ᠮᠠᠨ ᠤ ᠠᠶᠢᠮᠠᠭ ᠬᠤᠸᠠᠰᠢ ᠦᠬᠡᠷ ᠤᠨ ᠰᠦᠷᠦᠭ ᠢ ᠦᠷᠭᠡᠳᠭᠡᠭᠦ ᠠᠵᠢᠯ ᠢ ᠲᠦᠷᠭᠡᠳᠬᠡᠨ ᠠᠬᠢᠭᠤᠯᠪᠡ
ᠨᠡᠶᠢᠲᠡᠯᠡᠭᠰᠡᠨ ᠴᠠᠭ᠄
2024/2/27
     2023 ᠤᠨ ᠳᠤ᠂ ᠮᠠᠨ ᠤ ᠠᠶᠢᠮᠠᠭ ᠾᠧᠨᠠᠨ᠂ ᠭᠢᠷᠢᠨ ᠵᠡᠷᠭᠡ ᠭᠠᠵᠠᠷ ᠠᠴᠠ ᠬᠤᠸᠠᠰᠢ ᠦᠬᠡᠷ ᠤᠨ 10 ᠲᠦᠮᠡᠨ ᠢᠴᠡᠭᠡᠯ ᠦᠷ᠎ᠠ ᠬᠤᠳᠠᠯᠳᠤᠨ ᠠᠪᠴᠤ᠂ ᠡᠭᠦᠨ ᠤ ᠳᠣᠲᠣᠷᠠᠬᠢ 2.2 ᠲᠦᠮᠡᠨ ᠢᠴᠡᠭᠡᠯ ᠦᠷ᠎ᠠ ᠶᠢ ᠪᠥᠬᠦ ᠠᠶᠢᠮᠠᠭ ᠤᠨ ᠨᠢᠭᠡᠨᠲᠡ ᠮᠠᠭᠠᠳᠯᠠᠨ ᠲᠣᠭᠲᠠᠭᠠᠭᠰᠠᠨ ᠬᠤᠸᠠᠰᠢ ᠦᠬᠡᠷ ᠤᠨ 26 ᠭᠤᠣᠯᠳᠠᠯᠭᠠᠳᠦ ᠰᠦᠷᠦᠭ ᠵᠢᠴᠢ 65 ᠡᠭᠦᠯᠳᠡᠷ ᠪᠤᠶᠢᠵᠢᠭᠤᠯᠬᠤ ᠡᠷᠦᠬᠡ ᠳᠤ ᠲᠦᠭᠡᠭᠡᠨ ᠥᠭᠴᠦ᠂ ᠦᠯᠡᠳᠡᠭᠰᠡᠨ 7.8 ᠲᠦᠮᠡᠨ ᠢᠴᠡᠭᠡᠯ ᠦᠷ᠎ᠠ ᠶᠢ ᠬᠤᠸᠠᠰᠢ ᠦᠬᠡᠷ ᠮᠠᠯᠵᠢᠬᠤ ᠬᠠᠷᠢᠴᠠᠯ ᠢ ᠦᠨᠳᠦᠰᠦᠯᠡᠨ᠂ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠬᠤᠪᠢᠶᠠᠨ ᠥᠭᠴᠦ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠨᠥᠬᠦᠴᠡᠯ ᠳᠤ ᠨᠡᠶᠢᠴᠡᠬᠦ ᠮᠠᠯᠵᠢᠬᠤ ᠡᠷᠦᠬᠡ ᠳᠤ ᠬᠡᠷᠡᠭᠯᠡᠭᠦᠯᠪᠡ᠃ ᠣᠳᠣᠬᠠᠨ ᠳᠤ᠂ ᠮᠠᠨ ᠤ ᠠᠶᠢᠮᠠᠭ ᠤᠨ ᠬᠤᠸᠠᠰᠢ ᠦᠬᠡᠷ ᠢ ᠳᠦᠭᠡᠮᠡᠯᠵᠢᠭᠦᠯᠦᠨ ᠮᠠᠯᠵᠢᠬᠤ ᠠᠵᠢᠯ ᠶᠠᠭ ᠡᠬᠢᠯᠡᠯᠲᠡ ᠶᠢᠨ ᠱᠠᠲᠤᠨ ᠳᠤ ᠪᠠᠶᠢᠵᠦ᠂ ᠪᠥᠬᠦ ᠠᠶᠢᠮᠠᠭ ᠤᠨ ᠬᠤᠸᠠᠰᠢ ᠦᠬᠡᠷ ᠤᠨ ᠰᠦᠷᠦᠭ ᠢ ᠥᠷᠭᠡᠳᠬᠡᠭᠦ ᠠᠬᠢᠴᠠ ᠶᠢ ᠤᠯᠠᠮ ᠨᠢᠭᠡ ᠠᠯᠬᠤᠮ ᠲᠦᠷᠭᠡᠳᠭᠡᠪᠡ᠃      2022 ᠣᠨ ᠳᠤ ᠬᠤᠸᠠᠰᠢ ᠦᠬᠡᠷ ᠤᠨ ᠰᠢᠨ᠎ᠡ ᠡᠭᠦᠯᠳᠡᠷ ᠢ ᠨᠡᠶᠢᠲᠡᠯᠡᠭᠰᠡᠨ ᠤ ᠲᠠᠷᠠᠭ᠎ᠠ᠂ ᠪᠦᠬᠦ ᠤᠯᠤᠰ ᠤᠨ ᠬᠡᠪᠴᠢᠶᠡᠨ  ᠳᠤ ᠪᠤᠶᠢᠵᠢᠭᠤᠯᠬᠤ ᠪᠠᠷ ᠭᠤᠣᠯ ᠪᠣᠯᠭᠠᠵᠤ ᠪᠠᠶᠢᠭᠰᠠᠨ ᠠᠴᠠ ᠳᠦᠭᠡᠮᠡᠯᠵᠢᠭᠦᠯᠬᠦ ᠪᠠᠷ ᠭᠤᠣᠯ ᠪᠣᠯᠭᠠᠬᠤ ᠰᠢᠨ᠎ᠡ ᠱᠠᠲᠤᠨ ᠳᠤ ᠣᠷᠣᠪᠠ᠃ ᠮᠠᠨ ᠤ ᠠᠶᠢᠮᠠᠭ ᠬᠤᠸᠠᠰᠢ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ︽ᠬᠤᠸᠠᠰᠢ ᠦᠭᠡᠷ ᠤᠨ ᠠᠵᠤ ᠦᠢᠯᠡᠰ ᠤᠨ ᠳᠠᠪᠠᠭᠤᠯᠢᠭ ᠢ ᠪᠤᠢ ᠪᠤᠯᠭᠠᠬᠤ ᠠᠵᠢᠯ ᠤᠨ ᠲᠥᠰᠥᠯ ︵2023 — 2025 ᠣᠨ︶︾  ᠢ ᠲᠣᠭᠲᠠᠭᠠᠨ ᠨᠡᠶᠢᠲᠡᠯᠡᠵᠦ᠂ ᠡᠭᠦᠯᠳᠡᠷ ᠪᠤᠶᠢᠵᠢᠭᠤᠯᠬᠤ ᠰᠦᠷᠦᠭᠵᠢᠯ ᠤᠨ ᠬᠡᠪᠴᠢᠶ᠎ᠡ ᠶᠢ ᠥᠷᠭᠡᠳᠬᠡᠬᠦ᠂ ᠰᠢᠯᠢᠳᠡᠭ ᠡᠭᠦᠯᠳᠡᠷ ᠢ ᠪᠤᠶᠢᠵᠢᠭᠤᠯᠬᠤ ᠰᠢᠰᠲ᠋ᠧᠮ ᠢ ᠪᠠᠶᠢᠭᠤᠯᠬᠤ᠂ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠳᠦ ᠰᠢᠰᠲ᠋ᠧᠮ ᠢ ᠪᠠᠶᠢᠭᠤᠯᠬᠤ᠂ ᠪᠤᠬ᠎ᠠ ᠶᠢᠨ ᠳᠠᠯᠠᠪᠠᠢ ᠪᠠᠶᠢᠭᠤᠯᠬᠤ᠂ ᠡᠭᠦᠯᠳᠡᠷ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠬᠦ ᠵᠡᠷᠭᠡ 5 ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠨᠡᠶᠢᠲᠡᠯᠡᠵᠦ᠂ ᠬᠤᠸᠠᠰᠢ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠡᠭᠦᠯᠳᠡᠷ ᠤᠨ ᠢᠷᠡᠯᠲᠡ ᠶᠢᠨ ᠳᠠᠪᠠᠭᠤᠯᠢᠭ ᠢ ᠡᠭᠦᠳᠴᠦ᠂ ᠮᠠᠨ ᠤ ᠠᠶᠢᠮᠠᠭ ᠢ ᠪᠥᠬᠦ ᠤᠯᠤᠰ ᠲᠤ ᠬᠡᠪᠴᠢᠶ᠎ᠡ ᠪᠠᠷ ᠬᠠᠮᠤᠭ ᠤᠨ ᠶᠡᠭᠡ᠂ ᠶᠠᠰᠤ ᠴᠢᠨᠠᠷ ᠢᠶᠠᠷ ᠬᠠᠮᠤᠭ ᠤᠨ ᠰᠢᠯᠢᠳᠡᠭ ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠪᠤᠢ᠃ ᠡᠭᠦᠨ ᠤ ᠬᠠᠮᠲᠤ᠂ 3575 ᠲᠦᠮᠡᠨ ᠲᠥᠭᠦᠷᠢᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠵᠡᠢ᠃      ᠣᠲᠣ ᠪᠣᠯᠲᠠᠯ᠎ᠠ᠂ ᠪᠥᠬᠦ ᠠᠶᠢᠮᠠᠭ ᠤᠨ ᠬᠤᠸᠠᠰᠢ ᠦᠬᠡᠷ ᠤᠨ ᠲᠤᠭ᠎ᠠ 1.5 ᠲᠦᠮᠡ ᠳᠤ ᠬᠦᠷᠴᠦ᠂ ᠨᠡᠶᠢᠲᠡ 26 ᠭᠤᠤᠯᠳᠠᠯᠭᠠᠳᠦ ᠰᠦᠷᠦᠭ ᠢ ᠪᠠᠶᠢᠭᠤᠯᠦᠨ᠂ ᠭᠤᠣᠯᠳᠠᠯᠭᠠᠳᠦ ᠰᠦᠷᠦᠭ ᠤᠨ ᠬᠡᠪᠴᠢᠶ᠎ᠡ ᠪᠥᠬᠦ ᠤᠯᠤᠰ ᠤᠨ ᠶᠡᠷᠦᠩᠬᠡᠢ ᠭᠡᠪᠴᠢᠶᠡᠨ ᠤ 64%  ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃      2023 ᠤᠨ ᠠᠴᠠ ᠨᠠᠭᠠᠰᠢ᠂ ᠮᠠᠨ ᠤ ᠠᠶᠢᠮᠠᠭ ᠬᠤᠸᠠᠰᠢ ᠦᠬᠡᠷ ᠢ ᠰᠣᠩᠭᠤᠨ ᠪᠤᠶᠢᠵᠢᠭᠤᠯᠬᠤ᠂ ᠰᠢᠯᠢᠳᠡᠭ ᠡᠭᠦᠯᠳᠡᠷ ᠢ ᠥᠷᠭᠡᠳᠬᠡᠨ ᠦᠷᠡᠵᠢᠭᠦᠯᠬᠦ ᠪᠠ ᠳᠦᠭᠡᠮᠡᠯᠵᠢᠭᠦᠯᠦᠨ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠭᠡᠳ ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠬᠤᠸᠠᠰᠢ ᠦᠬᠡᠷ ᠢ ᠰᠣᠩᠭᠤᠨ ᠪᠤᠶᠢᠵᠢᠭᠤᠯᠵᠤ ᠳᠦᠭᠡᠮᠡᠯᠵᠢᠭᠦᠯᠬᠦ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠤᠸᠠᠰᠢ ᠦᠬᠡᠷ ᠤᠨ ᠭᠤᠣᠯᠳᠠᠯᠭᠠᠳᠦ ᠰᠦᠷᠦᠭ ᠢ ᠰᠢᠭᠰᠢᠨ ᠰᠣᠩᠭᠤᠵᠤ ᠮᠠᠭᠠᠳᠯᠠᠨ ᠲᠣᠭᠲᠠᠭᠠᠪᠠ︔ ᠤᠯᠠᠭᠠᠢ ᠬᠠᠮᠢᠶᠠᠷᠤᠯᠲᠠ ᠶᠢᠨ ᠣᠷᠣᠨ ᠬᠢᠭᠡᠳ ᠬᠤᠷᠰᠢᠭᠰᠠᠨ ᠠᠵᠤ ᠠᠬᠤᠶᠢᠯᠠᠯ ᠬᠦᠪᠦᠷᠡᠯ ᠦᠢᠯᠡᠳᠪᠦᠷᠢᠯᠡᠬᠦ ᠶᠢᠨ ᠬᠠᠮᠲᠤ ᠬᠠᠳᠠᠭᠠᠯᠠᠵᠤ᠂ ᠬᠦᠪᠦᠷᠡᠯ ᠰᠢᠯᠵᠢᠭᠦᠯᠭᠦ ᠠᠵᠢᠯ ᠢ ᠥᠷᠨᠢᠭᠦᠯᠪᠡ︔ ᠤᠯᠠᠭᠠᠢ ᠬᠠᠮᠢᠶᠠᠷᠤᠯᠲᠠ  ᠶᠢᠨ ᠣᠷᠣᠨ ᠤ ᠪᠤᠬ᠎ᠠ  ᠶᠢᠨ ᠲᠠᠯᠠᠪᠠᠢ ᠶᠢᠨ ᠰᠠᠭᠤᠷᠢ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠵᠤ᠂ ᠣᠳᠣ ᠶᠠᠭ ᠦᠷ᠎ᠡ ᠠᠪᠬᠤ ᠪᠤᠬ᠎ᠠ  ᠶᠢ ᠪᠤᠶᠢᠵᠢᠭᠤᠯᠦᠨ᠂ 2024 ᠤᠨ ᠤ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠃      ᠲᠥᠯᠥᠪᠯᠡᠭᠡ ᠪᠠᠷ᠂ 2025 ᠣᠨ ᠪᠣᠯᠬᠤ ᠳᠤ᠂ ᠪᠥᠬᠦ ᠠᠶᠢᠮᠠᠭ ᠤᠨ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠤᠨ ᠦᠬᠡᠷ 2.2 ᠲᠦᠮᠡ ᠳᠤ ᠬᠦᠷᠴᠦ᠂ ᠭᠤᠣᠯᠳᠠᠯᠭᠠᠳᠦ ᠰᠦᠷᠦᠭ ᠤᠨ ᠦᠬᠡᠷ 1 ᠲᠦᠮᠡ ᠳᠤ ᠬᠦᠷᠴᠦ᠂ ᠲᠣᠰ ᠲᠣᠰ ᠪᠥᠬᠦ ᠤᠯᠤᠰ ᠤᠨ ᠬᠡᠪᠴᠢᠶᠡᠨ ᠤ 70% ᠪᠠ 60% ᠶᠢ ᠡᠵᠡᠯᠡᠭᠦ ᠪᠤᠯᠤᠨ᠎ᠠ︔ ᠬᠤᠸᠠᠰᠢ ᠪᠤᠬ᠎ᠠ ᠶᠢᠨ ᠲᠠᠯᠠᠪᠠᠢ 15 ᠶᠢ ᠪᠠᠶᠢᠭᠤᠯᠤᠨ᠎ᠠ︔ ᠪᠥᠬᠦ ᠠᠶᠢᠮᠠᠭ ᠤᠨ ᠬᠡᠪᠴᠢᠶᠡᠨ ᠳᠤ ᠬᠤᠸᠠᠰᠢ ᠦᠬᠡᠷ ᠤᠨ 60 ᠲᠦᠮᠡᠨ ᠢᠴᠡᠭᠡᠯ ᠦᠷ᠎ᠠ ᠶᠢ ᠬᠡᠷᠡᠭᠯᠡᠵᠦ᠂ ᠪᠥᠬᠦ ᠤᠯᠤᠰ ᠤᠨ ᠬᠤᠸᠠᠰᠢ  ᠦᠬᠡᠷ ᠤᠨ ᠲᠤᠭ᠎ᠠ ᠶᠢᠨ 60% ᠶᠢ ᠡᠵᠡᠯᠡᠭᠦᠯᠦᠨ᠎ᠠ︔ ᠨᠡᠶᠢᠲᠡ 262 ᠬᠤᠸᠠᠰᠢ ᠦᠬᠡᠷ ᠤᠨ ᠦᠷ᠎ᠡ ᠠᠪᠬᠤ ᠪᠤᠬ᠎ᠠ ᠶᠢ ᠪᠤᠶᠢᠵᠢᠭᠤᠯᠵᠤ᠂ ᠪᠦᠬᠦ ᠤᠯᠤᠰ ᠤᠨ ᠬᠤᠸᠠᠰᠢ ᠦᠭᠡᠷ ᠤᠨ ᠦᠷ᠎ᠠ ᠠᠪᠬᠤ ᠪᠤᠬ᠎ᠠ ᠶᠢᠨ 52% ᠢ ᠡᠵᠡᠯᠡᠭᠦᠯᠦᠨ᠎ᠠ᠃      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号