ᠵᠡᠭᠦᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ︽ᠠᠷᠠᠳ ᠲᠦᠮᠡᠨ ᠤ | ᠡᠷᠡᠭᠦᠯ ᠮᠡᠨᠳᠦ ᠪᠠᠷ ᠭᠤᠣᠯ ᠪᠣᠯᠭᠠᠬᠤ︾ ᠵᠠᠷᠴᠢᠮ ᠢ ᠪᠠᠷᠢᠮᠳᠠᠯᠠᠨ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ | ᠬᠤᠷᠢᠭ᠎ᠠ ᠱᠤᠭᠤᠮ ᠢ ᠪᠠᠲᠤ ᠰᠠᠬᠢᠬᠤ ᠬᠠᠷᠠᠯᠲᠠ ᠶᠢᠨ ᠲᠣᠭᠤᠷᠢᠨ ᠳᠤ᠂ ᠡᠯ᠎ᠡ ᠰᠤᠮᠤ ᠪᠠᠯᠭᠠᠰᠤ ᠲᠠᠯᠠᠪᠠᠶ᠂ ᠬᠠᠮᠢᠶ᠎ᠠ | ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠰᠢᠭᠤᠨ ᠤ ᠣᠨᠴᠠ ᠬᠦᠴᠢᠷᠳᠡᠯᠲᠡᠢ | ᠡᠷᠦᠬᠡ᠂ ᠥᠨᠥᠴᠢᠨ ᠬᠡᠦᠬᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠬᠢᠨᠠᠨ ᠰᠢᠯᠭᠠᠬᠤ | ᠡᠷᠦᠬᠡ᠂ ᠶᠠᠳᠠᠭᠤ ᠠᠴᠠ ᠠᠩᠬᠢᠵᠢᠷᠠᠭᠰᠠᠨ ᠡᠷᠦᠬᠡ ᠵᠡᠷᠭᠡ ᠭᠤᠣᠯᠳᠠᠯᠭ᠎ᠠ ᠲᠠᠢ ᠬᠥᠮᠥᠰ ᠤᠨ 2024 ᠣᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠦᠬᠦ ᠲᠠᠯ᠎ᠠ ᠪᠠᠷ | ᠰᠠᠶᠢᠲᠤᠷ ᠥᠷᠨᠢᠭᠦᠯᠪᠡ᠃ | 2024 ᠣᠨ ᠤ 1 ᠰᠠᠷ᠎ᠠ ᠪᠣᠯᠲᠠᠯ᠎ᠠ᠂ ᠵᠡᠭᠦᠨ ᠦᠵᠦᠮᠦᠴᠢᠨ ᠬᠤᠰᠢᠭᠤᠨ ᠤ ᠭᠤᠣᠯᠳᠠᠯᠭ᠎ᠠ ᠲᠠᠢ | ᠡᠳᠡᠭᠡᠳ ᠤᠨ 1984 ᠬᠥᠮᠥᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ ᠣᠷᠣᠯᠴᠠᠭᠰᠠᠨ | ᠨᠣᠷᠮ᠎ᠠ 100% ᠳᠤ ᠬᠦᠷᠴᠦ᠂ ᠡᠭᠦᠨ ᠳᠤ ᠣᠨᠴᠠ ᠬᠦᠴᠢᠷᠳᠡᠯᠲᠡᠢ ᠡᠷᠦᠬᠡ ᠶᠢᠨ 42 ᠬᠥᠮᠥᠨ᠂ ᠥᠨᠥᠴᠢᠨ | ᠬᠡᠦᠬᠡᠳ 17 ᠬᠥᠮᠥᠨ ᠪᠠᠶᠢᠵᠦ᠂ ᠣᠨᠴᠠ ᠬᠦᠴᠢᠷᠳᠡᠯᠲᠡᠢ ᠡᠷᠦᠬᠡ᠂ ᠥᠨᠥᠴᠢᠨ ᠬᠡᠦᠬᠡᠳ ︵ᠭᠡᠷᠡᠭ ᠲᠡᠭᠡᠷ᠎ᠡ ᠪᠠᠨ | ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ︶ ᠤᠨ ᠬᠤᠪᠢ ᠬᠥᠮᠥᠨ ᠤ ᠲᠤᠰᠢᠶᠠᠬᠤ ᠬᠡᠰᠡᠭ ᠢ ᠵᠡᠭᠦᠨ | ᠦᠵᠦᠮᠦᠴᠢᠨ ᠬᠤᠰᠢᠭᠤᠨ ᠤ ᠡᠮᠴᠢᠯᠡᠬᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠪᠥᠬᠦ ᠲᠤᠭ᠎ᠠ ᠪᠠᠷ | ᠳᠡᠮᠵᠢᠨ᠂ ᠳᠠᠭᠠᠳᠬᠠᠯ ᠳᠤ ᠣᠷᠣᠭᠤᠯᠪᠠ᠃ ᠡᠭᠦᠨ ᠠᠴᠠ ᠭᠠᠳᠠᠨ᠎ᠠ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭᠠᠲᠤ ᠡᠷᠦᠬᠡ ᠶᠢᠨ 1287 ᠬᠥᠮᠥᠨ᠂ ᠬᠢᠨᠠᠨ ᠰᠢᠯᠭᠠᠬᠤ ᠡᠷᠦᠬᠡ ᠶᠢᠨ 88 ᠬᠥᠮᠥᠨ᠂ ᠶᠠᠳᠠᠭᠤ ᠠᠴᠠ | ᠠᠩᠭᠢᠵᠢᠷᠠᠬᠰᠠᠨ ᠪᠤᠯᠪᠠᠴᠤ ᠲᠦᠷᠦ ᠶᠢᠨ ᠪᠤᠳᠤᠯᠭ᠎ᠠ ᠪᠠᠷ ᠲᠠᠭᠠᠳᠬᠠᠯ ᠬᠦᠷᠳᠡᠬᠦ 423 ᠬᠥᠮᠥᠨ᠂ ᠶᠠᠳᠠᠭᠤ ᠠᠴᠠ | ᠠᠩᠭᠢᠵᠢᠷᠠᠬᠰᠠᠨ ᠲᠦᠷᠦ ᠶᠢᠨ ᠪᠤᠳᠤᠯᠭ᠎ᠠ ᠶᠢᠨ ᠲᠠᠭᠠᠳᠬᠠᠯ ᠬᠦᠷᠳᠡᠬᠦ ᠦᠬᠡᠢ 127 ᠬᠥᠮᠥᠨ ᠪᠠᠶᠢᠵᠦ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠢᠨᠠᠨ ᠰᠢᠯᠭᠠᠬᠤ ᠡᠷᠦᠬᠡ᠂ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠬᠦᠷᠳᠡᠬᠦ ᠡᠳᠡᠭᠡᠳ ᠤᠨ ᠬᠤᠪᠢ ᠬᠥᠮᠥᠨ ᠤ ᠲᠤᠰᠢᠶᠠᠬᠤ ᠬᠡᠰᠡᠭ ᠢ ᠵᠡᠭᠦᠨ | ᠦᠵᠦᠮᠦᠴᠢᠨ ᠬᠤᠰᠢᠭᠤᠨ ᠤ ᠡᠮᠴᠢᠯᠡᠬᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ 50% ᠪᠠᠷ ᠳᠡᠮᠵᠢᠨ᠂ | ᠳᠠᠭᠠᠳᠬᠠᠯ ᠳᠤ ᠣᠷᠣᠭᠤᠯᠵᠠᠢ᠃ | |