠢᠬᠦ ᠲᠥᠷᠥ ᠶᠢᠨ ᠪᠣᠳᠣᠯᠭ᠎ᠠ ᠎ ᠶᠢ ᠰᠢᠭᠤᠳ ᠮᠦᠷᠲᠡᠭᠡᠨ ᠲᠦᠷᠭᠡᠨ ᠡᠳ᠋ᠯᠡᠬᠦᠯᠬᠦ ᠶᠢ ᠠᠬᠢᠭᠤᠯᠤᠨ᠎ᠠ᠃         ᠭᠠᠳᠠᠭᠠᠳᠤ ᠲᠠᠢ ᠴᠢᠯᠥᠭᠡᠲᠡᠢ ᠶᠠᠪᠤᠯᠴᠠᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠰᠢᠨ᠎ᠡ ᠨᠡᠪᠲᠡᠷᠡᠯ ᠵᠠᠮ᠂ ᠵᠡᠭᠦᠨ ᠬᠤᠶᠢᠲᠤ ᠶᠢᠨ ᠬᠠᠭᠤᠷᠠᠢ ᠳᠠᠯᠠᠢ ᠶᠢᠨ ᠰᠢᠨ᠎ᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠲᠣᠭᠤᠷᠢᠭ ᠪᠣᠯᠤᠨ ︽ᠰᠢᠯᠢ ᠶᠢᠨ ᠭᠤᠤᠯ ᠤᠯᠠᠭᠠᠨᠬᠠᠳᠠ ᠴᠣᠣᠶᠠᠩ ᠵᠢᠨᠵᠧᠦ︾  ᠎ ᠶᠢᠨ ᠬᠠᠮᠵᠢᠯᠴᠠᠬᠤ ᠬᠤᠯᠪᠣᠭᠠᠨ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ  ᠂ ᠪᠣᠭᠤᠮᠲᠠ᠂ ᠭᠠᠷᠠᠮ᠂ ᠳᠣᠲᠣᠷ ᠭᠠᠵᠠᠷ ᠤᠨ ᠬᠠᠮᠵᠢᠯᠴᠠᠨ ᠬᠥᠭᠵᠢᠬᠦ ᠪᠠᠶᠢᠷᠢᠰᠢᠯ ᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠮᠣᠩᠭᠤᠯ ᠳᠤ ᠠᠶᠢᠯᠴᠢᠯᠠᠭᠰᠠᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠠᠳᠦ ᠠᠴᠠ ᠣᠷᠣᠭᠤᠯᠵᠤ ᠭᠠᠷᠭᠠᠬᠤ ᠡᠳ᠋ ᠪᠠᠷᠠᠭ᠎ᠠ ᠶᠢ ᠨᠠᠶᠢᠳᠠᠪᠤᠷᠢᠵᠢᠭᠤᠯᠵᠤ ᠪᠣᠯᠪᠠᠰᠤᠷᠠᠭᠤᠯᠬᠤ᠂ ᠬᠢᠯᠢ ᠶᠢᠨ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠪᠦᠬᠦ ᠠᠶᠢᠮᠠᠭ ᠤᠨ ᠪᠣᠭᠤᠮᠲᠠ ᠪᠠᠷ ᠥᠩᠭᠡᠷᠡᠬᠦ ᠡᠳ᠋ ᠪᠠᠷᠠᠭᠠᠨ ᠤ ᠬᠡᠮᠵᠢᠶ᠎ᠡ ᠶᠢ 2300 ᠲᠦᠮᠡᠨ  ᠲᠤᠨ  ᠎ ᠠᠴᠠ ᠳᠠᠪᠠᠭᠤᠯᠬᠤ ᠶᠢ ᠪᠠᠲᠤᠯᠠᠨ᠎ᠠ᠃ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠡᠷᠢᠶᠡᠨ ᠤ ᠰᠠᠭᠤᠷᠢᠨ ᠭᠠᠵᠠᠷ᠂ ᠲᠡᠮᠦᠷ ᠵᠠᠮ ᠤᠨ ᠥᠷᠲᠡᠭᠡ ᠲᠠᠯᠠᠪᠠᠢ ᠶᠢᠨ ᠴᠢᠳᠠᠮᠵᠢ ᠪᠠᠨ ᠥᠷᠭᠡᠳᠬᠡᠨ ᠥᠭᠡᠷᠡᠴᠢᠯᠡᠬᠦ ᠲᠥᠷᠥᠯ ᠵᠦᠢᠯ ᠢ ᠢᠳᠡᠪᠬᠢᠲᠡᠢ ᠪᠠᠷ ᠵᠣᠬᠢᠴᠠᠭᠤᠯᠤᠨ ᠡᠬᠢᠯᠡᠭᠦᠯᠵᠦ᠂ ᠳᠤᠮᠳᠠᠳᠤ ᠮᠣᠩᠭᠤᠯ ᠣᠷᠣᠰ ᠤᠨ ᠳᠤᠮᠳᠠ ᠱᠤᠭᠤᠮ ᠤᠨ ᠲᠡᠮᠦᠷ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠲᠥᠯᠥᠪᠯᠡᠭᠡ ᠶᠢ ᠬᠡᠷᠡᠭᠵᠢᠭᠦᠯᠵᠦ᠂ ᠵᠢᠨᠢᠩ ᠠᠴᠠ ᠡᠷᠢᠶᠡᠨ ᠬᠦᠷᠬᠦ ᠱᠤᠭᠤᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠂ ᠡᠷᠢᠶᠡᠨ ᠬᠤᠲᠠ— ᠤᠯᠠᠭᠠᠨᠪᠠᠭᠠᠲᠤᠷ — ᠤᠯᠠᠭᠠᠨ ᠡᠭᠦᠳᠡ ᠬᠦᠷᠬᠦ ᠬᠢᠯᠢ ᠠᠯᠤᠰᠯᠠᠭᠰᠠᠨ ᠲᠡᠮᠦᠷ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠵᠥᠪᠰᠢᠶᠡᠷᠡᠭᠦᠯᠬᠦ᠂ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠵᠤ ᠂ ᠴᠢᠯᠥᠭᠡᠲᠦ ᠠᠷᠠᠯᠵᠢᠶᠠᠨ ᠤ ᠲᠣᠭᠤᠷᠢᠭ ᠤᠨ ᠡᠷᠢᠶᠡᠨ ᠬᠤᠲᠠ ᠶᠢᠨ ᠬᠡᠰᠡᠭ ᠲᠣᠭᠤᠷᠢᠭ ᠎ ᠢ ᠭᠤᠶᠤᠴᠢᠯᠠᠨ ᠪᠠᠶᠢᠭᠤᠯᠵᠤ᠂ ᠮᠠᠨ ᠤ ᠤᠯᠤᠰ ᠤᠨ ᠲᠠᠸᠠᠷ ᠢ ᠮᠣᠩᠭᠤᠯ ᠤᠯᠤᠰ ᠲᠤ ᠭᠠᠷᠭᠠᠬᠤ 8 ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠪᠠᠶᠢᠭᠤᠯᠤᠨ ᠠᠰᠢᠭᠯᠠᠨ᠎ᠠ᠃ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ ᠮᠡᠳᠡᠭᠦᠯᠬᠦ ᠠᠵᠢᠯ ᠢᠶᠠᠨ ᠲᠦᠷᠭᠡᠳᠬᠡᠨ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ᠂ ᠬᠢᠯᠢ ᠠᠯᠤᠰᠯᠠᠭᠰᠠᠨ ᠵᠢᠭᠤᠯᠴᠢᠯᠠᠯ ᠤᠨ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠦᠨ᠂ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠠᠴᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠬᠦᠷᠬᠦ ᠬᠤᠯᠪᠣᠬᠤ ᠱᠤᠭᠤᠮ᠂ ᠪᠣᠭᠤᠮᠲᠠ ᠶᠢᠨ ᠦᠢᠯᠡᠴᠢᠯᠡᠭᠡᠨ ᠤ ᠲᠣᠭᠤᠷᠢᠭ᠂ ᠬᠢᠯᠢ ᠠᠯᠤᠰᠯᠠᠭᠰᠠᠨ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠤᠯᠤᠰ ᠤᠨ ᠠᠮᠢᠳᠤ ᠮᠠᠯ᠂ ᠮᠢᠬᠠᠨ ᠤ ᠵᠦᠢᠯ ᠢ ᠭᠠᠳᠠᠭᠠᠲᠤ ᠠᠴᠠ ᠣᠷᠣᠭᠤᠯᠬᠤ ᠳᠤ ᠪᠠᠨ ᠲᠣᠭᠲᠠᠭᠰᠠᠨ ᠪᠣᠭᠤᠮᠲᠠ ᠪᠠᠷ ᠣᠷᠣᠭᠤᠯᠵᠣ᠂ ᠡᠷᠳᠡᠬᠡᠨ ᠮᠢᠩᠭᠠᠨ ᠲᠦᠮᠡᠨ ᠲᠤᠨ ᠤ ᠪᠣᠭᠤᠮᠲᠠ ᠶᠢᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠵᠣ᠂ ᠪᠦᠬᠦ ᠠᠶᠢᠮᠠᠭ ᠤᠨ ᠪᠣᠭᠤᠮᠲᠠ ᠪᠠᠷ ᠦᠩᠭᠡᠷᠡᠭᠦᠯᠬᠦ ᠪᠠᠷᠠᠭᠠᠨ ᠤ ᠬᠡᠮᠵᠢᠶ᠎ᠡ ᠶᠢ 2300 ᠲᠦᠮᠡᠨ ᠲᠣᠨ ᠠᠴᠠ ᠳᠠᠪᠠᠭᠤᠯᠬᠤ ᠶᠢ ᠦᠨᠡᠨᠬᠦ ᠪᠠᠲᠤᠯᠠᠨ᠎ᠠ᠃        ︵ᠲᠠᠪᠤ︶ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠲᠦᠷᠭᠡᠪᠴᠢᠯᠡᠨ ᠨᠥᠬᠦᠪᠥᠷᠢᠯᠡᠵᠦ᠂ ᠬᠤᠲᠠ ᠬᠥᠳᠡᠭᠡ ᠶᠢᠨ ᠤᠶᠠᠯᠳᠤᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠤᠨ᠎ᠠ         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠮᠢᠩᠭᠠᠨ ᠲᠦᠮᠡᠨ ᠢᠨᠵᠧᠨᠧᠷᠢᠩ︾  ᠎ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠪᠡᠯᠡ ᠮᠦᠩᠭᠦᠨ ᠤ ᠣᠷᠣᠭᠤᠯᠤᠯᠲᠠ ᠶᠢᠨ ᠬᠠᠷᠢᠴᠠᠯ ᠢ 70 %  ᠎ ᠠᠴᠠ ᠳᠣᠣᠷ᠎ᠠ ᠪᠠᠶᠢᠯᠭᠠᠬᠤ ᠥᠬᠡᠢ ᠪᠠᠶᠢᠬᠤ ᠶᠢ ᠦᠨᠡᠨᠬᠦ ᠪᠠᠲᠤᠯᠠᠨ᠎ᠠ᠃ 9000 ᠲᠦᠮᠡᠨ ᠲᠥᠭᠦᠷᠢᠭ ᠤᠨ ᠪᠡᠯᠡ ᠣᠷᠣᠭᠤᠯᠵᠣ᠂ 72 ᠭᠠᠴᠠᠭ᠎ᠠ ᠲᠣᠰᠬᠤᠨ ᠢ ᠲᠡᠳᠬᠦᠵᠦ ᠪᠠᠶᠢᠭᠠᠳ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ ᠨᠢᠭᠡᠨᠲᠡ ᠪᠠᠶᠢᠭ᠎ᠠ ᠵᠣᠷᠯᠣᠩ ᠤᠨ ᠡᠳᠦᠷ ᠳᠣᠳᠣᠮ ᠤᠨ ᠠᠷᠠᠴᠢᠯᠠᠯᠲᠠ ᠶᠢ ᠰᠠᠶᠢᠲᠤᠷ ᠬᠢᠵᠦ᠂ 2883 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠬᠢᠯᠢ ᠬᠢᠵᠠᠭᠠᠷ ᠣᠷᠣᠨ ᠤ 1600 ᠡᠷᠦᠬᠡ ᠠᠴᠠ ᠳᠡᠭᠡᠭᠰᠢᠬᠢ ᠮᠠᠯᠴᠢᠨ ᠡᠷᠦᠬᠡ ᠳᠤ ᠰᠢᠨ᠎ᠡ ᠡᠨᠧᠷᠭᠢ ᠶᠢ ᠴᠠᠬᠢᠯᠭᠠᠨ ᠲᠤᠤᠷ ᠲᠤ ᠰᠢᠯᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ︽ᠨᠡᠪᠲᠡᠷᠡᠭᠦᠯᠬᠦ ᠴᠢᠬᠤᠯᠠᠲᠠᠢ ᠪᠦᠬᠦᠨ ᠢ ᠨᠡᠪᠲᠡᠷᠡᠭᠦᠯᠬᠦ︾᠎ ᠶᠢ ᠪᠡᠶᠡᠯᠡᠭᠦᠯᠦᠨ᠎ᠡ᠃ 5000 ᠬᠥᠮᠦᠨ ᠳᠤ ᠤᠰᠤ ᠣᠮᠳᠠ ᠬᠠᠩᠭᠠᠬᠤ ᠪᠠᠲᠤᠯᠠᠭᠠᠨ ᠤ ᠠᠰᠠᠭᠤᠳᠠᠯ ᠢ ᠰᠶᠢᠳᠪᠦᠷᠢᠯᠡᠵᠦ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 430 ᠺᠢᠯᠣᠮᠧᠲᠷ ᠵᠠᠰᠠᠨ᠎ᠠ᠃ ᠰᠢᠨ᠎ᠡ ᠪᠠᠷ 93 ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠴᠢᠮᠡᠭᠡ ᠬᠤᠯᠪᠣᠭᠠᠨ ᠤ ᠰᠠᠭᠤᠷᠢ ᠥᠷᠲᠡᠭᠡ ᠪᠠᠶᠢᠭᠤᠯᠤᠨ᠎ᠠ᠃ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾  ᠎ ᠶᠢ ᠭᠦᠨᠵᠡᠭᠡᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃        ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠤᠯᠤᠰ ᠤᠨ ᠵᠠᠮ ᠤᠨ 303 ᠱᠤᠭᠤᠮ ᠤᠨ ᠠᠴᠢᠠᠭᠤᠯᠠ ᠠᠴᠠ ᠰᠢᠯᠢ ᠶᠢᠨ ᠬᠤᠲᠠ ᠬᠦᠷᠬᠦ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠂ ᠤᠯᠤᠰ ᠤᠨ ᠵᠠᠮ ᠤᠨ 207 ᠱᠤᠭᠤᠮ ᠎ ᠤᠨ ᠤᠰᠤᠨ ᠴᠥᠭᠦᠷᠥᠮ ᠠᠴᠠ ᠾᠦᠸᠧ ᠽᠢ  ᠯᠢᠶᠠᠩ ᠬᠦᠷᠬᠦ 2  ᠵᠤᠷᠪᠤᠰ ᠵᠠᠰᠠᠮᠠᠯ ᠵᠠᠮ ᠵᠠᠰᠠᠨ ᠲᠡᠷᠭᠡ ᠨᠡᠪᠲᠡᠷᠡᠬᠦ ᠶᠢ ᠦᠨᠡᠨᠬᠦ ᠪᠠᠲᠤᠯᠠᠵᠤ᠂ ᠤᠯᠤᠰ ᠤᠨ ᠵᠠᠮ ᠤᠨ 331 ᠱᠤᠭᠤᠮ ᠤᠨ ᠷᠠᠰᠢᠶᠠᠨᠪᠤᠯᠠᠭ ᠠᠴᠠ ᠪᠡᠯᠭᠦᠳᠡᠢ ᠬᠦᠷᠬᠦ᠂ ᠤᠯᠤᠰ ᠤᠨ ᠵᠠᠮ ᠤᠨ 305 ᠱᠤᠭᠤᠮ ᠤᠨ ᠬᠦᠨᠳᠡᠯᠡᠨ ᠠᠴᠠ ᠪᠠᠶᠠᠨᠬᠤᠸᠠ ᠳᠤ ᠬᠦᠷᠬᠦ 2 ᠵᠤᠷᠪᠤᠰ ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠤᠨ᠎ᠠ᠃ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠰᠠᠭᠠᠳ ᠥᠭᠡᠢ ᠨᠡᠪᠳᠡᠷᠡᠬᠦ ᠲᠥᠷᠭᠡᠨ ᠬᠤᠷᠳᠤᠴᠠᠲᠤ ᠭᠠᠯᠲᠤ ᠲᠡᠷᠭᠡ ᠬᠥᠬᠡᠬᠤᠲᠠ ᠳᠤ ᠣᠷᠣᠬᠤ︾ ᠬᠠᠷᠠᠯᠲᠠ ᠪᠠᠨ ᠪᠡᠶᠡᠯᠡᠭᠦᠯᠦᠨ 2 ᠵᠤᠷᠪᠤᠰ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠠ ᠤᠯᠠᠭᠠᠶ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠵᠢᠯ ᠳᠤ 28 ᠵᠤᠷᠪᠤᠰ ᠠᠴᠠ ᠳᠡᠭᠡᠭᠰᠢᠬᠢ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠪᠥᠬᠦ ᠠᠶᠢᠮᠠᠭ ᠤᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠳᠤ 120 ᠲᠦᠮᠡ ᠠᠴᠠ ᠳᠡᠭᠡᠭᠰᠢ ᠠᠶᠠᠨᠴᠢᠳ ᠤᠨ ᠠᠶᠠᠯᠠᠬᠤ ᠶᠢ ᠪᠡᠶᠡᠯᠡᠭᠦᠯᠦᠨ᠎ᠡ᠃         ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ︽ᠬᠠᠶᠢᠷ᠎ᠠ ᠬᠠᠯᠠᠮᠵᠢ ᠶᠢᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠵᠦ᠂ ᠤᠯᠤᠰ ᠠᠴᠠ ᠬᠤᠲᠠ ᠪᠠᠯᠭᠠᠰᠤᠨ ᠤ ᠬᠤᠭᠤᠯᠠᠢ ᠲᠣᠣᠷ ᠢ ᠥᠭᠡᠷᠡᠴᠢᠯᠡᠬᠦ ᠶᠢ ᠲᠦᠯᠬᠢᠨ ᠠᠬᠢᠭᠤᠯᠬᠤ ᠠᠵᠠ ᠲᠣᠬᠢᠶᠠᠯ ᠢ ᠵᠠᠪᠳᠤᠨ᠂ ᠢᠯᠴᠢ ᠴᠠᠬᠢᠯᠭᠠᠨ ᠢ ᠵᠡᠷᠭᠡᠪᠡᠷ ᠭᠠᠷᠭᠠᠬᠤ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠪᠠ ᠡᠪᠦᠯ ᠤᠨ ᠳᠣᠯᠠᠭᠠᠯᠠᠭ᠎ᠠ ᠶᠢᠨ ᠠᠰᠠᠭᠤᠳᠠᠯ ᠢ ᠵᠣᠨ ᠵᠠᠰᠠᠬᠤ ᠠᠵᠢᠯᠯᠠᠭᠠᠨ ᠤ ᠢᠨᠵᠧᠨᠧᠷᠢᠩ ᠢ ᠰᠠᠶᠢᠳᠣᠷ ᠬᠡᠷᠡᠭᠵᠢᠬᠦᠯᠦᠨ᠎ᠡ᠃ ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 71 ᠬᠠᠭᠤᠴᠢᠨ ᠰᠠᠭᠤᠭᠠᠯᠢ ᠲᠣᠭᠤᠷᠢᠭ᠂ 162 ᠢᠵᠢ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ᠂ 80 ᠺᠢᠯᠣᠮᠧᠲᠷ ᠤᠨ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 25 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠭᠡᠷ ᠪᠠᠶᠢᠰᠢᠩ ᠲᠣᠰᠢᠶᠠᠪᠠᠯ ᠳᠠᠷᠤᠢ ᠦᠨᠡᠮᠯᠡᠯ ᠲᠤᠰᠢᠶᠠᠬᠤ︾ ᠎ ᠪᠠᠨ ᠪᠠᠶᠢᠩᠭᠤᠵᠢᠭᠤᠯᠬᠤ ᠶᠢ ᠠᠬᠢᠭᠤᠯᠣᠨ᠎ᠠ᠃ ᠬᠤᠲᠠ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠠᠨ ᠲᠦᠷᠭᠡᠳᠬᠡᠵᠦ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠰᠢᠨᠡᠳᠬᠡᠨ ᠬᠠᠮᠠᠭᠠᠯᠠᠬᠤ ᠶᠢ ᠴᠢᠩᠭᠠᠳᠬᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠠᠶᠢᠮᠠᠭ ᠎ ᠢᠶᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯᠭᠠᠨ ᠠᠮᠵᠢᠯᠲᠠᠲᠠᠢ ᠪᠦᠲᠦᠭᠡᠨ ᠪᠠᠶᠢᠭᠤᠯᠬᠤ ᠶᠢ ᠪᠠᠲᠤᠯᠠᠨ᠎ᠠ᠃      ︵ᠵᠢᠷᠭᠤᠭ᠎ᠠ︶ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠢ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠮᠠᠭᠲᠠ ᠠᠩᠬᠠᠷᠴᠤ ᠢᠳᠡᠪᠬᠢᠲᠡᠢ ᠪᠠᠷ ᠬᠠᠷᠢᠭᠤ ᠲᠣᠰᠬᠠᠨ᠎ᠠ      ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠣ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠴᠢᠩᠭᠠᠳᠬᠠᠬᠤ ᠶᠢᠨ ᠬᠠᠮᠲᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠳᠤ ᠲᠦᠰᠢᠭᠯᠡᠨ ᠬᠦᠮᠦᠵᠢᠬᠦᠯᠵᠣ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠰᠢᠨ᠎ᠡ ᠨᠢᠭᠡ ᠡᠭᠡᠯᠵᠢ ᠶᠢᠨ ᠨᠡᠷᠡᠲᠦ ᠪᠠᠭᠰᠢ᠂ ᠨᠡᠷᠡᠲᠦ ᠰᠤᠷᠭᠠᠭᠤᠯᠢ ︵ᠬᠦᠷᠢᠶᠡᠯᠡᠩ︶᠎ ᠶᠢᠨ ᠵᠠᠬᠢᠷᠣᠯ ᠎ ᠢ ᠰᠣᠩᠭᠤᠨ ᠬᠥᠮᠦᠵᠢᠭᠦᠯᠬᠦ ᠠᠵᠢᠯ ᠎ ᠢᠶᠠᠨ ᠡᠬᠢᠯᠡᠭᠦᠯᠵᠦ᠂ ᠪᠦᠬᠦ ᠰᠤᠷᠭᠠᠭᠤᠯᠢ ᠶᠢᠨ ᠬᠡᠰᠡᠭ᠂ ᠪᠦᠬᠦ ᠰᠢᠨᠵᠢᠯᠡᠭᠡᠨ ᠤ ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠤᠨ᠂ ᠠᠶᠢᠮᠠᠭ ᠤᠨ ᠱᠠᠲᠤᠨ ᠠᠴᠠ ᠳᠡᠭᠡᠭᠰᠢᠬᠢ ᠪᠠᠭᠰᠢᠨᠠᠷ ᠤᠨ ᠪᠣᠯᠪᠠᠰᠤᠷᠠᠯ ᠢ 5000 ᠬᠥᠮᠦᠨ ᠤᠳᠠᠭ᠎ᠠ ᠡᠷᠬᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠳᠤᠨᠢ ᠠᠰᠢᠭ ᠬᠦᠷᠲᠡᠭᠡᠵᠦ ᠡᠭᠦᠳᠦᠨ ᠪᠠᠶᠢᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ᠂ ᠳᠤᠮᠳᠠ ᠵᠡᠷᠭᠡ ᠶᠢᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠲᠡᠷᠢᠭᠦᠨ︾᠎ ᠤ ᠲᠥᠯᠥᠪᠯᠡᠭᠡ ᠶᠢ ᠬᠡᠷᠡᠭᠵᠢᠭᠦᠯᠵᠦ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠬᠦ ᠶᠢ ᠳᠡᠮᠵᠢᠨ᠎ᠡ᠃  ᠠᠯᠪᠠᠨ ᠠᠴᠠ ᠡᠷᠬᠢᠯᠡᠭᠰᠡᠨ 10 ᠬᠡᠦᠬᠡᠳ ᠤᠨ ᠴᠡᠴᠡᠷᠯᠢᠭ ᠪᠠ  ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ ᠶᠢ ᠪᠠᠶᠢᠭᠤᠯᠤᠨ᠂ ᠬᠤᠰᠢᠭᠤ ᠰᠢᠶᠠᠨ ᠬᠤᠲᠠ ︵ᠣᠷᠣᠨ ︶ ᠨᠢᠭᠡᠪᠦᠷᠢ ᠶᠢᠨ ᠴᠢᠨᠠᠷ ᠰᠠᠶᠢᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠠᠳᠠᠭ ᠲᠠᠭᠠᠨ ᠨᠢᠭᠡ ᠎ ᠶᠢ ᠰᠠᠶᠢᠲᠤᠷ ᠡᠷᠬᠢᠯᠡᠬᠦ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠪᠠ ᠲᠤᠷᠰᠢᠯᠲᠠ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠪᠠᠶᠢᠷᠢ ᠶᠢ ᠪᠠᠬᠢᠵᠢᠭᠦᠯᠬᠦ ᠪᠠ ᠭᠠᠯ ᠰᠡᠷᠭᠡᠶᠢᠯᠡᠨ ᠤᠨᠲᠠᠷᠠᠭᠠᠬᠤ ᠶᠢ ᠰᠢᠯᠭᠠᠨ ᠬᠤᠷᠢᠶᠠᠬᠤ ᠠᠵᠢᠯ ᠎ ᠢᠶᠠᠨ ᠪᠦᠬᠦ ᠲᠠᠯ᠎ᠠ ᠪᠠᠷ ᠪᠡᠶᠡᠯᠡᠭᠦᠯᠵᠦ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ ᠴᠣᠭᠴᠠᠯᠠᠨ ᠪᠠᠶᠢᠭᠤᠯᠤᠨ᠎ᠠ᠃       ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠳᠣᠯᠠᠨ᠎ᠠ᠃  ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠵᠣ᠂ ᠠᠶᠢᠮᠠᠭ ᠤᠨ ᠱᠠᠲᠤᠨ ᠤ ᠬᠤᠶᠠᠷ ᠡᠮᠨᠡᠯᠭᠡ ᠶᠢᠨ ᠬᠤᠷᠢᠶᠠᠨ ᠤ 9 ᠳᠠᠪᠠᠭᠤᠯᠢᠭ ᠲᠤᠰᠬᠠᠶ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠶᠢ ᠠᠬᠢᠭᠤᠯᠵᠤ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠨᠴᠠᠯᠢᠬᠳᠤ ᠲᠤᠰᠬᠠᠶ ᠮᠡᠷᠭᠡᠵᠢᠯ ᠤᠨ ᠲᠤᠰᠬᠠᠶ ᠡᠪᠡᠳᠴᠢᠲᠡᠨ ᠤ ᠠᠰᠠᠷ ᠢ ᠠᠰᠢᠭᠯᠠᠯᠲᠠ ᠳᠤ ᠣᠷᠣᠭᠤᠯᠵᠤ᠂ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶᠠᠨ ᠤ ᠭᠤᠷᠪᠠᠨ ᠬᠥᠬᠡ ᠳᠡᠰ ᠤᠨ ᠮᠡᠳᠡᠷᠡᠯ ᠤᠨ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠤᠨ᠎ᠠ᠃ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠵᠶ᠋ᠠᠨ‌ᠡᠬᠢᠯᠡᠭᠦᠯᠵᠦ᠂ ᠬᠤᠰᠢᠭᠤ ᠰᠢᠶᠠᠨ ᠬᠤᠲᠠ ᠶᠢᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶᠠᠨ ᠤ ︽ᠬᠤᠶᠠᠷ ᠲᠤᠰᠬᠠᠶ ᠰᠠᠯᠠᠭ᠎ᠠ ᠨᠢᠭᠡ ᠲᠥᠪ︾᠎ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠡᠬᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠠᠠᠴᠠᠵᠢᠭᠤᠯᠥᠠᠠᠰᠠᠨ ᠡᠮᠴᠢᠯᠡᠭᠡᠨ ᠤ ᠦᠢᠯᠡᠴᠢᠯᠡᠭᠡ ᠶᠢᠨ ᠰᠢᠨ᠎ᠡ ᠵᠬᠠᠪᠤᠷ ᠢ ᠪᠠᠶᠢᠭᠤᠯᠤᠨ᠎ᠠ᠃ ᠪᠦᠬᠦ ᠠᠶᠢᠮᠠᠭ ᠤᠨ ᠡᠮ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠬᠤ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠯᠤᠭᠠᠨ᠎ᠠ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠤᠨ᠎ᠠ᠃ ︽ᠳᠥᠷᠪᠡᠨ ᠬᠠᠮᠤᠭ ᠴᠢᠩᠭ᠎ᠠ︾ ᠬᠢᠨᠠᠨ ᠬᠠᠮᠢᠶᠠᠷᠤᠯᠲᠠ ᠎ ᠶᠢᠨ ᠱᠠᠭᠠᠷᠳᠠᠯᠭ᠎ᠠ ᠶᠣᠰᠣᠭᠠᠷ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠪᠠᠨ ᠰᠠᠶᠢᠲᠤᠷ ᠠᠳᠬᠤᠵᠤ᠂ ᠮᠠᠨ ᠤ ᠠᠶᠢᠮᠠᠭ ᠢᠶᠠᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠤᠯᠭᠠᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃         ᠨᠡᠶᠢᠭᠡᠮ ᠤᠨ ᠪᠠᠲᠤᠯᠠᠭ᠎ᠠ ᠪᠠ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠪᠠᠯᠭᠠᠰᠣᠨ ᠤ ᠠᠵᠢᠯ ᠣᠯᠭᠤᠯᠲᠠ ᠳᠤ ᠲᠦᠮᠡᠨ ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠢ ᠨᠡᠶᠢᠲᠡ 7 ᠲᠦᠮᠡᠨ ᠬᠥᠮᠦᠨ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠠᠵᠢᠯ ᠣᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠣᠷᠮ᠎ᠠ ᠶᠢ 90%᠎ ᠠᠴᠠ ᠳᠡᠭᠡᠭᠰᠢ ᠳᠤ ᠭᠦᠷᠦᠭᠦᠯᠵᠣ᠂ ᠬᠤᠲᠠ  ᠪᠠᠯᠭᠠᠰᠣᠨ ᠤ ᠠᠵᠢᠯ  ᠠᠯᠳᠠᠭᠰᠠᠳ ᠤᠨ ᠳᠠᠩᠰᠠᠯᠠᠭᠤᠯᠬᠤ ᠨᠣᠷᠮ᠎ᠠ ᠶᠢ 5 %᠎ ᠤ ᠳᠣᠲᠣᠷ᠎ᠠ ᠬᠢᠵᠠᠭᠠᠷᠯᠠᠨ᠎ᠠ᠃ ᠴᠠᠯᠢᠩ ᠥᠷᠢᠲᠦᠬᠦ ᠶᠢ ᠰᠡᠷᠭᠡᠶᠢᠯᠡᠨ ᠴᠡᠭᠴᠡᠯᠡᠨ ᠵᠠᠰᠠᠬᠤ ᠲᠤᠰᠬᠠᠢ ᠲᠦᠷᠦᠯ ᠤᠨ ᠠᠵᠢᠯᠯᠠᠭ᠎ᠠ ᠶᠢ ᠥᠷᠨᠢᠭᠦᠯᠵᠦ᠂ ᠴᠠᠯᠢᠩ ᠥᠷᠢᠲᠦᠭᠰᠡᠨ‌ᠠᠰᠠᠭᠤᠳᠠᠯ ᠢᠶᠠᠨ ᠪᠦᠬᠦᠨ ᠢ ᠬᠥᠳᠡᠯᠦᠩᠭᠦᠢ ᠪᠠᠷ ᠦᠭᠡᠶᠢᠰᠭᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95 %  ᠎ ᠠᠴᠠ ᠳᠡᠭᠡᠭᠰᠢ ᠪᠠᠶᠢᠯᠭᠠᠨ᠎ᠠ᠃ ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ᠂ ᠠᠪᠤᠷᠠᠨ ᠲᠤᠰᠠᠯᠠᠬᠤ ᠳᠦᠷᠢᠮ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠮᠲᠤ ᠶᠢᠨ ᠪᠠᠲᠤᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠮᠡᠬᠡᠯᠡᠨ ᠬᠢᠬᠠᠬᠤ ᠵᠡᠷᠭᠡ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠭᠦᠨ᠎ᠡ᠃ ᠨᠠᠰᠤᠵᠢᠯ ᠤᠨ ᠦᠢᠯᠡᠴᠢᠯᠡᠭᠡᠨ ᠤ 43 ᠲᠥᠷᠥᠯ ᠵᠦᠢᠯ ᠢ ᠰᠢᠨ᠎ᠡ ᠪᠠᠷ ᠦᠷᠭᠦᠯᠵᠢᠯᠡᠨ ᠪᠠᠶᠢᠭᠤᠯᠤᠨ᠎ᠠ᠃ᠣᠷᠣᠰᠢᠭᠤᠯᠭ᠎ᠠ ᠶᠢᠨ ᠦᠢᠯᠡᠴᠢᠯᠡᠭᠡᠨ ᠤ ᠲᠦᠭᠦᠭᠡᠷᠣᠮᠵᠢ 1᠂ ᠨᠡᠶᠢᠲᠡ ᠶᠢᠨ ᠣᠩᠭᠤᠨ ᠤ 2 ᠲᠥᠷᠥᠯ ᠵᠦᠢᠯ ᠢᠶᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠤᠷᠠᠯᠢᠭ ᠤᠨ ᠪᠦᠲᠦᠭᠡᠯ ᠢ 150᠎ ᠠᠴᠠ ᠳᠡᠭᠡᠭᠰᠢ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1000 ᠤᠳᠠᠭ᠎ᠠ ᠭᠠᠷᠭᠠᠵᠣ ᠂ ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠎ ᠢᠶᠠᠨ ᠰᠠᠶᠢᠲᠤᠷ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠡᠷᠬᠢᠯᠡᠨ᠎ᠡ᠃      ︵ᠲᠤᠯᠤᠭ᠎ᠠ︶ ᠠᠮᠤᠭᠤᠯᠠᠩ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢᠶᠠᠨ ᠪᠠᠬᠢᠵᠢᠭᠦᠯᠦᠨ ᠬᠥᠭᠵᠢᠭᠦᠯᠦᠨ᠎ᠡ᠃      ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠢ ᠯᠠᠪᠳᠠᠭᠤᠨ ᠪᠠᠲᠤ ᠲᠠᠢ ᠠᠬᠢᠭᠤᠯᠣᠨ᠎ᠠ᠃  ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠎ ᠢ ᠡᠭᠦᠳᠦᠨ ᠪᠠᠶᠢᠭᠤᠯᠬᠤ ᠠᠵᠢᠯ ᠢᠶᠠᠨ ᠪᠣᠳᠠᠲᠠᠢ ᠠᠳᠬᠤᠨ᠂ ᠵᠢᠯ ᠤᠨ ᠳᠣᠲᠣᠷ᠎ᠠ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ︽ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ︾ ᠵᠡᠷᠭᠡ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠬᠢᠯᠢ ᠬᠢᠵᠠᠭᠠᠷ ᠣᠷᠣᠨ ᠤ ︽ᠬᠤᠭᠤᠰᠣᠨ ᠪᠠᠶᠢᠬᠤ︾ ᠠᠰᠠᠭᠤᠳᠠᠯ ᠢ ᠰᠶᠢᠳᠪᠦᠷᠢᠯᠡᠨ᠎ᠡ᠃ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠪᠣᠯᠤᠨ ᠬᠢᠯᠢ ᠶᠢᠨ ᠬᠠᠮᠠᠭᠠᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠲᠣᠭᠲᠠᠭᠤᠨ ᠪᠠᠶᠢᠯᠭᠠᠵᠤ ᠰᠡᠷᠭᠡᠶᠢᠯᠡᠨ ᠬᠠᠮᠠᠭᠠᠯᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ‌ᠡᠵᠡᠮᠳᠡᠬᠦ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠳᠡᠭᠡᠭᠰᠢᠯᠡᠬᠦᠯᠵᠣ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢᠶᠠᠨ ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ︽ᠪᠥᠬᠦ ᠤᠯᠤᠰ ᠤᠨ ᠵᠠᠬᠢᠳᠠᠯ  ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾᠎ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢᠶᠠᠨ ᠪᠦᠬᠦ ᠲᠠᠯ᠎ᠠ ᠪᠠᠷ ᠬᠡᠷᠡᠭᠵᠢᠬᠦᠯᠵᠣ᠂ ᠵᠠᠬᠢᠳᠠᠯ ᠰᠤᠷᠪᠤᠯᠵᠢᠯᠠᠭ᠎ᠠ ᠎ ᠶᠢᠨ ᠬᠦᠰᠡᠯ ᠱᠠᠭᠠᠷᠳᠠᠯᠭ᠎ᠠ ᠶᠢ 90 %᠎ ᠠᠴᠠ ᠳᠡᠭᠡᠭᠰᠢ ᠳᠤ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠤᠷᠢᠯᠡᠨ᠎ᠡ᠃      ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠠᠨ᠎ᠠ᠃ ᠪᠠᠩᠬᠢ ᠲᠠᠢ ᠵᠥᠪᠳᠡᠯᠴᠡᠨ ᠬᠤᠭᠤᠴᠠᠭ᠎ᠠ ᠶᠢ ᠨᠢ ᠨᠡᠮᠡᠭᠳᠡᠭᠦᠯᠦᠨ ᠬᠦᠦ ᠮᠥᠩᠭᠦ ᠶᠢ ᠨᠢ ᠪᠠᠭᠤᠷᠠᠭᠤᠯᠬᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠢᠳᠡᠪᠬᠢᠲᠡᠢ ᠪᠠᠷ ᠴᠢᠷᠮᠠᠶᠢᠨ ᠣᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠪᠠᠭᠠᠰᠬᠠᠬᠤ ᠪᠠ ᠥᠷᠢ ᠦᠭᠴᠡᠭᠡᠨ ᠤ ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠵᠦ᠂ ᠵᠠᠰᠠᠭ ᠤᠨ ᠣᠷᠳᠣᠨ ᠤ ᠥᠷᠢ ᠦᠭᠴᠡᠭᠡᠨ ᠤ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠤᠨ ᠬᠥᠷᠥᠩᠭᠡ ᠶᠢ ᠴᠡᠪᠡᠷᠯᠡᠨ ᠬᠤᠷᠢᠶᠠᠵᠤ ᠰᠶᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂  ᠦᠷᠢ ᠦᠭᠴᠡᠭᠡᠨ ᠠᠴᠠ ᠪᠠᠨ ᠭᠠᠷᠬᠤ ᠪᠠᠶᠢᠭᠤᠯᠤᠮᠵᠢ ᠪᠠ ᠲᠥᠪ ᠤᠨ ᠦᠨᠡᠯᠡᠯᠲᠡ ᠶᠢᠨ 6 — 7 ᠳᠡᠰ ᠤᠨ ᠪᠠᠶᠢᠭᠤᠯᠤᠮᠵᠢ ᠳᠤ ᠡᠳᠦᠷ ᠳᠣᠳᠣᠮ ᠤᠨ ᠪᠠᠶᠢᠴᠠᠭᠠᠯᠲᠠ ᠪᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭᠠᠨ ᠤ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃       ᠠᠶᠣᠯᠬᠦᠢ ᠦᠢᠯᠡᠳᠪᠦᠷᠢᠯᠡᠯ ᠢ ᠭᠤᠶᠢᠪᠢᠰᠢ ᠦᠭᠡᠢ ᠡᠷᠡᠰ ᠴᠢᠩᠭ᠎ᠠ ᠠᠳᠬᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠣᠯᠬᠦᠢ ᠦᠢᠯᠡᠳᠪᠦᠷᠢᠯᠡᠯ ᠤᠨ ᠵᠥᠪᠯᠡᠯ ᠤᠨ 15 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ 135 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂  ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠳᠠᠯᠳᠠ ᠭᠡᠮ ᠢ ᠲᠤᠰᠬᠠᠢ ᠴᠡᠭᠴᠡᠯᠡᠨ ᠵᠠᠰᠠᠬᠤ ᠎ ᠪᠠᠨ ᠲᠥᠪᠯᠡᠷᠡᠭᠦᠯᠦᠨ ᠥᠷᠨᠢᠭᠦᠯᠵᠦ᠂ ᠬᠦᠨᠳᠦ ᠶᠡᠭᠡ ᠠᠶᠣᠯᠬᠦᠢ ᠦᠢᠯᠡᠳᠪᠦᠷᠢᠯᠡᠯ ᠤᠨ ᠠᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠳᠠ ᠰᠢᠪᠳᠣᠯᠬᠤ ᠭᠤᠷᠪᠠᠨ ᠵᠢᠯ ᠤᠨ ᠠᠵᠢᠯᠯᠠᠭ᠎ᠠ ᠪᠠ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠪᠠ ᠳᠡᠰ ᠳᠡᠪᠰᠢᠭᠦᠯᠦᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠤᠨ᠂ 20 ᠨᠡᠭᠦᠷᠡᠰᠦᠨ ᠠᠭᠤᠷᠬᠠᠶ᠂ 14 ᠨᠡᠭᠦᠷᠡᠰᠦᠨ ᠤ ᠪᠤᠰᠤ ᠠᠭᠤᠷᠬᠠᠶ ᠶᠢᠨ ᠪᠠᠯᠠ ᠣᠷᠣᠭᠤᠯᠤᠯᠲᠠ ᠨᠢ 5.5 ᠳ᠋ᠦᠩᠰᠢᠭᠤᠷ ᠲᠥᠭᠦᠷᠢᠭ ᠲᠤ ᠬᠦᠷᠴᠦ᠂ ᠣᠶᠤᠨᠴᠢᠯᠠᠭᠰᠠᠨ ᠲᠥᠷᠥᠯ ᠵᠦᠢᠯ ᠢ 132 ᠬᠡᠷᠡᠭᠵᠢᠭᠦᠯᠵᠦ᠂ ︽ᠮᠠᠰᠢᠨᠴᠢᠯᠠᠯᠲᠠ ᠪᠠᠷ ᠬᠥᠮᠦᠨ ᠢ ᠰᠣᠯᠢᠬᠤ᠂ ᠠᠦ᠋ᠲ᠋ᠣᠴᠢᠯᠠᠯᠲᠠ ᠪᠠᠷ ᠬᠥᠮᠦᠨ ᠢ ᠪᠠᠭᠠᠰᠬᠠᠬᠤ︾᠎ ᠶᠢ ᠶᠡᠬᠡᠪᠡᠷ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃      ᠭᠤᠷᠪᠠ᠂ ᠵᠠᠬᠢᠷᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠎ᠠ      ︵ᠨᠢᠭᠡ︶  ᠤᠯᠤᠰ ᠲᠥᠷᠥ ᠶᠢᠨ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠪᠠᠨ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠵᠣ᠂ ᠭᠤᠣᠯ ᠰᠡᠳᠦᠪᠲᠦ  ᠬᠥᠮᠦᠵᠢᠯ ᠢ ᠳᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠦᠭᠡᠳ ᠦᠷ᠎ᠡ ᠪᠦᠲᠦᠮᠵᠢ ᠪᠠᠨ ᠪᠠᠬᠢᠵᠢᠭᠦᠯᠦᠨ ᠦᠷᠭᠡᠳᠬᠡᠵᠣ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠎ ᠶᠢ ᠡᠷᠡᠰ ᠴᠢᠩᠭ᠎ᠠ ᠪᠡᠶᠡᠯᠡᠭᠦᠯᠬᠦ ᠶᠢ ᠢᠮᠠᠭᠲᠠ ᠪᠡᠶᠡᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠮᠥᠨᠴᠥ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ ᠠᠵᠢᠯ ᠤᠨ ᠭᠤᠣᠯ ᠱᠤᠭᠤᠮ᠂  ᠵᠠᠬᠢᠷᠭ᠎ᠠ ᠶᠢᠨ ᠡᠯ᠎ᠡ ᠲᠦᠷᠦᠯ ᠤᠨ ᠠᠵᠢᠯ ᠢ ᠴᠥᠮ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠴᠦᠬᠡᠨ ᠴᠦ  ᠰᠠᠯᠭᠠᠵᠣ ᠪᠣᠯᠤᠰᠢ ᠦᠭᠡᠢ ᠪᠠᠶᠢᠬᠤ ᠶᠢ ᠪᠡᠶᠡᠯᠡᠭᠦᠯᠵᠦ᠂ ᠤᠯᠤᠰ ᠲᠦᠷᠦ ᠶᠢ ᠡᠷᠬᠢᠮᠯᠡᠬᠦ ᠶᠢ ᠭᠠᠳᠠᠭᠠᠳᠤ ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠴᠢᠨᠠᠷ ᠪᠣᠯᠭᠠᠨ ᠬᠤᠪᠢᠷᠠᠭᠤᠯᠣᠨ᠎ᠠ᠃      ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃  ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ  ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠬᠢ ᠪᠠᠨ ᠬᠦᠴᠦᠯᠡᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠤᠨ᠂ ᠲᠣᠭᠲᠠᠭᠤᠨ ᠢ ᠬᠠᠮᠠᠭᠠᠯᠠᠨ᠎ᠠ᠃  ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠣ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠬᠢᠨᠠᠨ ᠪᠣᠳᠣᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠢ ᠢᠯᠡ ᠪᠠᠶᠢᠯᠭᠠᠨ᠎ᠠ᠃      ︵ᠭᠤᠷᠪᠠ︶  ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ᠃  ᠬᠤᠶᠠᠷ ᠶᠡᠭᠡ ᠶᠠᠪᠤᠳᠠᠯ ᠪᠠ ᠰᠢᠨ᠎ᠡ ᠵᠠᠮ ᠢᠶᠠᠷ ᠵᠠᠮᠨᠠᠬᠤ᠂ ᠳᠤᠮᠳᠠ ᠲᠦᠪᠰᠢᠨ ᠳᠤ  ᠳᠠᠪᠰᠢᠬᠤ ᠬᠠᠷᠠᠯᠲᠠ ᠶᠢ ᠰᠠᠶᠢᠲᠤᠷ ᠰᠶᠢᠳᠪᠦᠷᠢᠯᠡᠬᠦ᠂ ᠣᠨ ᠤ ᠬᠠᠷᠠᠯᠲᠠ ᠡᠭᠦᠷᠭᠡ ᠶᠢᠨ ᠲᠣᠭᠤᠷᠢᠨ ᠳᠤ ︽ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠡᠬᠡ ᠲᠠᠩᠰᠠ ᠪᠠᠷ ᠠᠬᠢᠭᠤᠯᠬᠤ᠂  ᠱᠠᠯᠠᠪᠳᠠᠭᠤᠯᠣᠨ ᠰᠢᠢᠳᠪᠦᠷᠢᠯᠡᠬᠦᠯᠬᠦ᠂ ᠦᠨᠡᠯᠡᠨ ᠵᠢᠱᠢᠵᠣ ᠦᠷ᠎ᠡ ᠪᠦᠲᠦᠮᠵᠢ ᠠᠪᠬᠤ᠂︾ ᠠᠵᠢᠯ ᠤᠨ ᠬᠡᠯᠬᠢᠶᠡᠳᠣ ᠵᠠᠭᠪᠤᠷ ᠢ ᠲᠡᠭᠦᠯᠳᠡᠷᠵᠢᠭᠦᠯᠵᠦ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠢᠭᠡ ᠶᠢ ᠨᠠᠶᠢᠳᠠᠪᠤᠷᠢᠵᠢᠭᠤᠯᠪᠠᠯ ᠨᠢᠭᠡ ᠬᠠᠰᠤᠭᠳᠠᠬᠤ ᠶᠢ ᠪᠠᠲᠤᠯᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠯᠠᠨ ᠭᠤᠷᠪᠠᠨ ᠴᠦᠬᠡᠨ ᠭᠤᠷᠪᠠᠨ ᠤᠳᠠᠭᠠᠨ︾᠎ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠳᠡᠭᠡᠷᠡᠬᠢ ᠨᠢ ᠳᠣᠣᠷ᠎ᠠ ᠱᠠᠲᠤᠨ ᠳᠤ ᠳᠦᠷᠢᠮᠵᠢᠭᠰᠡᠨ᠂ ᠴᠤᠮᠬᠠᠳᠬᠠᠭᠰᠠᠨ᠂ ᠬᠤᠷᠳᠤᠴᠠ ᠪᠠᠨ ᠨᠡᠮᠡᠭᠳᠡᠭᠦᠯᠦᠨ᠎ᠡ᠃ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠦᠨᠡᠨ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠤᠬᠠᠭᠠᠨ ᠰᠦᠪᠡᠭᠴᠢᠯᠡᠨ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃      ︵ᠲᠦᠷᠪᠡ︶  ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠨᠢᠭᠡᠳᠦᠭᠡᠷ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠳᠠᠬᠢ ᠬᠤᠣᠰ ᠬᠠᠷᠢᠭᠤᠴᠠᠯᠭ᠎ᠠ︾᠎ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠶᠢᠨ ᠬᠢᠨᠠᠯᠲᠠ ᠪᠠ ᠰᠠᠬᠢᠯᠭ᠎ᠠ ᠪᠠᠲᠤ ᠶᠢᠨ ᠬᠥᠮᠦᠵᠢᠯ ᠢᠶᠠᠨ ᠴᠢᠩᠭᠠᠳᠬᠠᠵᠤ᠂ ᠲᠥᠪ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠪᠠᠷᠢᠮᠲᠠᠯᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠪᠠᠴᠢᠮ ᠶᠠᠭᠠᠷᠠᠯᠲᠠᠢ ᠠᠮᠢᠳᠤᠷᠠᠯ ᠳᠤ ᠳᠠᠳᠴᠤ᠂ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠲᠥᠰᠥᠪ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠦᠩᠭᠡᠪᠴᠢ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠯᠠᠷᠠᠭᠤᠯᠤᠨ ᠵᠠᠰᠠᠵᠤ᠂ ᠬᠢᠵᠠᠭᠠᠷᠲᠠᠢ ᠪᠡᠯᠡ ᠮᠥᠩᠭᠦ ᠪᠠᠨ ︽ ᠭᠤᠷᠪᠠ ᠶᠢ ᠪᠠᠲᠤᠯᠬᠠᠤ︾ ᠳᠡᠭᠡᠷ᠎ᠡ ᠨᠡᠩ ᠢᠯᠡᠭᠦᠦ ᠬᠡᠷᠡᠭᠯᠡᠨ᠎ᠡ᠃      ᠡᠷᠬᠢᠯᠡᠭᠴᠢ ᠨᠠᠷ᠂ ᠭᠡᠰᠢᠭᠦᠳ ᠡ︕ ᠰᠢᠨ᠎ᠡ ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠠᠶᠠᠨ ᠵᠠᠮ ᠬᠥᠮᠦᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂ ᠠᠶᠢᠮᠠᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢᠷᠭᠠᠭᠤ ᠠᠵᠢᠯᠯᠠᠨ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕      ᠲᠠ ᠪᠦᠬᠦᠨ ᠳᠤ ᠲᠠᠯᠠᠷᠬᠠᠯ᠎ᠠ︕  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号