ᠡᠪᠦᠯ ᠣᠷᠣᠭᠰᠠᠨ ᠠᠴᠠ ᠨᠠᠭᠠᠰᠢ᠂ ᠰᠥᠨᠢᠳ ᠪᠠᠷᠠᠭᠤᠨ ᠬᠤᠰᠢᠭᠤ ᠨᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠡᠷᠲᠡ ᠠᠴᠠ ᠪᠠᠶᠢᠷᠢᠯᠠᠭᠤᠯᠤᠨ᠂ ᠡᠷᠲᠡ ᠠᠴᠠ ᠪᠡᠯᠡᠳᠬᠡᠵᠦ᠂ ᠡᠪᠡᠰᠦ ᠪᠣᠷᠳᠤᠭ᠎ᠠ ᠨᠥᠭᠡᠴᠡᠯᠡᠬᠦ | ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠮᠠᠯ ᠤᠨᠤᠭ᠎ᠠ ᠪᠠᠨ ᠮᠡᠨᠲᠤ ᠤᠨᠲᠤᠷᠤᠭᠤᠯᠬᠤ ᠶᠢ ᠪᠠᠲᠤᠯᠠᠵᠠᠢ᠃ | ᠮᠠᠯ ᠤᠨᠤᠭᠠᠨ ᠤ ᠡᠪᠡᠰᠦ ᠪᠤᠷᠳᠤᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠥᠨᠢᠳ | ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠪᠦᠬᠦ | ᠬᠤᠰᠢᠭᠤᠨ ᠤ ᠦᠢᠯᠡᠳᠪᠦᠷᠢᠯᠡᠵᠦ ᠡᠳ᠋ᠰᠢᠭᠦᠯᠬᠦ ᠴᠢᠳᠠᠪᠤᠷᠢ ᠪᠦᠬᠦᠢ 6 ᠪᠦᠷᠢᠨ ᠰᠢᠮᠡᠲᠤ ᠪᠤᠷᠳᠤᠭ᠎ᠠ ᠦᠢᠯᠡᠳᠪᠦᠷᠢᠯᠡᠬᠦ | ᠰᠠᠭᠤᠷᠢᠨ ᠳᠤ ᠲᠦᠰᠢᠭᠯᠡᠨ᠂ ᠮᠠᠯᠴᠢᠳ ᠤᠨ ᠪᠤᠷᠳᠤᠭ᠎ᠠ ᠬᠤᠳᠠᠯᠳᠤᠨ ᠠᠪᠬᠤ ᠳᠤ ᠨᠦᠬᠦᠪᠦᠷᠢ ᠬᠠᠩᠭᠠᠵᠦ᠂ | 11700 ᠲᠣᠨ ᠪᠦᠷᠢᠨ ᠰᠢᠮᠡᠲᠤ ᠪᠤᠷᠳᠤᠭ᠎ᠠ ᠶᠢ ᠡᠳ᠋ᠰᠢᠭᠦᠯᠵᠦ ᠪᠣᠷᠣᠯᠠᠭᠤᠯᠵᠠᠢ᠃ ᠡᠬᠦᠨ ᠤ ᠬᠠᠮᠲᠤ᠂ ᠪᠥᠬᠦ | ᠬᠤᠰᠢᠭᠤᠨ ᠤ ᠨᠡᠶᠢᠭᠡᠮᠴᠢᠯᠡᠭᠰᠡᠨ ᠡᠪᠡᠰᠦ ᠪᠣᠷᠳᠤᠭ᠎ᠠ ᠶᠢᠨ ᠨᠦᠬᠡᠴᠡᠯᠡᠬᠦ ᠲᠦᠪ ᠵᠢᠴᠢ ᠭᠤᠷᠪᠠᠨ ᠱᠠᠲᠤᠨ ᠤ | ᠲᠥᠪᠯᠡᠷᠡᠭᠦᠯᠦᠨ ᠨᠥᠭᠡᠴᠡᠯᠡᠬᠦ ᠰᠢᠰᠲ᠋ᠧᠮ ᠳᠤ ᠨᠡᠶᠢᠲᠡ 4.8136 ᠲᠦᠮᠡᠨ ᠲᠣᠨ ᠡᠪᠡᠰᠦ ᠪᠤᠷᠳᠤᠭ᠎ᠠ | ᠨᠦᠬᠡᠴᠡᠯᠡᠵᠦ᠂ ᠡᠭᠦᠨ ᠳᠤ ᠨᠡᠶᠢᠭᠡᠮᠴᠢᠯᠡᠭᠰᠡᠨ ᠡᠪᠡᠰᠦ ᠪᠣᠷᠳᠤᠭ᠎ᠠ ᠨᠦᠬᠡᠴᠡᠯᠡᠬᠦ ᠲᠦᠪ ᠲᠤ 4.19 ᠲᠦᠮᠡᠨ ᠲᠣᠨ | ᠪᠠᠶᠢᠵᠦ᠂ ᠭᠤᠷᠪᠠᠨ ᠱᠠᠲᠤᠨ ᠤ ᠲᠥᠪᠯᠡᠷᠡᠭᠦᠯᠦᠨ ᠨᠥᠭᠡᠴᠡᠯᠡᠬᠦ ᠰᠢᠰᠲ᠋ᠧᠮ ᠳᠤ 6236 ᠲᠣᠨ ᠡᠪᠡᠰᠦ ᠪᠣᠷᠳᠤᠭ᠎ᠠ | ᠨᠥᠭᠡᠴᠡᠯᠡᠪᠡ᠃ | ︽ᠡᠨᠡ ᠡᠪᠦᠯ ᠤᠨ ᠴᠠᠰᠤ ᠶᠡᠭᠡᠲᠠᠢ ᠪᠠᠶᠢᠳᠠᠯ ᠳᠤ ᠴᠢᠭᠯᠡᠭᠦᠯᠦᠨ᠂ ᠰᠥᠨᠢᠳ ᠪᠠᠷᠠᠭᠤᠨ ᠬᠤᠰᠢᠭᠤ ᠡᠪᠡᠰᠦ | ᠪᠤᠷᠳᠤᠭᠠᠨ ᠤ ᠨᠥᠬᠦᠪᠦᠷᠢ ᠥᠭᠬᠦ ᠪᠠᠷ ᠳᠠᠮᠵᠢᠭᠤᠯᠤᠨ ᠮᠠᠯᠴᠢᠳ ᠤᠨ ᠮᠠᠯᠵᠢᠬᠤ ᠦᠢᠯᠡᠳᠪᠦᠷᠢᠯᠡᠯ ᠤᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠵᠠᠢ᠃ ᠮᠠᠯᠴᠢᠳ ᠬᠤᠯᠢᠮᠠᠭ ᠪᠤᠷᠳᠤᠭᠠᠨ ᠤ ᠬᠤᠷᠰᠢᠶᠠᠵᠢᠯ ᠠᠴᠠ ᠡᠪᠡᠰᠦ ᠪᠣᠷᠳᠤᠭ᠎ᠠ | ᠬᠤᠳᠠᠯᠳᠤᠨ ᠠᠪᠬᠤ ᠳᠤ ᠤᠤᠯ ᠤᠨ ᠲᠣᠭᠲᠠᠭᠰᠠᠨ ᠵᠢᠵᠢᠭᠯᠡᠨ ᠬᠤᠳᠠᠯᠳᠤᠬᠤ ᠦᠨ᠎ᠡ ᠢᠢᠨ ᠰᠠᠭᠤᠷᠢᠨ ᠳᠡᠭᠡᠷ᠎ᠡ ᠲᠣᠨ | ᠪᠦᠷᠢ ᠳᠤ 300 ᠲᠥᠭᠦᠷᠢᠭ ᠤᠨ ᠨᠥᠬᠦᠪᠦᠷᠢ ᠬᠦᠷᠳᠡᠵᠦ ᠪᠣᠯᠣᠨ᠎ᠠ︾ ᠭᠡᠵᠦ ᠰᠥᠨᠢᠳ ᠪᠠᠷᠠᠭᠤᠨ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠳᠡᠳ᠋ ᠳᠠᠷᠤᠭ᠎ᠠ | ᠴᠡᠩᠬᠡᠯ ᠬᠡᠯᠡᠪᠡ᠃ | ᠡᠬᠦᠨ ᠠᠴᠠ ᠭᠠᠳᠠᠨ᠎ᠠ᠂ ᠣᠨᠴᠠᠭᠠᠶ ᠴᠠᠭ ᠠᠭᠤᠷ ᠤᠨ ᠮᠠᠯᠵᠢᠬᠤ ᠦᠢᠯᠡᠳᠪᠦᠷᠢᠯᠡᠯ ᠳᠤ ᠦᠵᠡᠭᠦᠯᠬᠦ ᠠᠰᠢᠭ | ᠦᠭᠡᠢ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠵᠢᠯᠴᠠᠨ | ᠬᠦᠳᠡᠯᠦᠯᠴᠡᠵᠦ᠂ ᠴᠠᠭ ᠠᠭᠤᠷ ᠤᠨ ᠭᠠᠢ ᠭᠠᠮᠰᠢᠭ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ | ᠨᠡᠶᠢᠲᠡᠯᠡᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠤᠨ᠂ ᠮᠠᠯᠴᠢᠳ ᠤᠨ ᠭᠠᠢ ᠭᠠᠮᠰᠢᠭ ᠤᠨ ᠴᠢᠨᠠᠷᠲᠠᠢ | ᠴᠠᠭ ᠠᠭᠤᠷ ᠠᠴᠠ ᠰᠡᠷᠭᠡᠶᠢᠯᠡᠬᠦ ᠶᠢ ᠬᠦᠳᠦᠯᠦᠨ ᠵᠢᠯᠤᠭᠤᠳᠴᠠᠢ᠃ | |