ᠡᠷᠬᠢᠯᠡᠭᠴᠢ ᠨᠠᠷ᠂ ᠭᠡᠰᠢᠭᠦᠳ ᠡ᠄ | ᠤᠳᠤ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠢᠯᠡᠳᠬᠡᠯ ᠬᠢᠶ᠎ᠠ᠂ ᠡᠷᠬᠢᠯᠡᠭᠴᠢ ᠨᠠᠷ᠂ ᠭᠡᠰᠢᠭᠦᠳ | ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ | ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠵᠠᠮ ᠢᠶᠠᠷ ᠵᠠᠮᠨᠠᠬᠤ᠂ ᠳᠤᠮᠳᠠ ᠳᠦᠪᠰᠢᠨ ᠳᠤ ᠳᠠᠪᠰᠢᠬᠤ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ | ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ ᠴᠢᠩᠭᠠᠳᠬᠠᠨ᠂ ᠠᠮᠤᠷ ᠲᠦᠪᠰᠢᠨ ᠢ ᠪᠠᠲᠤᠯᠠᠵᠤ᠂ ᠪᠥᠬᠦ | ᠵᠢᠯ ᠤᠨ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠬᠥᠮᠦᠰ ᠢ | ᠵᠣᠷᠢᠭᠵᠢᠭᠤᠯᠤᠮ᠎ᠠ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ | ᠨᠢᠭᠡ ᠳᠤ ᠠᠵᠤ ᠠᠬᠤᠢ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠪᠠ᠃ | ᠭᠠᠵᠠᠷ ᠰᠢᠷᠤᠢ ᠶᠢᠨ ᠭᠠᠷᠳᠠᠮ ᠵᠡᠷᠭᠡ ᠰᠢᠯᠲᠠᠭᠠᠨ ᠠᠴᠠ ᠪᠣᠯᠵᠤ ᠨᠡᠭᠦᠷᠡᠰᠦᠨ ᠤ ᠭᠠᠷᠤᠯᠲᠠ ᠬᠠᠰᠤᠭᠳᠠᠭᠰᠠᠨ ᠵᠡᠷᠭᠡ | ᠠᠰᠢᠭ ᠦᠭᠡᠢ ᠨᠦᠯᠦᠭᠡ ᠶᠢ ᠡᠷᠡᠰ ᠲᠡᠪᠴᠢᠵᠦ᠂ ᠠᠵᠤ ᠠᠬᠤᠢ ᠶᠢᠨ ᠠᠵᠢᠯᠯᠠᠭᠠᠨ ᠤ ᠵᠦᠢ ᠵᠣᠬᠢᠰᠲᠠᠢ ᠣᠷᠣᠨ | ᠵᠠᠢ ᠳᠤ ᠪᠠᠶᠢᠬᠤ ᠶᠢ ᠪᠠᠲᠣᠯᠠᠵᠣ᠂ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ | 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠪᠠᠷ | ᠨᠡᠮᠡᠭᠳᠡᠭᠦᠯᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 18% ᠪᠠᠷ ᠨᠡᠮᠡᠭᠳᠡᠭᠦᠯᠪᠡ᠃ 390 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠣ᠂ ᠠᠶᠢᠮᠠᠭ ᠤᠨ ᠲᠠᠰ ᠤᠨ168 ᠭᠤᠤᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠭᠦᠯᠦᠨ᠂ 14.7% ᠪᠠᠷ ᠨᠡᠮᠡᠭᠳᠡᠭᠦᠯᠦᠨ᠂ ᠣᠨ ᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠦ᠂ | 45 ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠪᠠ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾ ᠤ ᠠᠵᠢᠯᠯᠠᠭ᠎ᠠ ᠶᠢ ᠬᠢᠨᠠᠮᠠᠭᠠᠶ | ᠥᠷᠨᠢᠭᠦᠯᠵᠦ᠂ ᠵᠢᠱᠢᠯᠲᠡ ᠪᠠᠷ 290 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ | 15% ᠪᠠᠷ ᠨᠡᠮᠡᠭᠳᠡᠭᠦᠯᠪᠡ᠃ ᠳᠡᠭᠡᠳᠦ ᠱᠠᠲᠤᠨ ᠤ ᠡᠯ᠎ᠡ ᠲᠦᠷᠦᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ | 237 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 20.6% ᠪᠠᠷ ᠨᠡᠮᠡᠭᠳᠡᠭᠦᠯᠦᠨ᠂ ︽ᠭᠤᠷᠪᠠ ᠶᠢ ᠪᠠᠲᠤᠯᠠᠬᠤ︾ | ᠵᠡᠷᠭᠡ ᠵᠠᠶᠢᠯᠠᠰᠢ ᠦᠭᠡᠢ ᠵᠠᠷᠤᠯᠭ᠎ᠠ ᠶᠢ ᠪᠠᠲᠤᠯᠠᠪᠠ᠃ ᠡᠯ᠎ᠡ ᠲᠥᠷᠥᠯ ᠤᠨ ᠵᠢᠭᠡᠯᠡᠯᠭᠡ ᠶᠢᠨ ᠦᠯᠡᠳᠡᠪᠦᠷᠢ 1278 | ᠳ᠋ᠦᠩᠰᠢᠭᠤᠷ ᠲᠥᠭᠦᠷᠢᠭ ᠲᠤ ᠬᠦᠷᠴᠦ᠂ 16.9% ᠪᠠᠷ ᠨᠡᠮᠡᠭᠳᠡᠭᠦᠯᠵᠣ᠂ ᠡᠭᠦᠨ ᠳᠤ ᠵᠢᠵᠢᠭ ᠪᠢᠴᠢᠯ ᠠᠵᠤ | ᠠᠬᠤᠶᠢᠯᠠᠯ ᠳᠤ 262 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠵᠢᠴᠢ ᠭᠠᠶᠢᠯᠢ ᠪᠤᠴᠠᠭᠠᠵᠤ ᠬᠤᠶᠢᠰᠢᠯᠠᠭᠤᠯᠤᠭᠰᠠᠨ ᠰᠦᠢᠳᠬᠡᠯ 8.6 ᠳ᠋ᠦᠩᠰᠢᠭᠤᠷ ᠲᠥᠭᠦᠷᠢᠭ | ᠰᠢᠨ᠎ᠡ ᠪᠠᠷ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ 2.45 ᠲᠦᠮᠡᠨ ᠡᠷᠦᠬᠡ ᠰᠢᠨ᠎ᠡ ᠪᠠᠷ | ᠨᠡᠮᠡᠭᠳᠡᠭᠦᠯᠵᠦ᠂ 16 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠬᠡᠪᠴᠢᠶᠡᠵᠢᠭᠰᠡᠨ ᠠᠵᠣ ᠠᠬᠤᠶᠢᠯᠠᠯ | ᠤᠨ ᠪᠦᠷᠢᠳᠬᠡᠯ ᠳᠤ ᠣᠷᠣᠭᠤᠯᠵᠣ᠂ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠯ ᠦᠢᠯᠡᠴᠢᠯᠡᠭᠡᠨ ᠤ | ᠴᠢᠨᠠᠷᠲᠠᠶ 20 ᠠᠵᠤ ᠠᠬᠤᠶᠢᠯᠠᠯ ᠢ ᠬᠠᠷᠢᠶ᠎ᠠ ᠭᠠᠵᠠᠷ ᠲᠤᠨᠢ ᠳᠠᠩᠰᠠᠯᠠᠭᠤᠯᠵᠤ᠂ ᠰᠢᠨ᠎ᠡ ᠪᠠᠷ ᠬᠡᠪᠴᠢᠶᠡᠵᠢᠭᠰᠡᠨ ᠠᠵᠣ | ᠠᠬᠤᠶᠢᠯᠠᠯ ᠤᠨ ᠪᠦᠷᠢᠳᠬᠡᠯ ᠳᠤ ᠣᠷᠣᠭᠰᠠᠨ ᠠᠵᠤ ᠠᠬᠤᠶᠢᠯᠠᠯ ᠪᠠ ᠬᠠᠷᠢᠶ᠎ᠠ ᠭᠠᠵᠠᠷ ᠲᠤᠨᠢ ᠳᠠᠩᠰᠠᠯᠠᠭᠤᠯᠤᠭᠰᠠᠨ | ᠠᠵᠤ ᠠᠬᠤᠶᠢᠯᠠᠯ ᠨᠢ ᠠᠵᠤ ᠠᠬᠤᠶ ᠶᠢᠨ ᠨᠡᠮᠡᠭᠳᠡᠯ ᠢ ᠬᠦᠴᠦᠲᠡᠶ ᠲᠤᠯᠭᠠᠭᠤᠷᠢᠯᠠᠪᠠ᠃ ︽ᠲᠠᠪᠤ ᠶᠢ ᠲᠤᠶᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ | ᠲᠣᠨᠣᠮᠠᠯ ᠪᠡᠯᠡ ᠮᠥᠩᠭᠦ᠂ ︽ ᠬᠠᠭᠠᠰ ᠳᠤᠲᠠᠭᠤ ᠤᠷᠬᠢᠭᠰᠠᠨ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ | ᠪᠦᠳᠦᠭᠡᠨ ᠪᠠᠶᠢᠭᠤᠯᠤᠯᠲᠠ ᠵᠡᠷᠭᠡ 4 ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠥᠪᠰᠢᠶᠡᠷᠡᠭᠰᠡᠨ | ᠪᠣᠯᠪᠠᠴᠤ ᠬᠠᠩᠭᠠᠭᠠᠳᠤᠶ ᠭᠠᠵᠠᠷ ᠰᠢᠷᠣᠶ ᠪᠠ ᠰᠤᠯᠠ ᠪᠠᠶᠢᠭ᠎ᠠ ᠭᠠᠵᠠᠷ ᠰᠢᠷᠣᠶ ᠶᠢ ᠲᠤᠶᠢᠯᠪᠤᠷᠢᠲᠠᠢ ᠰᠢᠢᠳᠪᠦᠷᠢᠯᠡᠬᠦ | ᠲᠠᠯ᠎ᠠ ᠪᠠᠷ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠦᠷ᠎ᠡ ᠪᠦᠲᠦᠮᠵᠢ | ᠢᠯᠡᠳᠲᠡ ᠪᠣᠯᠪᠠ᠃ ᠵᠢᠱᠢᠯᠲᠡ ᠪᠠᠷ ᠪᠥᠬᠦ ᠠᠶᠢᠮᠠᠭ ᠤᠨ ᠡᠨᠧᠷᠭᠢ ᠶᠢᠨ ᠪᠤᠰᠤ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠡᠵᠡᠯᠡᠬᠦ ᠬᠠᠷᠢᠴᠠᠯ ᠢ 2.5 ᠵᠠᠭᠤᠨ ᠤ ᠬᠤᠪᠢ ᠪᠠᠷ ᠳᠡᠬᠡᠭᠰᠢᠯᠡᠭᠦᠯᠵᠣ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ 28% ᠪᠠᠷ ᠨᠡᠮᠡᠭᠳᠡᠬᠦᠯᠵᠣ᠂ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠢ 29.5% ᠪᠠᠷ ᠨᠡᠮᠡᠭᠳᠡᠭᠦᠯᠪᠡ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢ 623 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠣ᠂ 1968 ᠲᠦᠮᠡᠨ ᠺᠢᠯᠣᠸᠠᠲ ᠲᠤ | ᠬᠦᠷᠭᠡᠵᠣ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 56% ᠶᠢ ᠡᠵᠡᠯᠡᠨ᠂ ᠪᠥᠬᠦ | ᠣᠷᠣᠨ ᠳᠤ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠨᠢ ᠢᠯᠴᠢ ᠶᠢᠨ ᠴᠠᠬᠢᠯᠭᠠᠨ | ᠠᠴᠠ ᠳᠠᠪᠠᠭᠤᠯᠣᠭᠰᠠᠨ ᠢ ᠤᠷᠢᠳᠠᠪᠠᠷ ᠪᠡᠶᠡᠯᠡᠭᠦᠯᠵᠣ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ | ᠪᠠ ᠴᠠᠬᠢᠯᠭᠠᠨ ᠭᠠᠷᠭᠠᠬᠤ ᠬᠡᠮᠵᠢᠶ᠎ᠡ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ᠤᠯᠤᠰ ᠤᠨ ᠡᠨᠧᠷᠭᠢ ᠶᠢᠨ | ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠵᠢᠯ ᠤᠨ ᠲᠦᠭᠦᠬᠡᠶ ᠨᠡᠭᠦᠷᠡᠰᠦᠨ ᠤ ᠭᠠᠷᠤᠯᠲᠠ | ᠶᠢ 1.37 ᠳ᠋ᠦᠩᠰᠢᠭᠤᠷ ᠲᠣᠨ ᠳᠤ ᠬᠦᠷᠭᠡᠵᠣ᠂ 0.9 % ᠪᠠᠷ ᠨᠡᠮᠡᠭᠳᠡᠭᠦᠯᠵᠣ᠂ ᠴᠠᠬᠢᠯᠭᠠᠨ ᠭᠠᠷᠭᠠᠬᠤ ᠬᠡᠮᠵᠢᠶ᠎ᠡ | ᠶᠢ 1007 ᠳ᠋ᠦᠩᠰᠢᠭᠤᠷ ᠭᠷᠠᠳᠦ᠋ᠰ ᠲᠤ ᠬᠦᠷᠭᠡᠵᠣ᠂ 11% ᠪᠠᠷ ᠨᠡᠮᠡᠭᠳᠡᠭᠦᠯᠪᠡ᠂ ᠡᠭᠦᠨ ᠳᠤ ᠭᠠᠳᠠᠭᠰᠢ | ᠬᠦᠷᠭᠡᠭᠰᠡᠨ ᠨᠡᠭᠦᠷᠡᠰᠦ ᠶᠢ 7560 ᠲᠦᠮᠡᠨ ᠲᠣᠨ᠂ ᠭᠠᠳᠠᠭᠰᠢ ᠬᠦᠷᠭᠡᠭᠰᠡᠨ ᠴᠠᠬᠢᠯᠭᠠᠨ ᠢ 812 ᠳ᠋ᠦᠩᠰᠢᠭᠤᠷ | ᠭᠷᠠᠳᠦ᠋ᠰ ᠲᠤ ᠬᠦᠷᠭᠡᠵᠣ᠂ ᠴᠥᠮ ᠪᠥᠬᠦ ᠣᠷᠣᠨ ᠤ ᠬᠤᠶᠠᠳᠤᠭᠠᠷ ᠲᠤ ᠪᠠᠶᠢᠷᠢᠯᠠᠭᠤᠯᠪᠠ᠃ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠶ | ᠪᠠᠶᠢᠵᠤ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠪᠠ ᠬᠦᠨᠳᠦ ᠠᠴᠢᠶᠠᠨ ᠤ | ᠮᠠᠰᠢᠨ ᠤ ᠯᠢᠲ᠋ᠢ ᠶᠢᠨ ᠴᠠᠬᠢᠯᠭᠠᠨ ᠴᠡᠨᠡᠭ᠂ ᠪᠢᠯᠢᠭ ᠲᠦᠢᠯ ᠤᠨ ᠮᠠᠲ᠋ᠧᠷᠢᠶᠠᠯ᠂ ᠨᠠᠷᠠ ᠰᠠᠯᠬᠢᠨ ᠤ ᠡᠨᠧᠷᠭᠢ ᠪᠠᠷ | ᠤᠰᠤᠲᠥ᠋ᠷᠥᠭᠴᠢ ᠥᠢᠯᠡᠳᠬᠦ᠂ ᠴᠢᠨᠠᠷ ᠰᠠᠶᠢᠲᠠᠢ ᠥᠨᠳᠥᠷ ᠠᠴᠢᠶᠠᠯᠠᠭᠴᠢ ᠡᠨᠧᠷᠭᠢ ᠵᠡᠷᠭᠡ ᠨᠢᠭᠡ ᠪᠦᠯᠦᠭ ᠠᠵᠤ | ᠦᠢᠯᠡᠰ ᠤᠨ ᠬᠤᠭᠤᠰᠣᠨ ᠢ ᠨᠥᠬᠦᠪᠥᠷᠢᠯᠡᠬᠦ ᠦᠯᠡᠮᠵᠢ ᠤᠯᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ | ᠠᠵᠢᠯ ᠡᠬᠢᠯᠡᠭᠦᠯᠬᠦ ᠪᠤᠶᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ︽ᠰᠢᠯᠢ ᠶᠢᠨ ᠭᠤᠤᠯ | ᠬᠤᠨᠢ︾ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽2023 ᠣᠨ ᠤ ᠲᠠᠷᠢᠶᠠᠯᠠᠩ ᠤᠨ ᠨᠠᠷᠠᠲᠤ ᠲᠥᠷᠥᠯ | ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ︾ ᠳᠤ ᠰᠣᠩᠭᠤᠭᠳᠠᠨ ᠣᠷᠣᠵᠤ᠂ 31.5 | ᠲᠦᠮᠡᠨ ᠪᠡᠯᠴᠢᠭᠡᠷ ᠤᠨ ᠬᠤᠨᠢ ᠶᠢ ᠮᠥᠷᠳᠡᠨ ᠪᠠᠶᠢᠴᠠᠭᠠᠵᠤ᠂ ᠬᠤᠳᠠᠯᠳᠣᠨ ᠠᠪᠬᠤ ᠦᠨ᠎ᠡ ᠨᠢ ᠳᠤᠮᠳᠠᠴᠢ ᠪᠠᠷ ᠵᠠᠬ᠎ᠠ | ᠳᠡᠯᠭᠡᠭᠦᠷ ᠤᠨ ᠦᠨ᠎ᠡ ᠠᠴᠠ ᠵᠢᠩ ᠪᠦᠷᠢ ᠳᠤ ᠪᠠᠨ 1 ᠲᠥᠭᠦᠷᠢᠭ ᠥᠨᠳᠥᠷ ᠪᠠᠶᠢᠵᠤ᠂ ᠦᠢᠯᠡᠳᠬᠦᠨ ᠤ | ᠪᠣᠷᠣᠯᠠᠭᠤᠯᠭ᠎ᠠ ᠶᠢᠨ ᠦᠨ᠎ᠡ ᠶᠢ 8% ᠠᠴᠠ ᠳᠡᠭᠡᠭᠰᠢ ᠦᠰᠭᠡᠪᠡ᠃ ︽ᠰᠢᠯᠢ ᠶᠢᠨ ᠭᠤᠤᠯ ᠴᠠᠭᠠᠨ ᠢᠳᠡᠭᠡᠨ︾ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠯᠡ ᠨᠡᠶᠢᠲᠡᠯᠡᠵᠦ᠂ ᠤᠯᠤᠰ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠲᠦᠷᠦᠭᠦᠦ ᠪᠦᠯᠦᠭ ᠤᠨ ︽ᠮᠢᠩᠭᠠᠨ | ᠠᠵᠤ ᠠᠬᠤᠶᠢᠯᠠᠯ ᠵᠠᠭᠤᠨ ᠬᠤᠲᠠ︾ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠢ | ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠭᠤᠯᠵᠣ᠂ 17 ᠡᠵᠡᠩᠨᠡᠯᠲᠡ ᠶᠢᠨ ᠭᠤᠤᠯ | ᠴᠣᠭᠴᠠ ᠳᠤ ᠡᠷᠬᠡ ᠣᠯᠭᠤᠵᠤ᠂ 10 ᠭᠠᠷ ᠦᠢᠯᠡᠳᠪᠦᠷᠢ ᠶᠢᠨ ᠦᠢᠯᠡᠳᠬᠡᠯ ᠤᠨ ᠭᠠᠵᠠᠷ ᠢ ᠦᠢᠯᠡᠳᠪᠦᠷᠢᠯᠡᠯ ᠤᠨ | ᠠᠵᠤ ᠠᠬᠤᠶᠢᠯᠠᠯ ᠪᠣᠯᠭᠠᠨ ᠳᠡᠰ ᠳᠡᠪᠰᠢᠭᠦᠯᠪᠡ᠃ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠦᠷ᠎ᠡ | ᠪᠦᠲᠦᠮᠵᠢ ᠦᠷᠭᠦᠯᠵᠢᠯᠡᠨ ᠪᠠᠲᠤᠵᠢᠵᠤ᠂ ᠮᠠᠯᠵᠢᠯ ᠤᠨ ᠣᠨ ᠤ ᠮᠢᠬᠠᠨ ᠤ ᠦᠬᠡᠷ ᠤᠨ ᠲᠤᠭ᠎ᠠ ᠶᠢ 220 ᠲᠦᠮᠡ᠂ | ᠮᠢᠬᠠᠨ ᠤ ᠬᠤᠨᠢᠨ ᠤ ᠲᠤᠭ᠎ᠠ ᠶᠢ 1100 ᠲᠦᠮᠡ ᠳᠤ ᠭᠦᠷᠭᠡᠵᠣ᠂ ᠤᠯᠤᠰ ᠤᠨ ᠮᠢᠬᠠᠨ ᠤ ᠦᠬᠡᠷ ︵ᠬᠤᠸᠠᠰᠢ | ᠦᠬᠡᠷ︶ ᠤᠨ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ 1 ᠶᠢ ᠰᠢᠨ᠎ᠡ ᠪᠠᠷ ᠲᠣᠭᠲᠠᠭᠠᠪᠠ᠃ ᠥᠪᠥᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ | ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ᠂ ᠮᠢᠩᠭᠠᠨ | ᠭᠠᠵᠠᠷ ᠤᠨ ᠲᠦᠮᠡᠨ ᠬᠥᠮᠦᠨ ᠤ ᠮᠥᠰᠥ ᠴᠠᠰᠣ ᠶᠢ ᠳᠣᠭᠤᠯᠬᠤ ᠵᠡᠷᠭᠡ ᠰᠢᠷᠢᠰ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠪᠦᠬᠦ ᠵᠢᠯ ᠳᠤ ᠳᠣᠭᠤᠰᠢᠯᠠᠭᠤᠯᠵᠣ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ | ᠵᠢᠭᠤᠯᠴᠢᠯᠠᠯ ᠤᠨ ᠲᠣᠭᠤᠷᠢᠯ ᠱᠤᠭᠤᠮ ᠢ ᠠᠩᠬᠠᠳᠣᠭᠠᠷ ᠣᠳᠠᠭ᠎ᠠ ᠡᠷᠬᠢᠯᠡᠵᠣ᠂ ᠵᠢᠦ ᠴᠢᠦᠶ ᠸᠠᠨ ᠦᠵᠡᠮᠵᠢ ᠶᠢᠨ | ᠣᠷᠣᠨ ᠢ ᠤᠯᠤᠰ ᠤᠨ 5 A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠪᠠᠷ ᠰᠣᠶᠣᠯ | ᠵᠢᠭᠤᠯᠴᠢᠯᠠᠯ ᠤᠨ ᠶᠠᠮᠤᠨ ᠳᠤ ᠮᠡᠳᠡᠭᠦᠯᠵᠣ᠂ ᠲᠤᠯᠤᠨ ᠨᠠᠭᠤᠷ ᠤᠨ ᠦᠵᠡᠮᠵᠢ ᠶᠢᠨ ᠣᠷᠣᠨ ᠢ ᠥᠪᠡᠷᠲᠡᠭᠡᠨ ᠵᠠᠰᠠᠬᠤ | ᠣᠷᠣᠨ ᠤ ᠳᠡᠰ ᠤᠨ ᠵᠤᠭᠠᠴᠠᠯ ᠤᠨ ᠣᠷᠣᠨ ᠪᠣᠯᠭᠠᠨ ᠪᠠᠶᠢᠭᠤᠯᠵᠤ᠂ ᠪᠦᠬᠦ ᠠᠶᠢᠮᠠᠭ ᠢᠶᠠᠷ ᠢᠶᠠᠨ 1630 ᠲᠦᠮᠡᠨ | ᠬᠥᠮᠦᠨ ᠣᠳᠠᠭᠠᠨ ᠤ ᠵᠤᠭᠠᠴᠠᠭᠰᠠᠳ ᠢ ᠬᠦᠯᠢᠶᠡᠨ ᠠᠪᠴᠤ᠂ 218 ᠳ᠋ᠦᠩᠰᠢᠭᠤᠷ ᠲᠥᠭᠦᠷᠢᠭ ᠤᠨ | ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠪᠠ᠃ ᠦᠳᠡᠰᠢ ᠶᠢᠨ ᠠᠵᠤ ᠠᠬᠤᠶ ᠪᠠ ᠳᠡᠯᠭᠡᠭᠦᠷ ᠤᠨ ᠭᠠᠳᠠᠨᠠᠬᠢ ᠠᠵᠤ | ᠠᠬᠤᠶ ᠶᠢ ᠵᠣᠷᠢᠭᠵᠢᠭᠤᠯᠤᠨ ᠬᠥᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠬᠦᠯᠵᠣ᠂ ᠬᠡᠷᠡᠭᠯᠡᠭᠡ ᠶᠢ | ᠠᠬᠢᠭᠤᠯᠬᠤ ᠰᠢᠷᠢᠰ ᠠᠵᠢᠯᠯᠠᠭ᠎ᠠ ᠶᠢ ᠮᠢᠩᠭ᠎ᠠ ᠰᠢᠬᠠᠮ ᠤᠳᠠᠭ᠎ᠠ ᠥᠷᠨᠢᠭᠦᠯᠵᠦ᠂ 10 ᠳ᠋ᠦᠩᠰᠢᠭᠤᠷ ᠲᠥᠭᠦᠷᠢᠭ ᠠᠴᠠ | ᠳᠡᠭᠡᠭᠰᠢ ᠬᠡᠷᠡᠭᠯᠡᠭᠡ ᠶᠢ ᠲᠠᠶᠢᠴᠢᠯᠠᠪᠠ᠃ ᠵᠢᠱᠢᠯᠲᠡ ᠪᠠᠷ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 4.5 % ᠪᠠᠷ ᠨᠡᠮᠡᠭᠳᠡᠭᠦᠯᠪᠡ᠃ | ᠭᠤᠷᠪᠠ ᠳᠤ ᠠᠮᠢ ᠠᠬᠤᠢ ᠶᠢᠨ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠦᠨ ᠥᠷᠭᠡᠳᠬᠡᠪᠡ᠃ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ | ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠳᠠᠭᠤᠰᠬᠠᠵᠤ᠂ 109. | 5 ᠲᠦᠮᠡᠨ ᠮᠥ ᠡᠯᠡᠰᠦᠷᠬᠡᠭ ᠭᠠᠵᠠᠷ ᠢ ᠵᠠᠰᠠᠵᠤ᠂ 33 ᠲᠦᠮᠡᠨ ᠮᠤ᠋ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ | ᠠᠬᠤᠢ ᠶᠢ ᠵᠠᠰᠠᠨ ᠰᠡᠷᠭᠦᠭᠡᠵᠦ᠂ 34.38 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠪᠡ᠃ 4.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠭᠤᠷᠬᠠᠶ ᠮᠠᠯᠲᠠᠬᠤ | ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠠᠭᠤᠷᠬᠠᠶ ᠶᠢ ᠨᠡᠶᠢᠳᠡ 31.4 ᠬᠠᠪᠳᠠᠭᠠᠢ | ᠳᠥᠷᠪᠡᠯᠵᠢᠨ ᠺᠢᠯᠣᠮᠧᠲᠷ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ | ᠠᠵᠢᠯ ᠢᠶᠠᠨ ᠦᠨᠳᠦᠰᠦᠨ ᠳᠤ ᠪᠠᠨ ᠪᠡᠶᠡᠯᠡᠭᠦᠯᠪᠡ᠃ ︽ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠠᠬᠢᠭᠤᠯᠵᠤ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠲᠤᠬᠠᠶ | ᠠᠵᠢᠯᠯᠠᠭᠠᠨ ᠤ ᠲᠥᠰᠦᠯ︾ ᠪᠠ ᠪᠡᠯᠴᠢᠭᠡᠷ ᠰᠡᠷᠭᠦᠭᠡᠵᠣ ᠪᠡᠯᠴᠢᠭᠡᠷᠯᠡᠭᠦᠯᠬᠦ ᠶᠢ ᠵᠣᠭᠰᠣᠭᠠᠬᠤ ᠵᠢᠴᠢ ᠰᠢᠯᠭᠠᠨ | ᠬᠤᠷᠢᠶᠠᠬᠤ ᠠᠵᠢᠯ ᠤᠨ ᠲᠥᠰᠦᠯ ᠲᠣᠭᠲᠠᠭᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠪᠠ ᠲᠦᠷᠢᠮ | ᠠᠴᠠ ᠵᠦᠷᠢᠴᠡᠨ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠪᠠᠨ ᠤᠯᠠᠮ ᠲᠡᠭᠦᠯᠳᠡᠷᠵᠢᠭᠦᠯᠪᠡ᠃ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠥᠬᠦ | ᠣᠷᠣᠨ ᠤ ᠲᠡᠷᠢᠬᠦᠨ ᠳᠤ ᠲᠣᠭᠳᠠᠭᠤᠨ ᠪᠠᠶᠢᠷᠢᠯᠠᠵᠣ᠂ 4 ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ | ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ ᠬᠦᠷᠭᠡᠵᠦ ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ | ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠲᠥᠪ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ | ᠰᠠᠶᠢᠵᠢᠷᠠᠭᠤᠯᠬᠤ ᠡᠭᠦᠷᠭᠡ ᠪᠠᠨ ᠪᠦᠬᠦᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ ᠨᠢ ᠳᠣᠯᠣᠳᠤᠭᠠᠷ | ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ | ᠨᠡᠷᠡᠶᠢᠳᠦᠭᠳᠡᠵᠣ᠂ ᠤᠯᠠᠭᠠᠶ ᠬᠠᠮᠢᠶᠠᠷᠤᠯᠲᠠ ᠶᠢᠨ ᠣᠷᠣᠨ᠂ ᠲᠤᠯᠤᠨ ᠨᠣᠣᠷ ᠰᠢᠶᠠᠨ ᠲᠣᠰ ᠲᠣᠰ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠣᠷᠣᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ | ᠳᠦᠷᠪᠡ ᠳᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ | ᠰᠢᠪᠲᠤᠯᠤᠯᠲᠠ ᠲᠠᠢ ᠪᠣᠯᠪᠠ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠵᠤ᠂ ᠰᠢᠯᠤᠭᠤᠨ ᠬᠥᠬᠡ ᠬᠤᠰᠢᠭᠤᠨ ᠠᠴᠠ ᠰᠢᠯᠢ ᠶᠢᠨ ᠬᠤᠲᠠ ᠬᠥᠷᠬᠦ ᠬᠡᠰᠡᠭ ᠤᠨ ᠲᠡᠮᠦᠷ | ᠵᠠᠮ ᠢ ᠴᠠᠬᠢᠯᠭᠠᠨᠵᠢᠭᠤᠯᠤᠨ ᠨᠡᠪᠲᠡᠷᠡᠭᠦᠯᠪᠡ︔ ᠵᠢᠨᠢᠩ ᠠᠴᠠ ᠲᠦᠩᠯᠢᠶᠣᠣ ᠭᠦᠷᠬᠦ ᠲᠡᠮᠦᠷ ᠵᠠᠮ ᠤᠨ | ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠤᠩᠬᠤᠨ ᠠᠴᠠ ᠮᠦᠩᠭᠦᠨᠳᠠᠯᠠ ᠬᠦᠷᠬᠦ ᠬᠡᠰᠡᠭ ᠲᠤ | ᠲᠡᠷᠭᠡ ᠨᠡᠪᠳᠡᠷᠡᠭᠦᠯᠪᠡ᠃ ᠵᠠᠰᠠᠮᠠᠯ ᠵᠠᠮ ᠤᠨ ᠲᠥᠷᠥᠯ ᠵᠦᠢᠯ ᠳᠤ 23 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠣ᠂ ᠤᠯᠤᠰ ᠤᠨ ᠵᠠᠮ ᠤᠨ 5511 ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ | ᠂ ᠤᠯᠤᠰ ᠤᠨ ᠵᠠᠮ ᠤᠨ 331ᠱᠤᠭᠤᠮ ᠤᠨ ᠠᠷᠤ ᠨᠠᠭᠤᠷ ᠤᠨ ᠪᠥᠳᠥᠭᠦᠨ ᠠᠴᠠ ᠤᠯᠢᠶᠠᠰᠤᠲᠠᠢ ᠬᠦᠷᠬᠦ ᠬᠡᠰᠡᠭ | ᠵᠡᠷᠭᠡ ᠤᠯᠤᠰ ᠤᠨ ᠪᠠ ᠮᠤᠵᠢ ᠶᠢᠨ ᠵᠠᠰᠠᠮᠠᠯ ᠵᠠᠮ ᠤᠨ 4 ᠵᠤᠷᠪᠤᠰ ᠭᠤᠣᠯ ᠴᠣᠭᠴᠠ ᠶᠢ ᠨᠡᠪᠲᠡᠷᠡᠭᠦᠯᠵᠦ᠂ | ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ ᠬᠡᠰᠡᠭ ᠵᠡᠷᠭᠡ | 2 ᠵᠤᠷᠪᠤᠰ ᠰᠢᠨ᠎ᠡ ᠪᠠᠷ ᠵᠠᠰᠠᠭᠰᠠᠨ ᠵᠠᠰᠠᠮᠠᠯ ᠵᠠᠮ ᠪᠠ ᠤᠯᠤᠰ ᠤᠨ ᠵᠠᠮ ᠤᠨ 303 ᠱᠤᠭᠤᠮ ᠤᠨ ᠠᠴᠢᠨ᠋ᠭᠤᠯᠠ ᠠᠴᠠ | ᠰᠢᠯᠢ ᠶᠢᠨ ᠬᠤᠲᠠ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠪᠠᠨ ᠡᠬᠢᠯᠡᠭᠦᠯᠵᠦ᠂ 633 | ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠦᠷᠭᠦᠯᠵᠢᠯᠡᠨ ᠵᠠᠰᠠᠪᠠ᠃ ᠰᠢᠯᠢ ᠶᠢᠨ | ᠬᠤᠲᠠ ᠶᠢᠨ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ | ᠢᠨᠵᠧᠨᠧᠷᠢᠩ ︵ᠨᠢᠭᠡᠳᠦᠭᠡᠷ ᠪᠠᠷᠢᠮᠵᠢᠶᠠᠲᠤ ᠬᠡᠰᠡᠭ︶ ᠤᠨ ᠪᠠᠷᠢᠯᠭ᠎ᠠ ᠳᠠᠭᠤᠰᠣᠨ ᠰᠢᠯᠭᠠᠨ ᠬᠤᠷᠢᠶᠠᠵᠤ᠂ ᠪᠠᠷᠠᠭᠤᠨ | ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠥᠬᠦ | ᠠᠶᠢᠮᠠᠭ ᠤᠨ ᠨᠢᠰᠬᠡᠯ ᠤᠨ ᠪᠠᠭᠤᠳᠠᠯ ᠤᠨ ᠠᠶᠠᠨᠴᠢᠳ ᠤᠨ ᠵᠠᠮᠨᠠᠭᠰᠠᠨ ᠬᠡᠮᠵᠢᠶ᠎ᠡ ᠶᠢ 124 ᠲᠦᠮᠡᠨ ᠬᠥᠮᠦᠨ ᠤᠳᠠᠭ᠎ᠠ | ᠳᠤ ᠬᠦᠷᠭᠡᠵᠣ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠵᠠᠭᠤᠨ ᠲᠦᠮᠡᠨ ᠲᠠᠰ ᠤᠨ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠡᠩᠨᠡᠭᠡᠨ ᠳᠤ ᠣᠷᠣᠭᠤᠯᠪᠠ᠃ ᠴᠠᠬᠢᠯᠭᠠᠨ ᠲᠣᠣᠷ ᠤᠨ | ᠢᠨᠵᠧᠨᠧᠷᠢᠩ ᠤᠨ ᠪᠡᠯᠡ ᠣᠷᠣᠭᠤᠯᠤᠯᠲᠠ 22 ᠳ᠋ᠦᠩᠰᠢᠭᠤᠷ ᠲᠥᠭᠦᠷᠢᠭ ᠢ ᠳᠠᠪᠠᠵᠤ᠂ ᠢᠯᠠᠯᠲᠠ ᠠᠴᠠ ᠵᠠᠩᠪᠸᠢ | ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠨᠡᠪᠲᠡᠷᠡᠬᠦ ᠵᠠᠮ ᠢ ᠡᠬᠢᠯᠡᠨ ᠪᠦᠳᠦᠭᠡᠨ ᠪᠠᠶᠢᠭᠤᠯᠵᠤ᠂ 400 | ᠲᠦᠮᠡᠨ ᠺᠢᠯᠣᠸᠠᠲ ᠤᠨ ᠰᠢᠨ᠎ᠡ ᠡᠨᠧᠷᠭᠢ ᠬᠦᠷᠭᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠪᠣᠯᠠᠭ᠂ | ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 6 ᠰᠠᠭᠤᠷᠢ 500 ᠺᠢᠯᠣᠸᠠᠲ ᠤᠨ ᠴᠠᠬᠢᠯᠭᠠᠨ ᠬᠤᠪᠢᠰᠬᠠᠬᠤ | ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠢᠯᠢ ᠶᠢᠨ ᠬᠤᠳᠠ ᠶᠢᠨ ᠪᠠᠷᠠᠭᠤᠨ | ᠬᠡᠰᠡᠭ ᠠᠴᠠ ᠰᠦᠨᠢᠳ ᠵᠡᠭᠦᠨ ᠬᠤᠰᠢᠭᠤ ᠬᠦᠷᠬᠦ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠲᠣᠭᠤᠷᠢᠯ ᠵᠠᠮ ᠢ ᠡᠬᠢᠯᠡᠨ ᠪᠦᠳᠦᠭᠡᠨ ᠪᠠᠶᠢᠭᠤᠯᠵᠤ᠂ 47 ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠬᠢᠯᠢ ᠬᠢᠵᠠᠭᠠᠷ ᠤᠨ 1866 | ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠪᠡᠶᠡᠯᠡᠭᠦᠯᠪᠡ᠃ 4434 ᠮᠠᠯᠵᠢᠬᠤ ᠲᠠᠷᠢᠶᠠᠯᠠᠬᠤ | ᠡᠷᠦᠬᠡ ᠳᠤ ᠥᠷᠭᠡᠨ ᠪᠦᠰᠡᠲᠦ ᠰᠦᠯᠵᠢᠶ᠎ᠡ ᠣᠭᠰᠠᠷᠠᠵᠣ᠂ ᠪᠥᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠳᠤ | ᠴᠢᠮᠡᠭᠡ ᠬᠤᠯᠪᠤᠭ᠎ᠠ ᠪᠥᠬᠦᠨ ᠢ ᠨᠡᠪᠲᠡᠷᠡᠭᠦᠯᠬᠦ ᠶᠢ ᠡᠩ ᠲᠡᠷᠢᠭᠦᠨ ᠳᠤ ᠬᠡᠷᠡᠭᠵᠢᠭᠦᠯᠬᠦ ᠶᠢᠨ ᠬᠠᠮᠲᠤ ᠪᠡᠶᠡᠯᠡᠭᠦᠯᠪᠡ᠃ | ᠮᠠᠯᠵᠢᠬᠤ ᠲᠠᠷᠢᠶᠠᠯᠠᠬᠤ ᠣᠷᠣᠨ ᠤ ᠲᠦᠮᠡ ᠰᠢᠬᠠᠮ ᠬᠥᠮᠦᠨ ᠳᠤ ᠤᠰᠤ ᠣᠮᠳᠠ ᠬᠠᠩᠭᠠᠬᠤ ᠪᠠᠲᠤᠯᠠᠭ᠎ᠠ ᠶᠢ | ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠬᠤ ᠪᠠᠯᠠ ᠮᠥᠩᠭᠦ ᠶᠢ 6.56 ᠳ᠋ᠦᠩᠰᠢᠭᠤᠷ ᠲᠥᠭᠦᠷᠢᠭ ᠣᠷᠣᠭᠤᠯᠵᠤ᠂ 233 ᠲᠥᠷᠥᠯ ᠵᠦᠢᠯ ᠢ | ᠬᠡᠷᠡᠭᠵᠢᠭᠦᠯᠦᠨ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 81.8% ᠳᠤ ᠭᠦᠷᠭᠡᠪᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠶᠡᠬᠡᠪᠡᠷ | ᠬᠡᠷᠡᠭᠵᠢᠭᠦᠯᠵᠦ᠂ ᠪᠡᠭᠡᠵᠢᠩ ᠤᠨ 1.5 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ | ᠪᠣᠳᠠᠲᠠᠶᠢᠵᠢᠭᠤᠯᠵᠤ᠂ 68 ᠲᠥᠷᠥᠯ ᠵᠦᠢᠯ ᠢ ᠬᠡᠷᠡᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ 91 ᠬᠡᠷᠡᠭᠵᠢᠭᠦᠯᠵᠦ᠂ 2.9 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠪᠠ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ᠂ ᠲᠡᠵᠢᠭᠡᠯ | ᠡᠪᠡᠰᠦ ᠪᠣᠷᠳᠤᠭ᠎ᠠ ᠨᠥᠭᠡᠴᠡᠯᠡᠵᠦ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠪᠠᠷ ᠴᠥᠮ ᠢᠯᠡᠳᠲᠡ ᠦᠷ᠎ᠡ ᠪᠦᠲᠦᠮᠵᠢ | ᠣᠯᠪᠠ᠃ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠢ ᠨᠠᠮ ᠤᠨ ᠲᠥᠪ | ᠬᠤᠷᠢᠶᠠᠨ ᠤ ᠠᠯᠪᠠᠨ ᠭᠡᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠰᠠᠶᠢᠰᠢᠶᠠᠨ | ᠬᠥᠬᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠠᠴᠠ ᠨᠡᠶᠢᠲᠡᠯᠢᠭ | ᠬᠡᠷᠡᠭ ᠤᠨ ᠵᠢᠱᠢᠶ᠎ᠡ ᠪᠠᠷ ᠪᠦᠬᠦ ᠤᠯᠤᠰ ᠲᠤ ᠳᠡᠯᠭᠡᠷᠡᠭᠦᠯᠪᠡ᠃ | ᠲᠠᠪᠤ ᠳᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 3.0 | ᠠᠵᠢᠯᠯᠠᠭᠠᠨ ᠤ ᠲᠥᠰᠦᠯ ᠤᠨ 181ᠲᠦᠷᠦᠯ ᠤᠨ ᠡᠭᠦᠷᠭᠡ ᠪᠠᠨ ᠪᠦᠬᠦᠨ ᠢ ᠪᠡᠶᠡᠯᠡᠭᠦᠯᠪᠡ᠃ ︽ᠬᠤᠶᠠᠷ ᠰᠢᠯᠢᠳᠡᠭ︾ | ᠤᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ | 36.5% ᠪᠠᠷ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 35.2% ᠢᠶᠠᠷ ᠴᠣᠮᠬᠠᠳᠬᠠᠪᠠ᠃ | ︽ᠮᠥᠩᠬᠡ ᠰᠤᠪᠠᠭ︾ ᠨᠢ 806 ᠲᠥᠷᠥᠯ ᠤᠨ ᠣᠨᠴᠠᠯᠢᠭᠲᠤ ᠬᠡᠷᠡᠭᠯᠡᠯᠲᠡ ᠶᠢ ᠬᠤᠷᠠᠮᠳᠤᠭᠤᠯᠵᠤ᠂ ᠪᠥᠬᠦ | ᠣᠷᠣᠨ ᠤ ᠲᠡᠷᠢᠭᠦᠨ ᠳᠤ ᠪᠠᠶᠢᠷᠢᠯᠠᠭᠤᠯᠪᠠ︔ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠪᠠ ᠪᠥᠬᠦ | ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ ᠲᠣᠰ ᠲᠣᠰ 97% ᠪᠠ 88% ᠳᠤ ᠬᠦᠷᠦᠭᠦᠯᠵᠦ᠂ | ᠪᠣᠳᠠᠲᠠᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 70% ᠳᠤ ᠬᠦᠷᠦᠭᠦᠯᠵᠦ᠂ ᠪᠥᠬᠦ ᠣᠷᠣᠨ ᠤ ᠡᠮᠦᠨ᠎ᠡ | ᠡᠩᠨᠡᠭᠡᠨ ᠳᠤ ᠪᠠᠶᠢᠷᠢᠯᠠᠭᠤᠯᠪᠠ︔ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ | ᠠᠵᠢᠯ ᠪᠦᠬᠦᠨ ᠢ ᠬᠠᠮᠤᠷᠬᠤ ᠶᠢ ᠪᠡᠶᠡᠯᠡᠭᠦᠯᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ | ᠤᠲᠠᠰᠤ ᠪᠠᠷ ᠨᠡᠶᠢᠲᠡ 29 ᠲᠦᠮᠡᠨ ᠠᠵᠢᠯ ᠤᠨ ᠬᠠᠭᠤᠳᠠᠰᠤ ᠶᠢ ᠭᠦᠢᠴᠡᠳᠬᠡᠨ ᠳᠠᠭᠤᠰᠬᠠᠵᠤ᠂ ᠲᠣᠰᠬᠠᠯ ᠤᠨ | ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠨᠤᠮᠵᠢ ᠶᠢᠨ ᠨᠣᠷᠮ᠎ᠠ ᠶᠢ ᠴᠥᠮ ᠪᠥᠬᠦ ᠣᠷᠣᠨ ᠤ ᠡᠮᠦᠨ᠎ᠡ | ᠡᠩᠨᠡᠭᠡᠨ ᠳᠤ ᠪᠠᠶᠢᠷᠢᠯᠠᠭᠤᠯᠪᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ 26 | ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 76 ᠳᠤᠮᠳᠠ ᠵᠢᠵᠢᠭ ᠠᠵᠤ ᠠᠬᠤᠶᠢᠯᠠᠯ ᠢ | ᠬᠢᠨᠠᠨ ᠦᠨᠡᠯᠡᠵᠦ ᠬᠥᠮᠥᠷᠭᠡᠯᠡᠵᠦ᠂ ︽ᠬᠤᠣᠰ ᠳᠠᠬᠢᠨ ᠢᠶᠠᠷ ᠨᠡᠮᠡᠭᠳᠡᠭᠦᠯᠬᠦ︾ ᠬᠠᠷᠠᠯᠲᠠ ᠪᠠᠨ ᠳᠠᠪᠠᠭᠤᠯᠤᠨ | ᠪᠡᠶᠡᠯᠡᠭᠦᠯᠪᠡ︔ ᠰᠢᠨ᠎ᠡ ᠪᠠᠷ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ 17 ᠪᠠᠶᠢᠵᠤ᠂ ᠶᠡᠷᠦᠩᠬᠡᠢ ᠲᠤᠭ᠎ᠠ ᠶᠢ 42 ᠲᠤ ᠬᠦᠷᠭᠡᠵᠦ᠂ 68% ᠪᠠᠷ | ᠨᠡᠮᠡᠭᠳᠡᠭᠦᠯᠪᠡ᠃ ᠡᠷᠢᠶᠡᠨ ᠬᠤᠲᠠ — ᠵᠠᠮ ᠤᠨ ᠡᠭᠦᠳᠡ ᠶᠢᠨ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ᠪᠠᠶᠢᠭᠤᠯᠬᠤ ᠵᠦᠪᠰᠢᠶᠡᠷᠡᠯ ᠠᠪᠬᠤ ᠳᠤ ᠤᠯᠤᠰ ᠤᠨ ᠬᠠᠮᠢᠶ᠎ᠠ ᠪᠥᠬᠦᠶ ᠶᠠᠮᠤᠨ | ᠵᠥᠪᠯᠡᠯ ᠤᠨ ᠬᠠᠮᠲᠤᠷᠠᠨ ᠭᠠᠷ ᠤᠨ ᠥᠰᠥᠭ ᠵᠢᠷᠤᠬᠤ ᠶᠢ ᠪᠡᠶᠡᠯᠡᠭᠦᠯᠵᠦ᠂ ᠡᠷᠢᠶᠡᠨ ᠬᠤᠲᠠ ᠶᠢᠨ ᠬᠢᠯᠢ ᠶᠢᠨ | ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠢᠮᠠᠭᠠᠨ ᠨᠣᠣᠯᠣᠷ᠂ | ᠮᠠᠭᠠᠯᠢᠩᠭᠤ ᠶᠢᠨ ᠦᠷ᠎ᠡ ᠵᠡᠷᠭᠡ ᠭᠠᠳᠠᠭᠠᠳᠤ ᠠᠴᠠ ᠣᠷᠣᠭᠤᠯᠤᠭᠰᠠᠨ ᠣᠨᠴᠠᠯᠢᠭᠲᠤ ᠲᠠᠸᠠᠷ ᠤᠨ ᠭᠠᠳᠠᠭᠠᠳᠣ | ᠠᠷᠠᠯᠵᠢᠶᠠᠨ ᠤ ᠰᠣᠯᠢᠯᠴᠠᠭᠠᠨ ᠤ ᠵᠠᠮ ᠨᠡᠭᠡᠭᠡᠬᠦ ᠶᠢ ᠪᠡᠶᠡᠯᠡᠭᠦᠯᠵᠦ᠂ ᠵᠡᠭᠦᠨ ᠬᠠᠲᠠᠪᠴᠢ ᠪᠣᠭᠤᠮᠲᠠ ᠶᠢ ᠥᠪᠡᠷᠲᠡᠭᠡᠨ | ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠬᠢᠯᠢ ᠶᠢᠨ ᠪᠣᠭᠤᠮᠲᠠ ᠳᠤ ᠵᠢᠭᠰᠠᠭᠠᠨ ᠣᠷᠣᠭᠤᠯᠪᠠ᠃ | ᠪᠥᠬᠦ ᠠᠶᠢᠮᠠᠭ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ 2195 ᠲᠦᠮᠡᠨ ᠲᠣᠨ ᠳᠤ ᠭᠦᠷᠭᠡᠵᠣ᠂ 53.4 % ᠪᠠᠷ ᠨᠡᠮᠡᠭᠳᠡᠭᠦᠯᠦᠨ᠂ ᠬᠢᠯᠢ ᠪᠠᠷ ᠣᠷᠣᠵᠤ | ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ 3294 ᠴᠤᠪᠤᠭ᠎ᠠ ᠳᠤ ᠭᠦᠷᠭᠡᠵᠣ᠂ 30.8 | % ᠪᠠᠷ ᠨᠡᠮᠡᠭᠳᠡᠭᠦᠯᠪᠡ︔ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠷᠭᠠᠭᠰᠠᠨ ᠶᠡᠷᠦᠩᠬᠡᠶ ᠲᠤᠭ᠎ᠠ ᠶᠢ 115 ᠳ᠋ᠦᠩᠰᠢᠭᠤᠷ ᠲᠥᠭᠦᠷᠢᠭ ᠲᠤ ᠭᠦᠷᠭᠡᠵᠣ᠂ 62 % ᠢᠶᠠᠷ | ᠨᠡᠮᠡᠭᠳᠡᠭᠦᠯᠪᠡ᠃ | ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠪᠡ᠃ | ᠵᠢᠱᠢᠯᠲᠡ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ | ᠣᠷᠣᠯᠭ᠎ᠠ ᠶᠢ ᠲᠣᠰ ᠲᠣᠰ 5% ᠪᠠ 7% ᠪᠠᠷ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠠᠷᠠᠳ ᠤᠨ ᠠᠮᠢᠳᠤᠷᠠᠯ ᠤᠨ 43 ᠪᠣᠳᠠᠲᠤ ᠶᠠᠪᠤᠳᠠᠯ ᠢᠶᠠᠨ ᠪᠦᠬᠦᠨ ᠢ ᠪᠡᠶᠡᠯᠡᠭᠦᠯᠪᠡ᠃ ᠪᠦᠬᠦ | ᠠᠶᠢᠮᠠᠭ ᠤᠨ ᠬᠤᠲᠠ ᠪᠠᠯᠭᠠᠰᠤᠨ ᠤ 1.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ 5789 ᠰᠢᠬᠠᠮ ᠰᠤᠷᠤᠭᠴᠢᠳ ᠲᠤ ᠠᠵᠢᠯ ᠣᠯᠭᠤᠪᠠ᠃ ᠪᠥᠬᠦ ᠠᠶᠢᠮᠠᠭ ᠤᠨ | ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ ᠪᠥᠬᠦ | ᠣᠷᠣᠨ ᠤ ᠳᠥᠷᠪᠡᠳᠦᠭᠡᠷ ᠲᠤ ᠪᠠᠶᠢᠷᠢᠯᠠᠵᠣ᠂ 600 ᠬᠤᠪᠢ ᠠᠴᠠ ᠳᠡᠭᠡᠭᠰᠢᠬᠢ ᠰᠢᠯᠭᠠᠭᠤᠯᠤᠭᠰᠠᠳ ᠤᠨ ᠲᠤᠭ᠎ᠠ ᠶᠢ | ᠥᠩᠭᠡᠷᠡᠭᠰᠡᠨ ᠵᠢᠯ ᠤᠨ ᠬᠢ ᠠᠴᠠ ᠳᠠᠬᠢᠨ ᠢᠶᠠᠷ ᠨᠡᠮᠡᠭᠳᠡᠭᠦᠯᠪᠡ᠃ 10 ᠬᠡᠦᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠤᠷᠭᠠᠭᠤᠯᠢ ᠶᠢᠨ ᠪᠠᠶᠢᠷᠢ ᠶᠢ ᠵᠠᠰᠠᠨ ᠪᠠᠬᠢᠵᠢᠬᠦᠯᠬᠦ ᠪᠠ ᠭᠠᠯ | ᠰᠡᠷᠭᠡᠶᠢᠯᠡᠨ ᠤᠨᠲᠠᠷᠠᠭᠠᠬᠤ ᠠᠵᠢᠯ ᠤᠨ ᠰᠢᠯᠭᠠᠨ ᠬᠤᠷᠢᠶᠠᠬᠤ ᠶᠢ ᠦᠨᠳᠦᠰᠦᠨ ᠳᠡᠭᠡᠨ ᠳᠠᠭᠤᠰᠬᠠᠪᠠ᠃ ᠮᠠᠨ ᠤ | ᠠᠶᠢᠮᠠᠭ ᠪᠥᠬᠦ ᠤᠯᠤᠰ ᠤᠨ ᠠᠩᠬᠠᠳᠠᠭᠴᠢ ᠪᠦᠯᠦᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ | ᠭᠤᠤᠯᠳᠠᠯᠭ᠎ᠠ ᠲᠠᠢ ᠬᠤᠲᠠ ᠶᠢᠨ ᠲᠤᠷᠰᠢᠯᠲᠠ ᠶᠢᠨ ᠴᠢᠭ ᠲᠤ ᠠᠮᠵᠢᠯᠲᠠ ᠲᠠᠢ ᠪᠠᠷ ᠰᠣᠩᠭᠤᠭᠳᠠᠪᠠ︔ ᠠᠶᠢᠮᠠᠭ ᠤᠨ | ᠲᠥᠪ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠲᠦᠷᠦᠯ ᠤᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠣᠯᠭᠠᠨ ᠳᠡᠰ ᠳᠡᠪᠰᠢᠭᠦᠯᠵᠦ᠂ ᠮᠠᠨ ᠤ ᠠᠶᠢᠮᠠᠭ ᠲᠤ ᠭᠤᠷᠪᠠᠳᠤᠭᠠᠷ ᠳᠡᠰ ᠤᠨ ᠬᠥᠬᠡ ᠲᠦᠷᠦᠯ ᠤᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠶᠢᠬᠤ ᠥᠬᠡᠶ ᠪᠠᠶᠢᠭᠰᠠᠨ ᠲᠡᠤᠬᠡ ᠶᠢ ᠡᠴᠦᠰᠯᠡᠭᠦᠯᠪᠡ︔ ᠠᠶᠢᠮᠠᠭ ᠤᠨ | ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯ ᠤᠨ ᠰᠠᠯᠠᠭᠠᠨ ᠤ ᠲᠤᠰᠬᠠᠶ ᠡᠪᠡᠳᠴᠢᠲᠡᠨ ᠤ ᠠᠰᠠᠷ ᠤᠨ | ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ | ᠬᠤᠷᠢᠶ᠎ᠠ ᠨᠢ ᠶᠠᠭ ᠭᠡᠷ ᠦᠷᠦᠭᠡ ᠪᠠᠨ ᠵᠠᠰᠠᠵᠤ ᠪᠣᠶ᠃ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠡᠭᠦᠷᠭᠡ | ᠪᠠᠨ ᠳᠠᠪᠠᠭᠤᠯᠤᠨ ᠪᠡᠶᠡᠯᠡᠭᠦᠯᠵᠦ᠂ ᠳᠥᠷᠪᠡᠨ ᠱᠠᠲᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠪᠠ᠃ ᠬᠦᠨᠳᠦ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠲᠦᠷᠢᠮ ᠢ ᠲᠣᠭᠲᠠᠭᠠᠨ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ ᠡᠪᠡᠳᠴᠢᠲᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠢᠯᠡᠳᠲᠡ ᠬᠥᠩᠭᠡᠷᠡᠭᠦᠯᠪᠡ᠃ ᠨᠠᠰᠤᠵᠢᠯ᠂ ᠡᠮᠴᠢᠯᠡᠭᠡ ᠶᠢᠨ ᠳᠠᠭᠠᠳᠬᠠᠯ | ᠵᠡᠷᠭᠡ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ | ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠪᠠᠷᠢᠮᠵᠢᠶ᠎ᠠ ᠪᠠᠨ ᠦᠷᠭᠦᠯᠵᠢᠯᠡᠨ ᠳᠡᠭᠡᠭᠰᠢᠯᠡᠭᠦᠯᠪᠡ᠃ 33 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠡᠭᠦᠷᠭᠡ ᠪᠠᠨ ᠪᠡᠶᠡᠯᠡᠭᠦᠯᠵᠦ᠂ ᠡᠬᠡ | ᠲᠠᠩᠰᠠᠨ ᠳᠠᠬᠢ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠢᠷᠡᠭᠰᠡᠨ ᠦᠨᠡᠮᠯᠡᠯ ᠬᠦᠢᠴᠡᠳᠭᠡᠬᠦ | ᠠᠰᠠᠭᠤᠳᠠᠯ ᠤᠨ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠡᠩᠰᠡᠯᠡᠯᠲᠡ ᠶᠢ 100% ᠳᠤ ᠬᠦᠷᠭᠡᠵᠦ᠂ | ᠬᠥᠳᠡᠯᠦᠩᠭᠦᠶ ᠪᠠᠷ ᠦᠭᠡᠶᠢᠰᠬᠡᠬᠦ ᠱᠠᠲᠤᠨ ᠳᠤ ᠰᠢᠯᠵᠢᠭᠦᠯᠦᠨ ᠣᠷᠣᠭᠤᠯᠪᠠ᠃ | ᠳᠣᠯᠤᠭ᠎ᠠ ᠳᠤ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠰᠣᠭᠤᠭ ᠢ ᠪᠦᠲᠦᠮᠵᠢᠲᠡᠶ | ᠰᠡᠷᠭᠡᠶᠢᠯᠡᠨ ᠡᠵᠡᠮᠳᠡᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ | ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠴᠠᠭᠳᠠᠭᠠᠨ ᠤ ᠠᠵᠢᠯ ᠳᠤ ︽ᠬᠤᠣᠰ ᠪᠠᠭᠤᠷᠠᠯᠲᠠ︾ ᠶᠢ ᠪᠡᠶᠡᠯᠡᠭᠦᠯᠵᠦ | ᠂ ᠠᠮᠢᠨ ᠬᠡᠷᠡᠭ ᠭᠠᠷᠤᠭᠰᠠᠨ ᠲᠤᠭ᠎ᠠ ᠪᠠ ᠵᠠᠮ ᠬᠠᠷᠢᠯᠴᠠᠭᠠᠨ ᠤ ᠠᠳᠡᠯ ᠭᠠᠷᠬᠤ ᠨᠤᠷᠮ᠎ᠠ ᠶᠢ ᠦᠷᠭᠦᠯᠵᠢᠯᠡᠨ | ᠪᠠᠭᠠᠰᠬᠠᠪᠠ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠨᠢᠭᠡ ᠯᠡ ᠤᠳᠠᠭ᠎ᠠ ᠳᠤ ᠰᠢᠢᠳᠪᠦᠷᠢᠯᠡᠬᠦ ᠨᠣᠷᠮ᠎ᠠ ᠶᠢ 98.5% ᠳᠤ ᠭᠦᠷᠭᠡᠵᠣ᠂ ᠴᠠᠭ | ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠣ | ᠳᠠᠭᠤᠰᠬᠠᠭᠰᠠᠨ ᠨᠣᠷᠮ᠎ᠠ ᠶᠢ 100% ᠳᠤ ᠬᠦᠷᠭᠡᠵᠣ᠂ ᠴᠥᠮ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠪᠠ᠃ | ᠰᠢᠯᠢ ᠶᠢᠨ ᠭᠤᠤᠯ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ ᠢ ᠪᠠᠶᠢᠭᠤᠯᠤᠨ | ᠠᠵᠢᠯᠯᠠᠭᠤᠯᠵᠤ᠂ ᠭᠤᠤᠯᠳᠠᠯᠭ᠎ᠠ ᠲᠠᠢ ᠠᠭᠤᠷᠬᠠᠶ ᠶᠢᠨ ᠠᠵᠤ ᠠᠬᠤᠶᠢᠯᠠᠯ ᠳᠤ 5.7 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 9 ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠳᠠᠬᠢ 202 ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠤᠷᠪᠠᠳᠠᠭᠴᠢ ᠲᠠᠯ᠎ᠠ ᠶᠢᠨ | ᠠᠶᠣᠯᠬᠦᠢ ᠶᠢᠨ ᠦᠨᠡᠯᠡᠯᠲᠡ ᠬᠢᠯᠭᠡᠵᠣ᠂ ᠪᠥᠬᠦ ᠠᠶᠢᠮᠠᠭ ᠲᠤ 4.8 ᠲᠦᠮᠡᠨ ᠠᠰᠠᠭᠤᠳᠠᠯ ᠤᠨ ᠳᠠᠯᠳᠠ ᠬᠡᠮ ᠰᠣᠭᠤᠭ | ᠢ ᠪᠠᠶᠢᠴᠠᠭᠠᠨ ᠰᠢᠢᠳᠪᠦᠷᠢᠯᠡᠵᠣ᠂ ᠪᠦᠬᠦ ᠵᠢᠯ ᠳᠤ ᠬᠦᠨᠳᠣ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ | ᠭᠠᠷᠤᠭᠰᠠᠨ ᠥᠬᠡᠢ᠃ ᠣᠷᠣᠨ ᠨᠤᠲᠤᠭ ᠤᠨ ᠡᠳ᠋ ᠤᠨ ᠵᠠᠰᠠᠭ ᠲᠦᠢᠯ ᠤᠨ ᠬᠦᠴᠢᠷᠳᠡᠯᠲᠡᠢ ᠪᠠᠶᠢᠳᠠᠯ ᠳᠣᠣᠷ᠎ᠠ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠤᠯᠬᠤ ᠣᠨ ᠤ ᠡᠭᠦᠷᠭᠡ ᠪᠠᠨ ᠳᠠᠪᠠᠭᠤᠯᠤᠨ | ᠪᠡᠶᠡᠯᠡᠭᠦᠯᠵᠦ᠂ ᠰᠢᠰᠲ᠋ᠧᠮ ᠤᠨ ᠳᠣᠲᠣᠷᠠᠬᠢ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ | ᠳᠠᠩᠰᠠᠨ ᠳᠠᠬᠢ ᠮᠦᠩᠭᠦ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ | ᠮᠦᠩᠭᠦ ᠪᠠᠨ ᠪᠦᠬᠦᠨ ᠢ ᠴᠠᠶᠢᠷᠠᠭᠤᠯᠵᠣ᠂ ᠪᠦᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ᠃ | ᠨᠢᠭᠡ ᠵᠢᠯ ᠤᠨ ᠲᠤᠷᠰᠢ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ | ᠤᠯᠤᠰ ᠲᠥᠷᠥ ᠶᠢᠨ ᠪᠠᠶᠢᠭᠤᠯᠤᠯᠲᠠ ᠪᠠᠨ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠨᠠᠮ ᠤᠨ ᠠᠴᠢ ᠳᠤ | ᠲᠠᠯᠠᠷᠬᠠᠵᠣ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ | ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠨ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ | ᠲᠤᠰᠬᠠᠢ ᠲᠣᠭᠤᠷᠢᠨ ᠪᠠᠶᠢᠴᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ | ᠲᠥᠪᠯᠡᠷᠡᠭᠦᠯᠦᠨ ᠠᠬᠢᠭᠤᠯᠵᠤ᠂ ᠲᠥᠪ ᠴᠢᠩᠭ᠎ᠠ ᠪᠣᠳᠠᠲᠠᠢ᠂ ᠬᠡᠯᠪᠠᠶᠢᠭᠦᠦ ᠲᠠᠯ᠎ᠠ ᠶᠢ ᠣᠨᠣᠪᠴᠢᠲᠠᠢ ᠵᠠᠯᠠᠷᠠᠭᠤᠯᠬᠤ ᠶᠢ | ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨᠠᠯᠲᠠ ᠪᠠ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠶᠢᠮᠠᠭ ᠤᠨ | ᠵᠠᠬᠢᠷᠭ᠎ᠠ ᠨᠢ ᠳᠠᠭᠠᠭᠠᠨ ᠭᠦᠢᠴᠡᠳᠬᠡᠭᠰᠡᠨ 166 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠪᠦᠬᠦᠨ ᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ | ᠵᠠᠰᠠᠬᠤ ᠪᠠᠨ ᠭᠦᠨᠵᠡᠭᠡᠶᠢᠷᠡᠭᠦᠯᠦᠨ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠪᠥᠬᠦ | ᠠᠶᠢᠮᠠᠭ ᠤᠨ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ 2.8% ᠪᠠᠷ ᠪᠠᠭᠤᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢᠶᠠᠨ ᠪᠠᠲᠤ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠪᠣᠯᠭᠠᠵᠣ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠤᠯ ᠰᠢᠵᠢᠮ ᠢ ᠪᠥᠬᠦ ᠲᠠᠯ᠎ᠠ ᠪᠠᠷ ᠳᠣᠭᠤᠰᠢᠯᠠᠭᠤᠯᠣᠨ ᠪᠠᠬᠢᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠣᠭᠲᠠᠭᠠᠯ︾ ᠪᠠ ᠥᠪᠡᠷᠲᠡᠭᠡᠨ | ᠵᠠᠰᠠᠬᠤ ᠣᠷᠣᠨ ᠤ ︽ᠵᠢᠷᠭᠤᠭᠠᠨ ᠵᠣᠷᠪᠣᠰ ᠠᠬᠢᠭᠤᠯᠬᠤ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ︽ | ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠵᠦᠢ᠂ ︽ ᠵᠢᠱᠢᠶᠡᠴᠢ ᠪᠤᠯᠬᠤ ᠳᠣᠯᠣᠭᠠᠨ ᠲᠠᠯ᠎ᠠ︾ | ᠶᠢᠨ ᠬᠠᠷᠠᠯᠲᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠰᠥᠨᠢᠳ | ᠪᠠᠷᠠᠭᠤᠨ ᠬᠤᠰᠢᠭᠤ ᠶᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠣᠷᠣᠨ ᠢᠶᠠᠷ ᠨᠡᠷᠡᠶᠢᠳᠴᠦ᠂ 12 ᠭᠠᠵᠠᠷ ᠣᠷᠣᠨ ᠪᠠ ᠪᠠᠶᠢᠭᠤᠯᠭ᠎ᠠ ᠨᠢᠭᠡᠴᠡ ᠶᠢ ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠦᠭᠳᠡᠪᠡ︔ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠤᠨ ᠨᠡᠶᠢᠲᠡᠯᠢᠭ ᠬᠡᠯᠡᠨ ᠤ ᠪᠠᠷᠢᠮᠵᠢᠶᠠᠨ ᠳᠤ ᠬᠥᠷᠬᠦ ᠰᠤᠷᠭᠠᠭᠤᠯᠢ ᠶᠢ ᠡᠭᠦᠳᠦᠨ | ᠪᠠᠶᠢᠭᠤᠯᠤᠭᠰᠠᠨ ᠨᠣᠷᠮ᠎ᠠ ᠪᠠᠨ 99.6% ᠳᠤ ᠬᠦᠷᠦᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ | ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃ | ᠨᠢᠭᠡ ᠵᠢᠯ ᠤᠨ ᠲᠣᠷᠰᠢ᠂ ᠪᠢᠳᠡ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠵᠣᠬᠢᠴᠠᠭᠤᠯᠭ᠎ᠠ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠴᠡᠷᠢᠭ ᠠᠴᠠ | ᠬᠠᠯᠠᠭᠳᠠᠭᠰᠠᠳ ᠤᠨ ᠠᠵᠢᠯ ᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ | ᠶᠠᠪᠤᠳᠠᠯ᠂ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ | ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠦᠢᠯᠡᠰ ᠤᠨ | ᠬᠥᠭᠵᠢᠯᠲᠡ ᠶᠢ ᠳᠡᠮᠵᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ | ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠦᠢᠯᠡᠳᠦᠯ ᠢᠶᠠᠨ ᠬᠦᠢᠴᠡᠳ | ᠪᠠᠳᠠᠷᠠᠭᠤᠯᠪᠠ᠃ | ᠡᠷᠬᠢᠯᠡᠭᠴᠢ ᠨᠠᠷ᠂ ᠭᠡᠰᠢᠭᠦᠳ ᠡ︕ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠠᠨ ᠬᠢᠯᠪᠠᠷ | ᠪᠤᠰᠤ ᠪᠠᠷ ᠣᠯᠤᠭᠰᠠᠨ ᠶᠤᠮ᠂ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠣᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠥᠨ᠂ ᠮᠦᠨᠴᠣ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪᠯᠡᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦᠲᠡᠶ | ᠬᠠᠪᠰᠤᠷᠤᠯᠴᠠᠵᠤ᠂ ᠬᠢᠨᠠᠯᠲᠠ ᠲᠠᠯᠪᠢᠨ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠵᠠᠬᠢᠷᠭ᠎ᠠ ᠶᠢᠨ | ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ | ᠬᠠᠷᠠᠬᠤ ᠴᠢᠬᠤᠯᠠᠲᠠᠢ ᠶᠣᠮ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ︽ᠨᠡᠭᠦᠷᠡᠰᠦ ᠪᠠᠷ | ᠭᠤᠤᠯᠯᠠᠭᠤᠯᠤᠭᠰᠠᠨ︾᠂ ᠡᠨᠧᠷᠭᠢ ᠳᠤ ᠲᠦᠰᠢᠭᠯᠡᠬᠦ ᠭᠦᠨᠳᠣ ᠠᠵᠣ ᠦᠢᠯᠡᠰ ᠲᠤ ᠲᠦᠰᠢᠭᠯᠡᠬᠦ ᠠᠵᠤ ᠦᠢᠯᠡᠰ ᠤᠨ | ᠪᠠᠶᠢᠷᠢᠰᠢᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠡᠨᠧᠷᠭᠢ ᠶᠢᠨ ᠪᠤᠰᠤ ᠠᠭᠤᠷᠬᠠᠶ ᠶᠢᠨ | ᠭᠠᠷᠤᠯᠲᠠ ᠶᠢᠨ ᠪᠤᠰᠤ ᠰᠢᠯᠢᠳᠡᠭ ᠲᠥᠷᠥᠯ ᠵᠦᠢᠯ ᠤᠨ ᠨᠥᠭᠡᠴᠡ ᠴᠦᠭᠡᠨ ᠪᠠᠶᠢᠵᠣ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠤᠪᠢ ᠶᠢᠨ ᠵᠢᠩ ᠲᠣᠣᠷ᠎ᠠ ᠪᠠᠶᠢᠵᠣ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠨ ᠳᠠᠶᠢᠴᠢᠯᠠᠬᠤ ᠴᠢᠳᠠᠪᠤᠷᠢ ᠬᠦᠷᠦᠯᠴᠡᠬᠦ ᠥᠬᠡᠶ ᠪᠠᠶᠢᠨ᠎ᠠ︔ ︽ᠪᠣᠬᠢᠷᠲᠤᠯ | ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠠᠴᠢᠶᠠᠯᠠᠪᠤᠷᠢ ᠶᠢᠨ ᠡᠨᠧᠷᠭᠢ︾ ᠶᠢᠨ ᠠᠵᠤ ᠦᠢᠯᠡᠰ ᠤᠨ ᠳᠠᠯᠳᠠ | ᠬᠦᠴᠦᠨ ᠶᠡᠭᠡ ᠪᠣᠯᠪᠠᠴᠤ ᠰᠠᠶ᠋ᠢᠬᠠᠨ ᠠᠰᠠᠭᠤᠳᠠᠯ ᠢ ᠰᠢᠢᠳᠪᠦᠷᠢᠯᠡᠵᠣ᠂ ᠲᠤᠬᠠᠢ ᠶᠢᠨ ᠭᠠᠵᠠᠷ ᠲᠤᠨᠢ ᠰᠢᠩᠭᠡᠭᠡᠬᠦ᠂ | ᠠᠵᠤ ᠦᠢᠯᠡᠰ ᠢ ᠤᠷᠲᠤᠳᠬᠠᠬᠤ ᠪᠠ ᠬᠥᠲᠥᠯᠦᠨ ᠳᠠᠭᠠᠭᠤᠯᠬᠤ ᠵᠡᠷᠭᠡ ᠴᠢᠳᠠᠪᠤᠷᠢ ᠬᠠᠷᠠᠬᠠᠨ ᠬᠦᠷᠦᠯᠴᠡᠬᠦ ᠦᠭᠡᠢ | ᠪᠠᠶᠢᠭᠰᠠᠭᠠᠷ︔ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶᠡᠵᠢᠯ ᠪᠠᠰᠠ ᠭᠤᠣᠯᠯᠠᠬᠤ | ᠥᠷᠢᠰᠥᠯᠳᠦᠬᠦ ᠬᠦᠴᠦᠨ ᠢᠶᠠᠷ ᠳᠤᠲᠠᠮᠠᠭ ᠪᠠᠶᠢᠵᠤ᠂ ᠬᠡᠯᠬᠢᠶᠠᠵᠢᠯ ᠳᠣᠳᠠᠭᠳᠠᠬᠤ᠂ ᠬᠡᠯᠬᠢᠶᠠᠵᠢᠯ ᠲᠠᠰᠤᠷᠠᠬᠤ | ᠠᠰᠠᠭᠤᠳᠠᠯ ᠣᠷᠣᠰᠢᠵᠤ ᠪᠠᠶᠢᠨ᠎ᠠ︔ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠪᠠᠰᠠ | ᠲᠡᠭᠦᠯᠳᠡᠷᠵᠢᠭᠡᠳᠦᠢ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠪᠠ ᠲᠤᠰ ᠭᠠᠵᠠᠷ ᠲᠤ ᠪᠠᠨ ᠪᠠᠭᠲᠠᠭᠠᠨ ᠰᠢᠩᠭᠡᠭᠡᠬᠦ | ᠲᠠᠯ᠎ᠠ ᠪᠠᠷ ᠮᠥᠨ ᠳᠤᠲᠠᠭᠤᠳᠠᠯ ᠣᠷᠣᠰᠢᠵᠤ ᠪᠤᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠮᠦᠨᠬᠦ ᠳᠣᠪᠤᠶᠢᠮ᠎ᠠ ᠪᠠᠶᠢᠭᠰᠠᠭᠠᠷ᠂ ᠠᠶᠢᠮᠠᠭ ᠤᠨ ᠲᠤᠰ ᠱᠠᠲᠤᠨ ᠤ ᠣᠷᠣᠯᠭ᠎ᠠ ᠵᠠᠷᠤᠯᠭ᠎ᠠ ᠶᠢᠨ ᠳᠠᠷᠤᠯᠲᠠ ᠶᠡᠭᠡ | ᠪᠠᠶᠢᠵᠣ᠂ ᠣᠨᠴᠠ ᠵᠠᠷᠢᠮ ᠬᠤᠰᠢᠭᠤ ᠰᠢᠶᠠᠨ ᠤ ᠥᠷᠢ ᠦᠭᠴᠡᠭᠡᠨ ᠤ ᠲᠦᠭᠰᠢᠭᠦᠷᠢ ᠶᠢᠨ ᠳᠡᠰ ᠪᠠᠰᠠ ᠨᠡᠯᠢᠶᠡᠳ | ᠥᠨᠳᠥᠷ ᠪᠠᠶᠢᠨ᠎ᠠ︔ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ | ᠵᠡᠷᠭᠡ ᠬᠦᠷᠢᠶᠡᠨ ᠳᠤ ᠪᠠᠰᠠ ᠮᠠᠰᠢ ᠣᠯᠠᠨ ᠳᠤᠲᠠᠭᠤᠳᠠᠯ ᠪᠠᠭᠤᠷᠠᠶ ᠲᠠᠯ᠎ᠠ ᠣᠷᠣᠰᠢᠵᠤ᠂ ᠣᠯᠠᠨ ᠲᠦᠮᠡᠨ ᠤ ᠬᠦᠰᠡᠯ | ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠠᠴᠠ ᠨᠡᠯᠢᠶᠡᠳ ᠶᠡᠭᠡ ᠵᠥᠷᠢᠶ᠎ᠡ ᠲᠠᠢ ᠪᠠᠶᠢᠬᠤ ᠵᠡᠷᠭᠡ ᠠᠰᠠᠭᠤᠳᠠᠯ | ᠣᠷᠣᠰᠢᠵᠤ ᠪᠣᠢ᠂ ᠬᠡᠬᠦ ᠮᠡᠳᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠨᠡᠩ ᠬᠦᠴᠦᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃ | ᠬᠤᠶᠠᠷ᠂ 2024 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ | 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ᠂ ᠪᠠᠰᠠ ᠴᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ | ᠪᠣᠯᠣᠨ᠎ᠠ᠃ ᠡᠨᠡ ᠵᠢᠯ ᠤᠨ ᠵᠠᠬᠢᠷᠭ᠎ᠠ ᠶᠢᠨ ᠠᠵᠢᠯ ᠢᠶᠠᠨ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠵᠣ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠳᠣᠭᠤᠰᠢᠯᠠᠭᠤᠯᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶᠠᠨ ᠤ 2023 ᠣᠨ ᠤ 4 ᠳ᠋ᠤᠭᠡᠷ | ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ | ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠣᠷᠢᠳᠠᠪᠡᠷ ᠵᠣᠬᠢᠴᠠᠩᠭᠤᠶ ᠨᠥᠬᠦᠴᠡᠯ ᠢ ᠪᠤᠢ ᠪᠣᠯᠭᠠᠨ᠂ | ᠲᠠᠷᠠᠭ᠎ᠠ ᠨᠢ ᠬᠠᠭᠤᠴᠢᠨ ᠲᠣᠭᠲᠠᠮᠠᠯ ᠬᠡᠪ ᠵᠠᠭᠪᠤᠷ ᠢᠶᠠᠨ ᠰᠣᠯᠢᠬᠤ ᠶᠢ ᠪᠠᠷᠢᠮᠳᠠᠯᠠᠵᠣ᠂ ᠰᠢᠨ᠎ᠡ ᠵᠠᠮ ᠢᠶᠠᠷ ᠵᠠᠮᠨᠠᠬᠤ᠂ | ᠳᠤᠮᠳᠠ ᠳᠦᠪᠰᠢᠨ ᠳᠤ ᠳᠠᠪᠰᠢᠬᠤ ᠲᠡᠮᠡᠴᠡᠬᠦ ᠬᠠᠷᠠᠯᠲᠠ ᠪᠠᠨ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ | ᠂ ᠵᠢᠷᠭᠤᠭᠠᠨ ᠢᠨᠵᠧᠨᠧᠷᠢᠩ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠡᠯ᠎ᠡ ᠬᠦᠷᠢᠶᠡᠨ ᠳᠠᠬᠢ ᠠᠵᠢᠯ ᠤᠨ ᠣᠷᠣᠭᠰᠢ ᠳᠠᠪᠰᠢᠬᠤ ᠶᠢ | ᠠᠬᠢᠭᠤᠯᠵᠤ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠪᠠᠨ | ᠴᠢᠷᠮᠠᠶᠢᠨ ᠪᠢᠴᠢᠭᠯᠡᠨ᠎ᠡ᠃ | 2024 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6.5%ᠣᠷᠴᠢᠮ ᠨᠡᠮᠡᠭᠳᠡᠭᠦᠯᠦᠨ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ | ᠡᠩ ᠤᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6% ᠣᠷᠴᠢᠮ ᠨᠡᠮᠡᠭᠳᠡᠭᠦᠯᠦᠨ᠂ ᠬᠤᠲᠠ ᠪᠠᠯᠭᠠᠰᠣᠨ | ᠤ ᠠᠵᠢᠯ ᠣᠯᠭᠤᠯᠲᠠ ᠶᠢ 1ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠨ᠎ᠠ᠃ ᠳᠡᠭᠡᠷᠡᠬᠢ | ᠬᠠᠷᠠᠯᠲᠠ ᠨᠢ ᠨᠠᠮ ᠤᠨ ᠲᠥᠪ ᠬᠤᠷᠢᠶᠠᠨ ᠤ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ | ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠣᠷᠢᠳᠠᠪᠡᠷ ᠵᠣᠬᠢᠴᠠᠩᠭᠤᠶ ᠨᠥᠬᠦᠴᠡᠯ ᠢ ᠪᠤᠢ ᠪᠣᠯᠭᠠᠨ᠂ | ᠲᠠᠷᠠᠭ᠎ᠠ ᠨᠢ ᠬᠠᠭᠤᠴᠢᠨ ᠲᠣᠭᠲᠠᠮᠠᠯ ᠬᠡᠪ ᠵᠠᠭᠪᠤᠷ ᠢᠶᠠᠨ ᠰᠣᠯᠢᠬᠤ ᠶᠢ ᠠᠬᠢᠭᠤᠯᠬᠤ︾ ᠪᠠ ︽ᠵᠢᠱᠢᠯᠲᠡ ᠶᠢ | ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ | ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠲᠥᠰᠥᠪᠯᠡᠯ ᠢ | ᠰᠠᠶᠢᠵᠢᠷᠠᠭᠤᠯᠬᠤ ᠢᠯᠡ ᠲᠣᠳᠣ ᠤᠳᠤᠷᠢᠳᠤᠮᠵᠢ ᠶᠢ ᠢᠯᠡᠷᠡᠭᠦᠯᠵᠦ᠂ ᠶᠡᠷᠦᠩᠬᠡᠶ ᠳᠡᠭᠡᠨ ᠢᠳᠡᠪᠬᠢᠲᠡᠶ ᠪᠠᠶᠢᠵᠤ᠂ | ᠪᠣᠳᠠᠲᠠᠶ ᠠᠵᠢᠯ ᠤᠨ ᠳᠤᠮᠳᠠ ᠪᠢᠳᠡ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠨᠠᠩ ᠰᠠᠶᠢᠨ ᠦᠷ᠎ᠡ ᠪᠦᠳᠦᠮᠵᠢ | ᠤᠯᠬᠤ ᠪᠠᠷ ᠴᠢᠷᠮᠠᠶᠢᠬᠤ ᠴᠢᠬᠤᠯᠠᠲᠠᠢ ᠶᠣᠮ᠃ ᠡᠬᠦᠨ ᠳᠤ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠲᠤᠭᠲᠠᠭᠤᠨ ᠤ ᠲᠣᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ | ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦ ᠪᠠᠷ ᠲᠦᠯᠬᠢᠨ | ᠠᠭᠢᠭᠤᠯᠤᠨ᠎ᠠ | ᠣᠯᠠᠨ ᠠᠷᠭ᠎ᠠ ᠪᠠᠷᠢᠯ ᠢ ᠵᠡᠷᠭᠡ ᠳᠤᠨᠢ ᠬᠡᠷᠡᠭᠯᠡᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠤᠨ᠎ᠠ᠃ | ᠡᠨᠧᠷᠭᠢ ᠶᠢᠨ ᠠᠵᠤ ᠦᠢᠯᠡᠰ ᠢᠶᠠᠷ ᠠᠵᠤ ᠠᠬᠤᠢ ᠶᠢᠨ ᠨᠡᠮᠡᠭᠳᠡᠯ ᠢᠶᠠᠨ ᠲᠣᠭᠲᠠᠪᠤᠷᠢᠵᠢᠭᠤᠯᠬᠤ ︽ᠰᠠᠭᠤᠷᠢ | ᠴᠢᠯᠠᠭᠤ︾ ᠪᠣᠯᠭᠠᠬᠤ ᠶᠢ ᠪᠠᠷᠢᠮᠲᠠᠯᠠᠵᠤ᠂ ᠠᠶᠤᠯᠭᠦᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠭᠰᠠᠨ | ᠤᠷᠢᠲᠠᠯ ᠳᠣᠣᠷ᠎ᠠ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.4 ᠳ᠋ᠦᠩᠰᠢᠭᠤᠷ ᠲᠣᠨ ᠣᠷᠴᠢᠮ ᠳᠤ | ᠬᠦᠷᠭᠡᠬᠦ ᠪᠠᠷ ᠴᠢᠷᠮᠠᠶᠢᠨ᠎ᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ | ᠨᠡᠭᠦᠷᠡᠰᠦᠨ ᠠᠭᠤᠷᠬᠠᠢ ᠶᠢᠨ ᠠᠮᠠᠰᠠᠷ ᠲᠠᠬᠢ ᠴᠠᠬᠢᠯᠭᠠᠨ ᠦᠢᠯᠡᠳᠪᠦᠷᠢ ᠶᠢᠨ ᠬᠤᠣᠰ ᠪᠡᠯᠡ ᠣᠷᠣᠭᠤᠯᠤᠯᠲᠠ ᠶᠢ | ᠪᠡᠶᠡᠯᠡᠭᠦᠯᠬᠦ ᠶᠢ ᠠᠬᠢᠭᠤᠯᠵᠤ᠂ ᠵᠢᠶᠠᠩᠰᠦ ᠶᠢᠨ ᠡᠨᠧᠷᠭᠢ ᠶᠢᠨ ᠣᠯᠠᠭᠠᠢ ᠶᠢᠨ ᠴᠠᠬᠢᠯᠭᠠᠨ ᠦᠢᠯᠡᠳᠪᠦᠷᠢ ᠶᠢ ᠲᠣᠣᠷ ᠲᠤ | ᠨᠡᠶᠢᠯᠡᠭᠦᠯᠦᠨ ᠲᠤᠷᠰᠢᠬᠤ ᠨᠥᠬᠦᠴᠡᠯ ᠢ ᠪᠦᠷᠢᠯᠳᠦᠭᠦᠯᠦᠨ᠂ ᠵᠢᠶᠠᠩᠰᠦ ᠶᠢᠨ ᠡᠨᠧᠷᠭᠢ ᠶᠢᠨ ᠪᠠᠶᠠᠨᠬᠤᠸᠠ᠂ ᠳᠤᠮᠳᠠᠳᠤ | ᠤᠯᠤᠰ ᠤᠨ ᠨᠡᠭᠦᠷᠡᠰᠦᠨ ᠠᠭᠤᠷᠬᠠᠢ ᠶᠢᠨ ᠮᠠᠩᠯᠠᠢ ᠬᠤᠶᠠᠷ ᠴᠠᠬᠢᠯᠭᠠᠨ ᠦᠢᠯᠡᠳᠪᠦᠷᠢ ᠶᠢᠨ ᠰᠠᠭᠤᠷᠢ ᠪᠠᠷᠢᠯᠭ᠎ᠠ ᠶᠢ | ᠳᠠᠭᠤᠰᠬᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠲᠤᠯᠭᠠᠭᠤᠷᠢᠯᠠᠬᠤ | ᠪᠠᠲᠤᠯᠠᠭ᠎ᠠ ᠶᠢᠨ ᠴᠢᠨᠠᠷᠲᠠᠢ ᠨᠡᠭᠦᠷᠡᠰᠦ ᠴᠠᠬᠢᠯᠭᠠᠨ ᠤ ᠰᠢᠨ᠎ᠡ ᠲᠦᠷᠦᠯ ᠵᠦᠢᠯ ᠤᠯᠬᠤ ᠪᠠᠷ ᠢᠳᠡᠪᠬᠢᠲᠡᠢ ᠴᠢᠷᠮᠠᠶᠢᠵᠤ᠂ | ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1700 | ᠲᠦᠮᠡᠨ ᠺᠢᠯᠣᠸᠠᠲ ᠲᠤ ᠬᠦᠷᠦᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠳᠡᠭᠡᠳᠦ | ᠨᠠᠷᠢᠯᠢᠭ ᠬᠥᠩᠭᠡᠨᠴᠠᠭᠠᠨ ᠤ ᠬᠠᠪᠲᠠᠰᠤ᠂ ᠪᠦᠦ ᠱᠦᠸᠧ ᠬᠥᠩᠭᠡᠨ ᠴᠠᠭᠠᠨ ᠤ ᠬᠠᠶᠢᠯᠤᠰᠢ᠂ ᠨᠦᠸᠧ ᠶᠢᠨ | ᠨᠡᠭᠦᠷᠠᠰᠦᠳᠦ᠋ᠷᠦᠭᠴᠢᠳᠣ ᠪᠠᠯ ᠴᠢᠯᠠᠭᠤᠨ ᠴᠠᠬᠢᠯᠭᠠᠨ ᠲᠦᠢᠯ᠂ ᠲᠠᠩ ᠾᠧ ᠬᠢᠮᠡᠯ ᠠᠯᠮᠠᠰ ᠴᠢᠯᠠᠭᠤ ᠵᠢᠴᠢ ᠥᠩᠭᠡᠲᠦ | ᠲᠡᠮᠦᠷᠯᠢᠭ ᠢ ᠰᠣᠩᠭᠤᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠬᠦᠢᠴᠡᠳ ᠳᠠᠭᠠᠭᠠᠴᠠ ᠲᠠᠢ | ᠦᠢᠯᠡᠳᠪᠦᠷᠢᠯᠡᠯ ᠢ ᠠᠬᠢᠭᠤᠯᠵᠤ᠂ ᠡᠨᠧᠷᠭᠢ ᠶᠢᠨ ᠲᠣᠨᠣᠭᠯᠠᠯ ᠦᠢᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠬᠡᠮᠵᠢᠶ᠎ᠡ ᠶᠢ ᠳᠡᠭᠡᠭᠰᠢᠯᠡᠭᠦᠯᠦᠨ ᠦᠷ᠎ᠡ ᠠᠰᠢᠭ ᠣᠯᠬᠤ ᠶᠢ ᠪᠠᠳᠣᠯᠠᠵᠣ᠂ ᠰᠢᠨ᠎ᠡ ᠪᠠᠷ 12 ᠠᠴᠠ ᠳᠡᠭᠡᠭᠰᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ | ᠦᠨᠡᠨᠬᠦ ᠪᠠᠲᠤᠯᠠᠨ᠎ᠠ᠃ | ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠰᠠᠶᠢᠳᠣᠷ | ᠠᠳᠬᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠪᠣᠭᠤᠮᠲᠠ ᠰᠢᠪᠲᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠢᠮᠠᠭ ᠤᠨ ᠲᠠᠰ ᠤᠨ 188 ᠭᠤᠤᠯᠳᠠᠯᠭ᠎ᠠ ᠲᠠᠢ ᠲᠥᠷᠥᠯ ᠵᠦᠢᠯ ᠢ | ᠢᠷᠡᠬᠦ ᠵᠢᠯ ᠤᠨ 4 ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦᠨ ᠢᠶᠠᠷ ᠢᠶᠠᠨ ᠠᠵᠢᠯ ᠡᠬᠢᠯᠡᠭᠦᠯᠬᠦ ᠪᠠ ᠰᠡᠷᠭᠦᠭᠡᠬᠦ | ᠨᠥᠬᠦᠴᠡᠯ ᠢᠶᠠᠨ ᠪᠦᠷᠢᠯᠳᠦᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠵᠢᠯ ᠳᠤ 450 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15% ᠠᠴᠠ ᠳᠡᠭᠡᠭᠰᠢ ᠨᠡᠮᠡᠭᠳᠡᠭᠦᠯᠦᠨ᠎ᠡ᠃ | ᠪᠣᠬᠢᠷᠲᠤᠯ ᠥᠬᠡᠶ ᠴᠠᠬᠢᠯᠭᠠᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠣᠲᠣ ᠶᠢᠨ ᠪᠠᠶᠢᠭ᠎ᠠ ᠠᠵᠤ | ᠦᠢᠯᠡᠰ ᠤᠨ ᠰᠠᠭᠤᠷᠢ ᠳᠤ ᠲᠦᠰᠢᠭᠯᠡᠨ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ ᠵᠠᠩᠭᠢᠯᠠᠭ᠎ᠠ ᠶᠢᠨ | ᠬᠡᠯᠬᠢᠶᠡᠵᠢᠯ ᠢ ᠨᠦᠬᠦᠪᠦᠷᠢᠯᠡᠨ᠎ᠡ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶᠡᠵᠢᠯ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ᠂ ᠡᠵᠡᠮᠳᠡᠬᠦ ᠰᠢᠰᠲ᠋ᠧᠮ ᠵᠡᠷᠭᠡ ᠭᠤᠣᠯᠯᠠᠬᠤ ᠰᠡᠯᠪᠢᠭ ᠲᠣᠨᠤᠭ ᠪᠠ | ᠳᠠᠪᠠᠷᠬᠠᠢ᠂ ᠨᠡᠭᠦᠷᠡᠰᠦᠨ ᠰᠢᠷᠬᠡᠭᠯᠢᠭ ᠵᠡᠷᠭᠡ ᠲᠦᠭᠦᠬᠡᠶ ᠮᠠᠲ᠋ᠧᠷᠢᠶᠠᠯ ᠤᠨ ᠢᠵᠢ ᠪᠦᠷᠢᠳᠦᠭᠦᠯᠦᠨ ᠦᠢᠯᠡᠳᠪᠦᠷᠢᠯᠡᠵᠦ | ᠡᠳ᠋ᠰᠢᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠲᠠᠲᠠᠨ ᠣᠷᠣᠭᠤᠯᠤᠨ᠎ᠠ᠃ ᠡᠨᠧᠷᠬᠢ ᠬᠠᠳᠠᠭᠠᠯᠠᠬᠤ ᠴᠠᠬᠢᠯᠭᠠᠨ | ᠴᠡᠨᠡᠭ ᠤᠨ ᠠᠵᠤ ᠦᠢᠯᠡᠰ ᠤᠨ ᠬᠡᠯᠬᠢᠶᠡᠵᠢᠯ ᠳᠤ ᠭᠤᠣᠯᠳᠠᠭᠤ ᠴᠠᠬᠢᠯᠭᠠᠨ ᠭᠤᠣᠯ᠂ ᠠᠷᠭ᠎ᠠ ᠲᠦᠢᠯ ᠤᠨ ᠮᠠᠲ᠋ᠧᠷᠢᠶᠠᠯ | ᠂ ᠴᠠᠬᠢᠯᠭᠠᠨ ᠴᠡᠨᠡᠭ ᠤᠨ ᠲᠠᠰᠤᠯᠤᠪᠴᠢ ᠪᠦᠷᠬᠦᠪᠴᠢ᠂ ᠴᠠᠬᠢᠯᠭᠠᠨ ᠵᠠᠳᠠᠯᠤᠯ ᠤᠨ ᠰᠢᠩᠭᠡᠨ ᠵᠡᠷᠭᠡ ᠲᠡᠷᠢᠭᠦᠨ ᠤ | ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠵᠤ ᠦᠢᠯᠡᠳᠪᠦᠷᠢᠯᠡᠬᠦ ᠲᠦᠷᠦᠯ ᠵᠦᠢᠯ ᠢ ᠭᠤᠣᠯᠳᠠᠯᠭ᠎ᠠ ᠲᠠᠢ ᠣᠷᠣᠭᠤᠯᠤᠨ | ᠠᠪᠴᠢᠷᠠᠨ᠎ᠠ᠃ ᠲᠡᠷᠢᠭᠦᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠯ ᠳᠤ᠂ ᠰᠢᠨ᠎ᠡ ᠮᠠᠶ᠋ᠢᠭ ᠤᠨ | ᠭᠡᠷᠡᠯ ᠡᠯᠧᠺᠲᠷᠣᠨ ᠤ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠲᠥᠷᠥᠯ ᠵᠦᠢᠯ ᠢ ᠭᠤᠣᠯᠳᠠᠯᠭ᠎ᠠ ᠲᠠᠢ | ᠣᠷᠣᠭᠤᠯᠤᠨ ᠠᠪᠴᠢᠷᠠᠨ᠎ᠠ᠃ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ | ᠬᠡᠯᠬᠢᠶᠡᠵᠢᠯ ᠳᠤ᠂ ᠬᠠᠶᠢᠯᠤᠭᠤᠷ ᠵᠣᠩᠰᠢ ᠶᠢᠨ ᠦᠢᠯᠡᠳᠬᠦᠨ ᠢ ᠨᠠᠷᠢᠯᠢᠭ ᠡᠳ᠋ᠰᠢᠭᠦᠯᠬᠦ ᠪᠠ ᠹᠯᠣᠷ ᠤᠨ ᠬᠢᠮᠢ ᠶᠢᠨ ᠠᠵᠤ | ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠤᠨ | ᠠᠪᠴᠢᠷᠠᠨ᠎ᠠ᠃ ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠳᠠᠭᠠᠭᠠᠴᠠ ᠲᠠᠢ ᠠᠵᠤ ᠦᠢᠯᠡᠰ ᠲᠤ᠂ | ︽ᠴᠠᠬᠢᠯᠭᠠᠨ ᠤ ᠦᠨ᠎ᠡ ᠳᠤ ᠰᠡᠷᠭᠡᠭ︾ ᠪᠠᠶᠢᠬᠤ ᠲᠡᠮᠦᠷ ᠤᠨ ᠬᠠᠶᠢᠯᠤᠰᠢ᠂ ᠬᠦᠩᠭᠡᠨᠴᠠᠭᠠᠨ ᠤ ᠰᠠᠭᠤᠷᠢ ᠰᠢᠨ᠎ᠡ | ᠮᠠᠲ᠋ᠧᠷᠢᠶᠠᠯ᠂ ᠲᠡᠮᠦᠷᠯᠢᠭ ᠪᠣᠯᠪᠠᠰᠤᠷᠠᠭᠤᠯᠬᠤ ᠵᠡᠷᠭᠡ ᠴᠢᠨᠠᠷ ᠰᠠᠶᠢᠲᠠᠶ ᠡᠨᠧᠷᠭᠢ ᠠᠴᠢᠶᠠᠯᠠᠬᠤ ᠲᠥᠷᠥᠯ ᠵᠦᠢᠯ ᠢ | ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ᠪᠣᠬᠢᠷᠲᠤᠯ ᠦᠭᠡᠶ ᠴᠠᠬᠢᠯᠭᠠᠨ + ᠤᠰᠤᠲᠥ᠋ᠷᠥᠭᠴᠢ ᠪᠠᠷ | ᠰᠢᠪᠲᠦᠷᠲᠦ ᠠᠯᠺᠣᠤᠯ ᠦᠢᠯᠡᠳᠬᠦ ᠠᠵᠤ ᠦᠢᠯᠡᠰ ᠲᠤ᠂ ᠡᠬᠢ ᠰᠤᠷᠪᠤᠯᠵᠢ ᠶᠢᠨ ᠲᠣᠤᠷ ᠤᠨ ᠬᠠᠳᠠᠭᠠᠯᠠᠯᠲᠠ᠂ ᠰᠠᠯᠬᠢ | ᠭᠡᠷᠡᠯ ᠤᠰᠤᠲᠥ᠋ᠷᠥᠭᠴᠢ ᠶᠢᠨ ᠨᠢᠭᠡ ᠴᠣᠭᠴᠠᠵᠢᠭᠰᠠᠨ ᠪᠠ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠶᠢ | ᠦᠢᠯᠡᠳᠬᠦ᠂ ᠪᠣᠬᠢᠷᠲᠤᠯ ᠦᠭᠡᠶ ᠤᠰᠤᠲᠥ᠋ᠷᠥᠭᠴᠢ ᠪᠠᠷ ᠮᠧᠲ᠋ᠢᠯ ᠠᠯᠺᠣᠤᠯ ᠦᠢᠯᠡᠳᠬᠦ᠂ ᠪᠣᠬᠢᠷᠲᠤᠯ ᠦᠭᠡᠶ | ᠤᠰᠤᠲᠥ᠋ᠷᠥᠭᠴᠢ ᠶᠢᠨ ᠨᠡᠶᠢᠯᠡᠯᠭᠡ ᠰᠢᠪᠲᠦᠷ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ | ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ | ᠪᠣᠯᠭᠠᠵᠤ᠂ ᠬᠠᠮᠲᠤᠷᠠᠯᠴᠠᠭ᠎ᠠ ᠪᠠᠷ ᠠᠷᠠᠯᠵᠢᠶᠠᠴᠢᠨ ᠤᠷᠢᠬᠤ ᠂ ᠭᠠᠵᠠᠷ ᠣᠷᠣᠨ ᠠᠯᠤᠰᠯᠠᠨ ᠬᠤᠳᠠᠯᠳᠤᠭᠠᠴᠢᠨ ᠤᠷᠢᠬᠤ | ᠶᠢ ᠭᠦᠨᠵᠡᠭᠡᠶᠢᠷᠡᠭᠦᠯᠵᠦ ᠂ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠢ ᠤᠷᠢᠨ ᠠᠪᠴᠢᠷᠠᠵᠤ ᠳᠡᠶᠢᠯᠬᠦ᠂ | ᠨᠠᠶᠢᠳᠠᠪᠤᠷᠢᠵᠢᠭᠤᠯᠵᠤ ᠳᠡᠶᠢᠯᠬᠦ᠂ ᠰᠠᠶᠢᠲᠤᠷ ᠬᠥᠭᠵᠢᠭᠦᠯᠵᠦ ᠴᠢᠳᠠᠬᠤ ᠪᠣᠯᠭᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ᠨᠢᠭᠡ | ᠲᠠᠯ᠎ᠠ ᠪᠠᠷ᠂ ᠣᠯᠠᠨ ᠲᠦᠮᠡᠨ ᠳᠤ ᠰᠠᠶᠢᠲᠤᠷ ᠦᠢᠯᠡᠴᠢᠯᠡᠵᠦ᠂ ︽ᠤᠴᠢᠷ ᠶᠠᠪᠤᠳᠠᠯ ᠪᠦᠲᠦᠭᠡᠬᠦ ᠳᠤ ᠬᠥᠮᠦᠨ ᠠᠴᠠ | ᠲᠤᠰᠠᠯᠠᠮᠵᠢ ᠬᠦᠰᠡᠬᠦ ᠦᠭᠡᠢ︾ 1.0 ᠬᠡᠪᠯᠡᠯ ᠠᠴᠠ ︽ᠨᠢᠭᠤᠷ ᠵᠣᠯᠭᠠᠬᠤ ᠦᠭᠡᠢ ᠪᠠᠷ ᠭᠦᠢᠴᠡᠳᠬᠡᠬᠦ︾ ᠪᠠ | ︽ᠲᠠᠭᠠᠯᠠᠮᠵᠢᠲᠠᠶ᠂ ᠪᠠᠶᠠᠷ ᠬᠥᠷ ᠲᠠᠢ᠂ ᠤᠴᠢᠷ ᠶᠠᠪᠤᠳᠠᠯ ᠪᠦᠲᠦᠭᠡᠬᠦ ᠳᠤ ᠲᠥᠬᠦᠮ︾ 2.0 ᠬᠡᠪᠯᠡᠯ ᠪᠣᠯᠭᠠᠨ | ᠲᠠᠰ ᠳᠡᠪᠰᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠶᠢᠮᠠᠭ ᠬᠤᠰᠢᠭᠤ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ | ᠪᠦᠬᠦᠨ ᠢᠶᠠᠷ ᠢᠶᠠᠨ ᠴᠠᠭ ᠤᠷᠲᠤᠳᠬᠠᠬᠤ ᠦᠢᠯᠡᠴᠢᠯᠡᠭᠡ ᠬᠠᠩᠭᠠᠬᠤ ᠶᠢ ᠯᠠᠪᠳᠠᠭᠤᠨ ᠠᠬᠢᠭᠤᠯᠵᠤ᠂ ᠨᠢᠭᠡ | ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠦᠨᠳᠦᠰᠦᠨ ᠱᠠᠲᠤ ᠳᠠᠰᠢ | ᠤᠷᠲᠤᠳᠬᠠᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠶᠢᠷ᠎ᠠ ᠬᠠᠪᠢ ᠳᠤᠨᠢ | ᠭᠦᠢᠴᠡᠳᠬᠡᠬᠦ᠂ ᠬᠡᠷ ᠤᠨ ᠡᠭᠦᠳᠡᠨ ᠳᠤᠨᠢ ᠭᠦᠢᠴᠡᠳᠭᠡᠬᠦ︾ ᠶᠢ ᠪᠡᠶᠡᠯᠡᠭᠦᠯᠦᠨ᠎ᠡ᠃ ᠨᠠᠩ ᠣᠯᠠᠨ ᠥᠨᠳᠥᠷ | ᠳᠠᠪᠲᠠᠮᠵᠢᠲᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠬᠦ ᠶᠢᠨ ᠬᠠᠮᠲᠤ ︽ | ᠰᠢᠢᠳᠪᠦᠷᠢᠯᠡᠬᠦ ᠳᠤ ᠳᠦᠬᠦᠮ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠣᠳᠠᠲᠠᠶ ᠰᠦᠯᠵᠢᠶ᠎ᠡ ᠪᠠᠷ ᠭᠦᠢᠴᠡᠳᠭᠡᠬᠦ | ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠯᠧᠺᠲᠷᠣᠨ ᠦᠨᠡᠮᠯᠡᠯ ᠢ ᠳᠡᠯᠭᠡᠷᠡᠭᠦᠯᠦᠨ | ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠭᠡᠬᠦ︾ ᠦᠢᠯᠡᠴᠢᠯᠡᠭᠡ ᠶᠢ | ᠭᠦᠨᠵᠡᠭᠡᠶ ᠠᠬᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ | ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠪᠠ ᠰᠢᠢᠳᠪᠦᠷᠢᠯᠡᠵᠣ ᠳᠠᠭᠤᠰᠬᠠᠬᠤ ᠨᠣᠷᠮ᠎ᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ | ᠤᠳᠤᠷᠢᠳᠬᠤ ᠺᠠᠳ᠋ᠷᠴᠤᠳ ᠤᠨ ᠭᠤᠣᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ | ᠪᠣᠳᠠᠲᠠᠶᠢᠵᠢᠭᠤᠯᠵᠤ᠂ ᠳᠡᠷᠭᠡᠳᠡ ᠨᠢ ᠬᠦᠷᠴᠦ ᠬᠤᠳᠠᠯᠳᠤᠭᠠᠴᠢᠨ ᠤᠷᠢᠬᠤ᠂ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ | ᠭᠠᠷ ᠭᠦᠢᠴᠡᠳᠬᠡᠯ ᠬᠢᠬᠦ᠂ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠵᠡᠷᠭᠡ ᠡᠯ᠎ᠡ ᠭᠤᠭᠴᠣᠭᠠᠨ ᠳᠤ ᠨᠠᠷᠢᠯᠢᠭ | ᠣᠨᠣᠪᠴᠢᠲᠠᠢ ᠦᠢᠯᠡᠴᠢᠯᠡᠬᠦ᠂ ᠮᠥᠷᠳᠡᠨ ᠪᠠᠶᠢᠴᠠᠭᠠᠨ ᠭᠦᠢᠴᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠡᠯᠡ ᠣᠷᠣᠭᠤᠯᠤᠯᠲᠠ ᠶᠢ ᠪᠦᠬᠦ ᠲᠠᠯ᠎ᠠ ᠪᠠᠷ ᠪᠦᠬᠦ ᠦᠶᠡᠯᠡᠯ ᠤᠨ ᠬᠤᠭᠤᠴᠠᠭᠠᠨ ᠳᠤ ᠬᠠᠪᠰᠤᠷᠤᠨ ᠭᠦᠢᠴᠡᠳᠬᠡᠵᠦ | ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠲᠦᠷᠭᠡᠳᠬᠡᠵᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ︽ | ᠪᠠᠷᠢᠮᠵᠢᠶᠠᠲᠤ ᠭᠠᠵᠠᠷ ᠢ ᠰᠣᠷᠳᠠᠯᠴᠢᠯᠠᠨ ᠳᠠᠨᠢᠭᠤᠯᠬᠤ᠂ ᠣᠷᠣᠨ ᠪᠦᠰᠡ ᠶᠢ ᠤᠷᠢᠳᠠᠪᠡᠷ ᠦᠨᠡᠯᠡᠨ ᠵᠢᠱᠢᠬᠦ᠂ | ᠪᠠᠷᠢᠮᠵᠢᠶᠠᠲᠤ ᠦᠢᠯᠡᠳᠪᠦᠷᠢ ᠶᠢ ᠰᠠᠶᠢᠲᠤᠷ ᠪᠠᠶᠢᠭᠤᠯᠬᠤ᠂ ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠬᠦ︾ | ᠲᠡᠷᠢᠭᠦᠨ ᠤ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠤᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠥᠭᠬᠦ ᠡᠵᠡᠯᠡᠬᠦ ᠬᠠᠷᠢᠴᠠᠯ ᠢ | 100% ᠳᠤ ᠬᠦᠷᠦᠭᠦᠯᠦᠨ᠎ᠡ᠃ ᠲᠤᠯᠤᠨ ᠨᠣᠣᠷ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ | ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢᠶᠠᠷ ᠲᠣᠭᠲᠠᠭᠠᠬᠤ ᠶᠢ ᠪᠠᠲᠤᠯᠠᠵᠤ | ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 436 ᠮᠦ ᠭᠠᠵᠠᠷ ᠰᠢᠷᠣᠢ | ᠶᠢ ᠬᠤᠷᠢᠶᠠᠨ ᠨᠥᠭᠡᠴᠡᠯᠡᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠳᠠᠰᠤᠭ ᠢ 1.5 ᠲᠦᠮᠡᠨ ᠬᠠᠪᠲᠠᠭᠠᠢ | ᠳᠥᠷᠪᠡᠯᠵᠢᠨ ᠮᠧᠲᠷ ᠪᠥᠲᠥᠭᠡᠨ ᠪᠠᠶᠢᠭᠤᠯᠤᠨ᠎ᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠡᠷᠡᠰ ᠭᠤᠶᠢᠪᠢᠰᠢ ᠦᠭᠡᠢ ᠪᠠᠷ ᠲᠣᠬᠢᠷᠠᠭᠤᠯᠤᠨ | ᠰᠢᠯᠢᠳᠡᠭᠵᠢᠭᠦᠯᠵᠦ᠂ ᠣᠳᠣ ᠦᠶ᠎ᠡ ᠶᠢᠨ ᠤᠨᠴᠠᠯᠢᠭᠳᠤ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ | ᠪᠣᠬᠢᠷᠳᠣᠯ ᠦᠭᠡᠢ ᠴᠠᠬᠢᠯᠭᠠᠨ ᠠᠰᠢᠭᠯᠠᠬᠤ ᠪᠠᠷ ᠳᠠᠭᠠᠭᠤᠯᠤᠭᠴᠢ ᠪᠣᠯᠭᠠᠨ ᠨᠡᠭᠦᠷᠡᠰᠦᠨ ᠤ ᠪᠤᠰᠤ ᠠᠵᠤ | ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠠᠶᠢᠴᠢᠯᠠᠨ᠎ᠠ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠢ ᠴᠢᠩᠭᠠᠷᠠᠭᠤᠯᠵᠣ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠭᠠᠳᠠᠭᠰᠢ ᠬᠦᠷᠭᠡᠬᠦ ᠶᠢ | ᠲᠤᠯᠭᠠᠭᠤᠷᠢᠯᠠᠬᠤ ᠶᠢᠨ ᠲᠣᠭᠤᠷᠢᠨ ᠳᠤ᠂ ᠢᠯᠠᠯᠲᠠ ᠠᠴᠠ ᠴᠢᠭᠤᠯᠤᠯᠲᠤ ᠬᠠᠭᠠᠯᠭ᠎ᠠ ᠬᠥᠷᠬᠦ ᠣᠨᠴᠠ ᠥᠨᠳᠥᠷ | ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠱᠤᠭᠤᠮ ᠢ ᠪᠠᠶᠢᠭᠤᠯᠤᠨ ᠳᠠᠭᠤᠰᠬᠠᠬᠤ ᠶᠢ ᠠᠬᠢᠭᠤᠯᠵᠤ᠂ 3 | ᠢᠯᠴᠢ ᠶᠢᠨ ᠴᠠᠬᠢᠯᠭᠠᠨ ᠤ ᠴᠠᠬᠢᠯᠭᠠᠨ ᠡᠭᠦᠰᠭᠡᠭᠴᠢ ᠶᠢᠨ ᠴᠢᠭ ᠢ ᠭᠠᠳᠠᠭᠰᠢ ᠬᠦᠷᠭᠡᠬᠦ ᠢᠨᠵᠧᠨᠧᠷᠢᠩ ᠢ ᠡᠬᠢᠯᠡᠨ | ᠪᠠᠶᠢᠭᠤᠯᠵᠤ᠂ ᠳᠣᠯᠣᠨ ᠨᠣᠣᠷ ᠠᠴᠠ ᠴᠧᠩᠳᠧ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ | ᠳᠠᠮᠵᠢᠭᠤᠯᠬᠤ ᠵᠠᠮ ᠱᠤᠭᠤᠮ ᠤᠨ ᠲᠦᠷᠢᠮ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠡᡁᠧᠪᠸᠢ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ | ᠭᠠᠳᠠᠭᠰᠢ ᠳᠠᠮᠵᠢᠭᠤᠯᠬᠤ ᠵᠠᠮ ᠱᠤᠭᠤᠮ ᠤᠨ ᠲᠦᠷᠢᠮ ᠬᠡᠷᠡᠭᠵᠢᠭᠦᠯᠬᠦ ᠶᠢ ᠠᠬᠢᠭᠤᠯᠤᠨ᠂ ᠠᠯᠠᠱᠠ ᠠᠴᠠ ᠤᠯᠠᠭᠠᠨᠴᠠᠪ | ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠤ ᠰᠠᠭᠠᠳ ᠦᠭᠡᠢ ᠨᠡᠪᠲᠡᠷᠡᠬᠦ ᠵᠠᠮ ᠤᠨ ᠢᠨᠵᠧᠨᠧᠷᠢᠩ ᠳᠤ | ᠢᠳᠡᠪᠬᠢᠲᠡᠢ ᠣᠷᠣᠯᠴᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠰᠦᠨᠢᠳ ᠤᠨ ᠴᠦᠯᠯᠡᠷᠭᠡᠭ ᠣᠷᠣᠨ | ᠳᠠᠬᠢ ᠮᠢᠩᠭᠠᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ | ᠠᠶᠢᠮᠠᠭ ᠤᠨ ᠳᠣᠲᠣᠷᠠᠬᠢ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠤᠨ 500 ᠺᠢᠯᠣᠸᠠᠲ ᠤᠨ ᠬᠦᠴᠦᠳᠡᠯ ᠥᠭᠡᠷᠡᠴᠢᠯᠡᠬᠦ | ᠥᠷᠲᠡᠭᠡ ᠶᠢ ᠪᠠᠶᠢᠭᠤᠯᠬᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠠᠴᠠ ᠲᠠᠯ᠎ᠠ ᠬᠦᠷᠲᠡᠯᠡᠬᠢ 500 | ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠥᠬᠦ ᠱᠤᠭᠤᠮ ᠤᠨ ᠪᠥᠲᠥᠭᠡᠨ | ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠪᠣᠬᠢᠷᠲᠤᠯ ᠥᠬᠡᠶ ᠴᠠᠬᠢᠯᠭᠠᠨ ᠤ ᠣᠶᠢᠷ᠎ᠠ ᠬᠠᠪᠢ ᠳᠠᠭᠠᠨ | ᠲᠤᠬᠠᠶ ᠶᠢᠨ ᠭᠠᠵᠠᠷ ᠲᠤᠨᠢ ᠰᠢᠩᠭᠡᠭᠡᠬᠦ ᠶᠢ ᠨᠠᠩ ᠰᠠᠶᠢᠲᠤᠷ ᠠᠬᠢᠭᠤᠯᠤᠨ᠎ᠠ᠃ ᠰᠢᠨ᠎ᠡ ᠡᠨᠧᠷᠭᠢ ᠶᠢᠨ ᠪᠦᠲᠦᠭᠡᠨ | ᠪᠠᠶᠢᠭᠤᠯᠤᠯᠲᠠ ᠶᠢ ᠱᠠᠯᠠᠪᠳᠠᠭᠤᠯᠣᠨ ᠠᠬᠢᠭᠤᠯᠵᠤ᠂ ᠣᠨᠴᠠ ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ | 500 ᠲᠦᠮᠡᠨ ᠺᠢᠯᠤᠸᠤᠯᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠷᠡᠯ ᠴᠡᠨᠡᠭ ᠢᠶᠠᠷ ᠡᠯᠡᠰᠦ | ᠵᠠᠰᠠᠬᠤ ᠲᠥᠷᠥᠯ ᠵᠦᠢᠯ ᠢ ᠮᠠᠨ ᠤ ᠠᠶᠢᠮᠠᠭ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠱᠠᠩᠲᠤ ᠠᠴᠠ ᠴᠧᠩᠳᠧ | ᠬᠥᠷᠬᠦ᠂ ᠶᠢᠨ ᠱᠠᠨ ᠠᠴᠠ ᠯᠢᠶᠣᠤᠨᠢᠩ ᠬᠥᠷᠬᠦ ᠴᠠᠬᠢᠯᠭᠠᠨ ᠳᠠᠮᠵᠢᠭᠤᠯᠬᠤ ᠵᠠᠮ ᠤᠨ ᠦᠯᠡᠳᠡᠪᠦᠷᠢ ᠬᠡᠮᠵᠢᠶ᠎ᠡ ᠶᠢ | ᠠᠰᠢᠭᠯᠠᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠮᠡᠭᠳᠡᠭᠦᠯᠬᠦ ᠪᠠᠷ ᠢᠳᠡᠪᠬᠢᠲᠡᠶ ᠴᠢᠷᠮᠠᠶᠢᠵᠤ᠂ ᠳᠤᠮᠳᠠᠳᠤ | ᠤᠯᠤᠰ ᠤᠨ ᠨᠡᠭᠦᠷᠡᠰᠦᠨ ᠠᠭᠤᠷᠬᠠᠶ ᠶᠢᠨ ᠮᠠᠩᠯᠠᠢ ᠴᠠᠬᠢᠯᠭᠠᠨ ᠦᠢᠯᠡᠳᠪᠦᠷᠢ ᠶᠢᠨ ᠰᠢᠨ᠎ᠡ ᠡᠨᠧᠷᠭᠢ ᠶᠢᠨ ᠲᠥᠷᠥᠯ | ᠵᠦᠢᠯ ᠢ ᠠᠮᠢᠳᠤᠯᠢᠭ ᠢᠶᠠᠷ ᠥᠭᠡᠷᠡᠴᠢᠯᠡᠵᠦ᠂ ᠵᠢᠯ ᠤᠨ ᠡᠴᠦᠰ ᠪᠣᠯᠬᠤ ᠳᠤ ᠪᠦᠬᠦ ᠠᠶᠢᠮᠠᠭ ᠤᠨ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠳ᠋ᠠ | ᠲᠠᠩ ᠤᠨ ᠲᠣᠯᠣᠨ ᠨᠣᠣᠷ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ | ᠴᠣᠭᠴᠠᠵᠢᠭᠤᠯᠬᠤ᠂ ᠮᠢᠩ ᠶᠠᠩ ᠤᠨ ᠲᠣᠯᠣᠨ ᠨᠣᠣᠷ ᠤᠨ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢ | ᠦᠢᠯᠡᠳᠬᠦ ᠶᠢ ᠨᠢᠭᠡ ᠴᠣᠭᠴᠠᠵᠢᠭᠤᠯᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠲᠣᠤᠷ ᠲᠤ ᠨᠡᠶᠢᠯᠡᠭᠦᠯᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠦᠬᠦᠨ ᠢ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ︔ ᠮᠧᠩ ᠨᠧᠩ 250 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠬᠦ | ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ︔ ᠲᠣᠯᠣᠨ ᠨᠣᠣᠷ | ᠰᠢᠶᠠᠨ ᠵᠡᠷᠭᠡ ᠤᠰᠤᠨ ᠤ ᠡᠬᠢ ᠪᠠᠶᠠᠯᠢᠭ ᠡᠯᠪᠡᠭ ᠭᠠᠵᠠᠷ ᠣᠷᠣᠨ ᠳᠤ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠶᠢ ᠲᠥᠯᠥᠪᠵᠢᠭᠦᠯᠦᠨ ᠪᠠᠶᠢᠭᠤᠯᠤᠨ᠎ᠠ᠃ ︽ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ | ᠥᠨᠳᠥᠷ ᠠᠴᠢᠶᠠᠯᠠᠭᠴᠢ ᠡᠨᠧᠷᠭᠢ︾ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠰᠢᠨ᠎ᠡ ᠡᠨᠧᠷᠭᠢ ᠰᠢᠩᠭᠡᠭᠡᠬᠦ ᠶᠢ ᠠᠬᠢᠭᠤᠯᠬᠤ ᠠᠷᠭ᠎ᠠ ᠬᠡᠮᠵᠢᠶ᠎ᠡ ᠪᠠᠨ ᠬᠢᠨᠠᠮᠠᠭᠠᠶ ᠨᠠᠶᠢᠳᠠᠪᠤᠷᠢᠵᠢᠭᠤᠯᠤᠨ᠂ | ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ᠂ ᠡᠬᠢ ᠰᠤᠷᠪᠤᠯᠵᠢ ᠶᠢᠨ ᠴᠠᠬᠢᠯᠭᠠᠨ | ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ᠂ ᠰᠢᠨ᠎ᠡ ᠬᠡᠯᠪᠡᠷᠢ ᠶᠢᠨ ᠪᠢᠴᠢᠯ ᠴᠠᠬᠢᠯᠭᠠᠨ ᠲᠣᠣᠷ | ᠵᠡᠷᠭᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠰᠢᠨ᠎ᠡ ᠡᠨᠧᠷᠭᠢ ᠶᠢᠨ ᠠᠵᠤ ᠦᠢᠯᠡᠰ ᠬᠢᠭᠡᠳ ᠥᠨᠳᠥᠷ | ᠠᠴᠢᠶᠠᠯᠠᠬᠴᠢ ᠡᠨᠧᠷᠭᠢ ᠶᠢᠨ ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠭᠦᠨᠵᠡᠭᠡᠢ ᠠᠬᠢᠭᠤᠯᠤᠨ᠎ᠠ᠃ ︽ | ᠪᠣᠬᠢᠷᠳᠣᠯ ᠦᠭᠡᠢ ᠴᠠᠬᠢᠯᠭᠠᠨ ᠢ ᠠᠰᠢᠭᠯᠠᠬᠤ + ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ︾ ᠲᠤᠰᠬᠠᠶ | ᠠᠵᠢᠯᠯᠠᠭᠠᠨ ᠤ ᠲᠥᠰᠦᠯ ᠲᠣᠭᠲᠠᠭᠠᠵᠤ᠂ ᠭᠤᠤᠯᠳᠠᠯᠭ᠎ᠠ ᠲᠠᠢ ᠡᠨᠧᠷᠭᠢ ᠶᠢᠨ ᠬᠤᠷᠣᠭᠳᠠᠯ ᠤᠨ ᠠᠵᠤ ᠠᠬᠤᠶᠢᠯᠠᠯ ᠤᠨ | ︽ᠨᠢᠭᠡ ᠠᠵᠤ ᠠᠬᠤᠶᠢᠯᠠᠯ ᠳᠤ ᠨᠢᠭᠡ ᠲᠥᠰᠦᠯ︾ ᠲᠠᠢ ᠪᠠᠶᠢᠬᠤ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ ᠶᠢ | ᠵᠣᠷᠢᠭᠵᠢᠭᠤᠯᠵᠤ᠂ ᠴᠠᠬᠢᠯᠭᠠᠨ ᠬᠦᠴᠦᠨ ᠤ ᠣᠯᠠᠨ ᠲᠠᠯᠠᠲᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠪᠡᠶ᠎ᠡ ᠪᠠᠨ | ᠳᠠᠭᠠᠭᠠᠵᠤ ᠣᠷᠣᠯᠴᠠᠨ᠂ ᠰᠢᠨ᠎ᠡ ᠡᠨᠧᠷᠭᠢ ᠶᠢᠨ ᠠᠷᠠᠯᠵᠢᠶᠠᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠣᠨ ᠤ | ᠴᠠᠬᠢᠯᠭᠠᠨ ᠬᠡᠷᠡᠭᠯᠡᠬᠦ ᠬᠡᠮᠵᠢᠶ᠎ᠡ ᠨᠢ 50 ᠳ᠋ᠦᠩᠰᠢᠭᠤᠷ ᠭᠷᠠᠳᠦ᠋ᠰ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ | ᠠᠬᠤᠶᠢᠯᠠᠯ᠂ ᠬᠤᠳᠠᠯᠳᠤᠭᠠᠴᠢᠨ ᠤᠷᠢᠬᠤ ᠲᠥᠷᠥᠯ ᠵᠦᠢᠯ ᠳᠤ᠂ ᠥᠨᠳᠥᠷ ᠬᠠᠷᠢᠴᠠᠯᠳᠤ ᠪᠣᠬᠢᠷᠲᠤᠯ ᠦᠭᠡᠶ | ᠴᠠᠬᠢᠯᠭᠠᠨ ᠤ ᠬᠠᠩᠭᠠᠯᠭ᠎ᠠ ᠰᠶᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠨ᠎ᠠ᠃ ᠵᠢᠷᠦᠬᠡ ᠬᠦᠷᠢᠶᠡᠯᠡᠩ | ᠲᠣᠭᠤᠷᠢᠭ ᠵᠡᠷᠭᠡ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ ᠨᠡᠮᠡᠭᠳᠡᠯ ᠬᠡᠮᠵᠢᠶᠡᠨ ᠤ ᠴᠠᠬᠢᠯᠭᠠᠨ ᠲᠦᠭᠡᠭᠡᠬᠦ | ᠲᠣᠤᠷ + ᠰᠢᠨ᠎ᠡ ᠡᠨᠧᠷᠭᠢ ᠶᠢ ᠰᠢᠩᠭᠡᠭᠡᠬᠦ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠵᠦ᠂ ᠨᠠᠩ ᠣᠯᠠᠨ | ᠴᠢᠨᠠᠷ ᠰᠠᠶᠢᠲᠠᠶ ᠥᠨᠳᠥᠷ ᠠᠴᠢᠶᠠᠯᠠᠭᠴᠢ ᠡᠨᠧᠷᠭᠢ ᠶᠢᠨ ᠲᠥᠷᠥᠯ ᠵᠦᠢᠯ ᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠤᠨ᠎ᠠ᠃ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠦᠷᠭᠦᠯᠵᠢᠯᠡᠨ | ᠬᠦᠴᠦᠷᠬᠡᠭᠵᠢᠭᠦᠯᠵᠦ᠂ ᠮᠠᠨ ᠤ ᠠᠶᠢᠮᠠᠭ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠨᠧᠷᠭᠢ ᠶᠢᠨ ᠲᠣᠨᠣᠭᠯᠠᠯ | ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠦᠷ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠥᠩ ᠴᠤᠸᠠᠨ | ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠠᠵᠢᠯ ᠢ | ᠠᠰᠢᠭᠯᠠᠯᠲᠠ ᠳᠤ ᠣᠷᠣᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠰᠢᠨ᠎ᠡ ᠡᠨᠧᠷᠭᠢ ᠶᠢᠨ ᠤᠰᠤᠲᠥ᠋ᠷᠥᠭᠴᠢ | ᠦᠢᠯᠡᠳᠬᠦ ᠲᠥᠬᠦᠭᠡᠷᠦᠮᠵᠢ᠂ ᠤᠶᠤᠨᠲᠤ ᠬᠡᠷᠡᠯ ᠴᠡᠨᠡᠭ ᠤᠨ ᠰᠥᠷᠭᠡᠤ ᠬᠤᠪᠢᠰᠬᠠᠭᠤᠷ᠂ ᠥᠨᠳᠥᠷ ᠦᠷ᠎ᠡ ᠠᠰᠢᠭᠲᠤ | ᠳᠠᠩ ᠲᠠᠯᠠᠰᠲᠤ ᠬᠡᠷᠴᠢᠮᠠᠯ᠂ ᠴᠠᠬᠢᠯᠭᠠᠨ ᠬᠦᠳᠡᠯᠭᠡᠭᠦᠷ ᠦᠢᠯᠡᠳᠪᠦᠷᠢᠯᠡᠬᠦ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠲᠥᠪ ᠪᠠ | ᠲᠥᠬᠦᠭᠡᠷᠦᠮᠵᠢ ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ ᠪᠥᠬᠦ ᠠᠵᠤ ᠦᠢᠯᠡᠰ ᠤᠨ ᠬᠡᠯᠬᠢᠶᠡᠵᠢᠯ ᠤᠨ | ᠲᠣᠨᠣᠭᠯᠠᠯ ᠦᠢᠯᠡᠳᠬᠦ ᠪᠠ ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ | ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠤᠯᠠᠮ ᠳᠡᠭᠡᠭᠰᠢᠯᠡᠭᠦᠯᠵᠦ᠂ ᠰᠢᠯᠢ ᠶᠢᠨ ᠭᠤᠤᠯ | ᠬᠤᠨᠢᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ︽ᠦᠨ᠎ᠡ ᠲᠣᠭᠲᠠᠭᠠᠬᠤ ᠡᠷᠬᠡ︾ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠬᠤᠨᠢᠨ ᠤ | ᠦᠨ᠎ᠡ ᠬᠠᠩᠰᠢ ᠪᠠ ᠦᠢᠯᠡᠳᠭᠦᠨ ᠤ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ 50 | ᠲᠦᠮᠡ ᠠᠴᠠ ᠳᠡᠭᠡᠭᠰᠢ ᠪᠡᠯᠴᠢᠭᠡᠷ ᠤᠨ ᠬᠤᠨᠢ ᠶᠢ ᠮᠥᠷᠳᠡᠨ ᠨᠡᠬᠡᠮᠵᠢᠯᠡᠬᠦ ᠶᠢ ᠬᠡᠷᠡᠭᠵᠢᠭᠦᠯᠵᠦ᠂ ᠦᠢᠯᠡᠳᠬᠦᠨ ᠤ | ᠦᠨ᠎ᠡ ᠬᠠᠩᠰᠢ ᠶᠢ 8% ᠠᠴᠠ ᠳᠡᠭᠡᠭᠰᠢ ᠦᠰᠭᠡᠨ᠂ ᠰᠢᠯᠢ ᠶᠢᠨ ᠭᠤᠣᠯ ᠬᠤᠨᠢᠨ ᠤ ᠨᠡᠷᠡᠲᠦ ᠲᠥᠷᠥᠯ | ᠲᠡᠮᠳᠡᠭᠲᠦ ᠶᠢᠨ ᠴᠢᠨᠠᠷ ᠰᠠᠶᠢᠲᠠᠢ ᠦᠨ᠎ᠡ ᠥᠷᠲᠡᠭ ᠲᠠᠢ ᠨᠡᠷᠡᠲᠦ ᠲᠡᠮᠳᠡᠭ ᠤᠨ ᠰᠢᠰᠲ᠋ᠧᠮᠵᠢ ᠪᠣᠯᠤᠨ ᠥᠷᠲᠡᠭ ᠤᠨ | ᠰᠢᠰᠲ᠋ᠧᠮᠵᠢ ᠶᠢ ᠪᠦᠷᠢᠯᠳᠦᠭᠦᠯᠦᠨ᠎ᠡ᠃ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠬᠡᠪᠴᠢᠶ᠎ᠡ ᠶᠢ ᠥᠷᠭᠡᠳᠬᠡᠨ᠂ ᠳᠠᠬᠢᠨ 9 ᠭᠠᠷ | ᠦᠢᠯᠡᠳᠬᠡᠯ ᠤᠨ ᠭᠠᠵᠠᠷ ᠢ ᠰᠣᠩᠭᠤᠨ ᠠᠵᠤ ᠠᠬᠤᠶᠢᠯᠠᠯ ᠪᠣᠯᠭᠠᠨ ᠲᠠᠰ ᠳᠡᠪᠰᠢᠭᠦᠯᠦᠨ᠎ᠡ᠃ ᠰᠢᠯᠢ ᠶᠢᠨ ᠭᠤᠤᠯ | ᠬᠤᠨᠢ᠂ ᠰᠢᠯᠢ ᠶᠢᠨ ᠭᠤᠤᠯ ᠴᠠᠭᠠᠨ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠭᠳᠡᠬᠦᠨ ᠢ ᠬᠤᠯᠪᠣᠭᠠᠯᠠᠨ | ᠪᠣᠷᠣᠯᠠᠭᠤᠯᠬᠤ ᠶᠢ ᠥᠷᠨᠢᠭᠦᠯᠵᠦ᠂ ᠬᠤᠰᠢᠭᠤᠴᠢ ᠳᠡᠯᠭᠡᠭᠦᠷ᠂ ᠪᠣᠷᠣᠯᠠᠭᠤᠯᠬᠤ ᠳᠡᠯᠭᠡᠭᠦᠷ ᠪᠠ ᠰᠦᠯᠵᠢᠶᠡᠨ | ᠳᠡᠭᠡᠷᠡᠬᠢ ᠠᠯᠪᠠᠨ ᠤ ᠳᠡᠯᠭᠡᠭᠦᠷ ᠢ ᠬᠦᠴᠦᠷᠭᠡᠭᠵᠢᠬᠦᠯᠵᠣ᠂ ᠠᠯᠪᠠᠨ ᠤ ᠲᠠᠯ᠎ᠠ ᠶᠢᠨ ᠬᠥᠮᠥᠷᠭᠡᠯᠡᠨ ᠬᠦᠷᠭᠡᠬᠦ ᠪᠠ | ᠬᠦᠢᠲᠡᠨ ᠬᠡᠯᠬᠢᠶᠡᠲᠦ ᠭᠤᠣᠯ ᠱᠤᠭᠤᠮ ᠤᠨ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢ ᠰᠠᠶᠢᠲᠤᠷ ᠠᠳᠬᠤᠵᠤ᠂ | ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠷᠠᠲᠤ ᠲᠥᠷᠥᠯ | ᠲᠡᠮᠳᠡᠭᠲᠦ ᠶᠢ ᠲᠠᠨᠢᠯᠴᠠᠭᠤᠯᠬᠤ ᠪᠠ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠴᠢᠯᠠᠭᠤᠨ | ᠲᠣᠰᠣ᠂ ᠳᠤᠮᠳᠠᠳᠤ ᠤᠯᠤᠰ ᠤᠨ ᠰᠢᠤᠳᠠᠨ ᠤ ᠶᠠᠪᠤᠳᠠᠯ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠤᠨ | ᠪᠣᠷᠣᠯᠠᠭᠤᠯᠭ᠎ᠠ ᠶᠢᠨ ᠠᠷᠭ᠎ᠠ ᠵᠠᠮ ᠢ ᠠᠰᠢᠭᠯᠠᠨ᠂ ︽ᠣᠩᠭᠤᠴᠠ ᠵᠢᠭᠡᠯᠡᠨ ᠲᠡᠯᠡᠶ ᠳᠤ ᠭᠠᠷᠴᠤ︾᠂ ᠨᠠᠩ ᠣᠯᠠᠨ | ᠮᠠᠯᠴᠢᠨ ᠲᠠᠷᠢᠶᠠᠴᠢᠨ ᠳᠤ ᠨᠠᠷᠠᠲᠤ ᠲᠥᠷᠥᠯ ᠲᠡᠮᠳᠡᠭᠲᠦ ᠶᠢᠨ ᠦᠨ᠎ᠡ ᠬᠠᠩᠰᠢ ᠶᠢᠨ ᠨᠡᠮᠡᠭᠳᠡᠯ ᠤᠨ ᠠᠰᠢᠭ | ᠣᠷᠣᠯᠭ᠎ᠠ ᠶᠢ ᠡᠳ᠋ᠯᠡᠭᠦᠯᠦᠨ᠎ᠡ᠃ ᠦᠷ᠎ᠡ ᠶᠢᠨ ᠦᠢᠯᠡᠰ ᠤᠨ ᠥᠷᠢᠰᠦᠯᠳᠦᠬᠦ ᠬᠦᠴᠦᠨ ᠢ ᠤᠯᠠᠮ ᠳᠡᠭᠡᠭᠰᠢᠯᠡᠭᠦᠯᠵᠦ᠂ | ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠪᠠ | ᠪᠠᠶᠢᠭᠠᠯᠢᠯᠢᠭ ᠬᠡᠭᠡᠯᠲᠦᠭᠦᠯᠭᠡ ᠶᠢ ᠠᠳᠬᠤᠵᠤ᠂ ᠮᠢᠬᠠᠨ ᠤ ᠦᠬᠡᠷ ᠤᠨ ᠪᠣᠳᠠᠭᠠᠯᠢ ᠪᠡᠶ᠎ᠡ ᠶᠢᠨ ᠭᠠᠷᠭᠠᠯᠲᠠ ᠪᠠ | ᠶᠡᠷᠦᠩᠬᠡᠶᠢᠯᠡᠭᠰᠡᠨ ᠦᠷ᠎ᠡ ᠠᠰᠢᠭ ᠤᠨ ᠥᠷᠲᠡᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠬᠤᠸᠠᠰᠢ ᠦᠬᠡᠷ ᠤᠨ | ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ 20 ᠲᠦᠮᠡᠨ | ᠢᠴᠡᠭᠡᠯ ᠦᠷ᠎ᠡ ᠶᠢ ᠳᠡᠯᠭᠡᠷᠡᠭᠦᠯᠵᠦ᠂ ᠰᠢᠯᠢᠳᠡᠭ ᠡᠭᠦᠯᠳᠡᠷ ᠤᠨ 50 ᠬᠤᠸᠠᠰᠢ ᠦᠬᠡᠷ ᠤᠨ ᠦᠷ᠎ᠡ ᠶᠢᠨ ᠮᠠᠯ ᠢ | ᠪᠤᠶᠢᠵᠢᠭᠤᠯᠤᠨ᠂ 1000 ᠬᠦᠪᠦᠷᠡᠯ ᠰᠢᠯᠵᠢᠭᠦᠯᠦᠨ ᠲᠠᠷᠢᠵᠤ᠂ ᠡᠭᠦᠯᠳᠡᠷ ᠪᠤᠶᠢᠵᠢᠭᠤᠯᠬᠤ ᠬᠡᠪᠴᠢᠶ᠎ᠡ ᠶᠢ 1.8 | ᠲᠦᠮᠡᠨ ᠲᠣᠯᠣᠭᠠᠢ ᠳᠤ ᠬᠦᠷᠦᠭᠦᠯᠦᠨ᠎ᠡ᠃ ᠤᠯᠤᠰ ᠤᠨ ᠲᠠᠰ ᠤᠨ ᠦᠵᠦᠮᠦᠴᠢᠨ ᠴᠠᠭᠠᠨ ᠦᠬᠡᠷ ︵ᠱᠠᠷᠦ᠋ᠯᠠᠢ︶ ᠤᠨ | ᠡᠭᠦᠯᠳᠡᠷ ᠪᠤᠶᠢᠵᠢᠭᠤᠯᠬᠤ ᠭᠤᠤᠯ ᠲᠠᠯᠠᠪᠠᠶ 1 ᠶᠢ ᠰᠢᠨ᠎ᠡ ᠪᠠᠷ ᠪᠠᠶᠢᠭᠤᠯᠵᠤ᠂ ᠭᠤᠣᠯᠳᠠᠯᠭᠠᠳᠣ ᠰᠦᠷᠦᠭ 4 ᠶᠢ | ᠰᠢᠨ᠎ᠡ ᠪᠠᠷ ᠨᠡᠮᠡᠵᠣ᠂ ᠥᠷᠭᠡᠳᠬᠡᠨ ᠦᠷᠡᠵᠢᠭᠦᠯᠬᠦ ᠰᠦᠷᠦᠭ 20 ᠶᠢ ᠰᠢᠨ᠎ᠡ ᠪᠠᠷ ᠨᠡᠮᠡᠭᠳᠡᠭᠦᠯᠵᠣ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠳᠡᠰ ᠤᠨ ᠮᠢᠬᠠᠨ ᠤ ᠦᠬᠡᠷ ᠬᠤᠨᠢᠨ ᠤ ᠡᠭᠦᠯᠳᠡᠷ ᠢ ᠪᠤᠶᠢᠵᠢᠭᠤᠯᠬᠤ ᠭᠤᠣᠯᠳᠠᠯᠭᠠᠳᠣ | ᠲᠠᠯᠠᠪᠠᠢ ᠶᠢ 9 ᠪᠣᠯᠭᠠᠬᠤ ᠪᠠᠷ ᠴᠢᠷᠮᠠᠶᠢᠨ᠎ᠠ᠃ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ | ᠳᠡᠭᠡᠭᠰᠢᠯᠡᠭᠦᠯᠵᠦ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾᠂ ︽ᠪᠥᠬᠦ ᠵᠢᠯ ᠳᠤ ᠪᠡᠯᠴᠢᠭᠡᠷᠯᠡᠭᠦᠯᠬᠦ ᠶᠢ | ᠴᠠᠭᠠᠵᠠᠯᠠᠬᠤ + ᠬᠠᠰᠢᠶᠠᠯᠠᠨ ᠲᠡᠵᠢᠭᠡᠬᠦ︾ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠣᠷᠣᠨ ᠤ ᠪᠠᠨ | ᠪᠠᠶᠢᠳᠠᠯ ᠳᠤᠨᠢ ᠲᠣᠬᠢᠷᠠᠭᠤᠯᠤᠨ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠬᠠᠰᠢᠶᠠᠯᠠᠨ ᠲᠡᠵᠢᠭᠡᠭᠰᠡᠨ ᠮᠠᠯ ᠢᠶᠠᠨ ᠪᠡᠯᠴᠢᠭᠡᠷᠯᠡᠭᠦᠯᠬᠦ ᠥᠬᠡᠶ ᠪᠠᠶᠢᠬᠤ ᠤᠷᠢᠲᠠᠯ ᠳᠣᠤᠷ᠎ᠠ᠂ ︽ | ᠬᠤᠨᠢ ᠶᠢ ᠴᠥᠭᠡᠳᠬᠡᠵᠦ᠂ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠂ ᠭᠤᠤᠯ | ᠪᠣᠯᠬᠤ ᠤᠰᠤᠨ ᠰᠢᠰᠲ᠋ᠧᠮ ᠤᠨ ᠰᠠᠪᠠ ᠭᠠᠵᠠᠷ ᠲᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠢᠶᠠᠷ ᠭᠤᠣᠯ | ᠪᠣᠯᠭᠠᠭᠰᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠪᠦᠰᠡ ᠶᠢ ᠪᠠᠶᠢᠭᠤᠯᠵᠤ᠂ ᠮᠢᠬᠠᠨ ᠤ | ᠦᠬᠡᠷ ᠤᠨ ᠠᠵᠤ ᠦᠢᠯᠡᠰ ᠤᠨ ᠵᠠᠩᠭᠢᠯᠠᠭ᠎ᠠ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠵᠤ᠂ | ᠮᠠᠯᠵᠢᠯ ᠤᠨ ᠣᠨ ᠤ ︽ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾ ᠮᠢᠬᠠᠨ ᠤ ᠦᠬᠡᠷ ᠤᠨ ᠲᠤᠭ᠎ᠠ ᠶᠢ 195 | ᠲᠦᠮᠡ ᠳᠤ ᠲᠣᠭᠲᠠᠪᠤᠷᠢᠵᠢᠭᠤᠯᠵᠤ᠂ ᠬᠠᠰᠢᠶᠠᠯᠠᠨ ᠲᠡᠵᠢᠭᠡᠵᠦ ᠪᠠᠶᠢᠭ᠎ᠠ ᠮᠢᠬᠠᠨ ᠤ ᠦᠬᠡᠷ ᠢ 25 ᠲᠦᠮᠡ ᠳᠤ | ᠬᠦᠷᠦᠭᠦᠯᠦᠨ᠎ᠡ︔ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ ︽ᠰᠢᠯᠢ ᠶᠢᠨ | ᠭᠤᠣᠯ ᠬᠤᠨᠢ ᠶᠢᠨ ᠳᠤᠮᠳᠠᠳᠤ ᠤᠯᠤᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾ | ᠢ ᠪᠠᠶᠢᠭᠤᠯᠵᠤ᠂ ᠮᠠᠯᠵᠢᠯ ᠤᠨ ᠣᠨ ᠤ ᠪᠡᠯᠴᠢᠭᠡᠷ ᠤᠨ ᠬᠤᠨᠢ ᠶᠢ 1030 ᠲᠦᠮᠡ ᠳᠤ ᠬᠦᠷᠭᠡᠨ᠎ᠡ︔ ᠰᠢᠯᠢ ᠶᠢᠨ | ᠬᠤᠳᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠳᠤ ᠲᠤᠰᠬᠠᠢ ᠬᠠᠷᠢᠶᠠᠯᠠᠭᠳᠠᠬᠤ ᠣᠷᠣᠨ | ᠪᠦᠰᠡ ᠶᠢ ᠵᠠᠭᠠᠭᠯᠠᠨ ᠲᠣᠭᠲᠠᠭᠠᠵᠤ᠂ ᠬᠠᠰᠢᠶᠠᠯᠠᠨ ᠲᠡᠵᠢᠭᠡᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠠᠰᠢᠶᠠᠯᠠᠨ | ᠲᠡᠵᠢᠭᠡᠵᠦ ᠦᠷᠡᠵᠢᠭᠦᠯᠬᠦ ᠬᠡᠪᠴᠢᠶ᠎ᠡ ᠶᠢ 35 ᠲᠦᠮᠡᠨ ᠲᠣᠯᠣᠭᠠᠢ ᠳᠤ ᠬᠦᠷᠦᠭᠦᠯᠵᠦ᠂ ᠪᠥᠬᠦ ᠠᠵᠤ ᠦᠢᠯᠡᠰ ᠤᠨ | ᠬᠡᠯᠬᠢᠶᠡᠵᠢᠯ ᠤᠨ ᠪᠢᠳᠡᠭᠦᠮᠵᠢᠯᠡᠭᠰᠡᠨ ᠬᠠᠮᠢᠶᠠᠷᠤᠯᠲᠠ ᠪᠠ ᠮᠥᠷᠳᠡᠵᠦ ᠪᠣᠯᠬᠤ ᠶᠢ ᠬᠡᠷᠡᠭᠵᠢᠭᠦᠯᠦᠨ᠂ ᠳᠥᠷᠪᠡᠨ | ᠤᠯᠠᠷᠢᠯ ᠳᠤ ᠪᠦᠷ ᠡᠳ᠋ᠰᠢᠭᠦᠯᠦᠨ ᠪᠣᠷᠣᠯᠠᠭᠤᠯᠵᠤ᠂ ᠵᠠᠬ᠎ᠠ ᠳᠡᠯᠭᠡᠭᠦᠷ ᠲᠤ ᠲᠡᠩᠴᠡᠭᠦᠷᠢᠲᠡᠶ ᠭᠠᠷᠭᠠᠬᠤ ᠶᠢ | ᠪᠡᠶᠡᠯᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠣᠷᠢ᠂ ᠲᠡᠮᠡᠭᠡ ᠵᠡᠷᠭᠡ | ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠭᠦᠭᠵᠢᠭᠦᠯᠦᠨ᠎ᠡ᠃ ᠨᠠᠷᠢᠯᠢᠭ ᠭᠦᠨᠵᠡᠭᠡᠶ ᠡᠳ᠋ᠰᠢᠭᠦᠯᠬᠦ ᠲᠠᠰ | ᠳᠠᠪᠬᠤᠷᠭ᠎ᠠ ᠶᠢ ᠤᠯᠠᠮ ᠳᠡᠭᠡᠭᠰᠢᠯᠡᠭᠦᠯᠵᠦ᠂ ᠠᠶᠢᠮᠠᠭ ᠤᠨ ᠳᠣᠲᠣᠷᠠᠬᠢ ᠭᠤᠤᠯᠳᠠᠯᠭ᠎ᠠ ᠲᠠᠢ ᠲᠣᠯᠣᠭᠠᠶᠢᠯᠠᠭᠴᠢ ᠠᠵᠤ | ᠠᠬᠤᠶᠢᠯᠠᠯ ᠤᠨ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢᠶᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ | ᠳᠠᠬᠢᠨ 1—2 ᠮᠢᠬᠠᠨ ᠤ ᠦᠬᠡᠷ ᠤᠨ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠴᠢᠨᠰᠠᠭ᠎ᠠ ᠪᠠ | ᠨᠡᠮᠡᠯᠲᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠶᠢᠮᠠᠭ ᠤᠨ ᠳᠣᠲᠣᠷᠠᠬᠢ ᠮᠠᠯ ᠤᠨ ᠡᠳ᠋ᠰᠢᠭᠦᠯᠦᠨ | ᠪᠣᠯᠪᠠᠰᠤᠷᠠᠭᠤᠯᠬᠤ ᠬᠡᠮᠵᠢᠶ᠎ᠡ ᠶᠢ 450 ᠲᠦᠮᠡᠨ ᠬᠤᠨᠢᠴᠢᠯᠠᠭᠰᠡᠨ ᠨᠢᠭᠡᠴᠡ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠦ ᠶᠢᠨ | ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠥᠬᠦ ᠰᠢᠶᠠᠨ ᠢᠶᠠᠷ ᠨᠢ ᠳᠥᠯᠭᠢᠨ ᠠᠬᠢᠭᠤᠯᠬᠤ | 1 ᠲᠥᠷᠥᠯ ᠵᠦᠢᠯ ᠢ ᠴᠢᠷᠮᠠᠶᠢᠨ ᠣᠯᠵᠣ᠂ ᠰᠦ ᠶᠢᠨ ᠦᠢᠯᠡᠰ ᠤᠨ ᠬᠦᠷᠢᠶᠡᠯᠡᠩ ᠲᠣᠭᠤᠷᠢᠭ ᠢ 1 ᠰᠢᠨ᠎ᠡ ᠪᠠᠷ | ᠪᠠᠶᠢᠭᠤᠯᠤᠨ᠎ᠠ᠃ ᠬᠤᠨᠢᠨ ᠠᠷᠠᠰᠤ᠂ ᠬᠤᠨᠢᠨ ᠰᠡᠭᠦᠯ᠂ ᠰᠢᠷᠠᠰᠤ ᠪᠣᠯᠪᠠᠰᠤᠷᠠᠭᠤᠯᠬᠤ ᠵᠡᠷᠭᠡ ᠠᠵᠤ ᠦᠢᠯᠡᠰ ᠢ | ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠬᠤᠨᠢᠨ ᠠᠷᠠᠰᠤᠨ | ᠢᠳᠡᠭᠡᠨ ᠤ ᠮᠠᠲ᠋ᠧᠷᠢᠶᠠᠯ ᠪᠠ ᠰᠢᠷᠠᠰᠤ ᠪᠣᠯᠪᠠᠰᠤᠷᠠᠭᠤᠯᠬᠤ ᠲᠥᠷᠥᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠲᠡᠷᠢᠭᠦᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠠᠷᠢᠬᠢ᠂ ᠰᠢᠬᠢᠷ᠂ ᠲᠣᠰᠣ᠂ ᠲᠥᠮᠥᠰᠥ ᠵᠡᠷᠭᠡ ᠴᠢᠨᠠᠷ ᠰᠠᠶᠢᠲᠠᠶ ᠲᠠᠷᠢᠶᠠᠯᠠᠩ ᠤᠨ ᠲᠤᠰᠠᠯᠠᠬᠤ | ᠠᠵᠤ ᠠᠬᠤᠶ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠴᠢᠩᠭᠠᠳᠬᠠᠨ᠎ᠠ᠃ ᠮᠠᠯ | ᠠᠵᠤ ᠠᠬᠤᠢ ᠲᠠᠷᠢᠶᠠᠯᠠᠩ ᠤᠨ ᠲᠥᠬᠦᠭᠡᠷᠦᠮᠵᠢᠲᠦ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ︽ᠠᠮᠤ | ᠪᠤᠳᠠᠭ᠎ᠠ ᠶᠢ ᠲᠣᠭᠲᠠᠪᠤᠷᠢᠵᠢᠭᠤᠯᠵᠤ ᠠᠵᠤ ᠠᠬᠤᠶ ᠶᠢ ᠰᠢᠯᠢᠳᠡᠭᠵᠢᠭᠦᠯᠦᠨ ᠲᠠᠷᠢᠮᠠᠯ ᠢ ᠥᠷᠭᠡᠳᠬᠡᠬᠦ︾ ᠶᠢ ᠪᠠᠷᠢᠮᠲᠠᠯᠠᠨ | ᠂ ᠠᠮᠤ ᠪᠤᠳᠠᠭ᠎ᠠ ᠳᠠᠷᠢᠬᠤ ᠲᠠᠯᠠᠪᠠᠶ ᠶᠢ 220 ᠲᠦᠮᠡᠨ ᠮᠥ᠂ ᠠᠵᠤ ᠠᠬᠤᠶ ᠶᠢᠨ ᠲᠠᠷᠢᠮᠠᠯ ᠢ 70 ᠲᠦᠮᠡᠨ ᠮᠥ | ᠲᠠᠷᠢᠬᠤ ᠶᠢ ᠦᠨᠡᠨᠬᠦ ᠪᠠᠳᠣᠯᠠᠵᠣ᠂ 19.29 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ | ᠪᠠᠶᠢᠭᠤᠯᠪᠠ᠃ ᠲᠡᠵᠢᠭᠡᠯ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠤᠯᠠᠮ ᠪᠠᠲᠤᠯᠠᠵᠤ᠂ ᠴᠢᠨᠠᠷ ᠰᠠᠶᠢᠲᠠᠶ | ᠲᠡᠵᠢᠭᠡᠯ ᠡᠪᠡᠰᠦ ᠲᠠᠷᠢᠬᠤ ᠲᠠᠯᠠᠪᠠᠶ 120 ᠲᠦᠮᠡᠨ ᠮᠦ ᠪᠠᠶᠢᠵᠤ᠂ ᠪᠠᠶᠢᠭᠠᠯᠢ ᠶᠢᠨ ᠬᠠᠳᠤᠯᠠᠩ ᠤᠨ ᠲᠠᠯᠠᠪᠠᠶ ᠶᠢ | 3000 ᠲᠦᠮᠡᠨ ᠮᠦ ᠳᠤ ᠲᠣᠭᠲᠠᠪᠤᠷᠢᠵᠢᠭᠤᠯᠵᠤ᠂ ᠤᠨᠠᠯᠲᠠ ᠶᠢ 20 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ | ᠪᠠᠶᠢᠯᠭᠠᠵᠣ᠂ ᠨᠥᠬᠦᠴᠡᠯ ᠲᠠᠢ ᠬᠤᠰᠢᠭᠤ ᠬᠤᠲᠠ ︵ᠤᠷᠤᠨ︶ ᠳᠤ ᠲᠥᠪᠯᠡᠷᠡᠨ ᠵᠠᠯᠭᠠᠯᠳᠤᠭᠰᠠᠨ ᠪᠠᠶᠢᠭᠠᠯᠢ ᠶᠢᠨ | ᠬᠠᠳᠤᠯᠠᠩ ᠢ ᠲᠦᠪᠯᠡᠷᠡᠭᠦᠯᠵᠦ᠂ ᠬᠠᠷᠢᠯᠴᠨ ᠰᠣᠯᠢᠯᠴᠠᠭᠤᠯᠬᠤ ᠶᠢ ᠬᠡᠷᠡᠭᠵᠢᠭᠦᠯᠦᠨ᠂ 30 ᠰᠠᠭᠤᠷᠢ ᠬᠤᠯᠢᠮᠠᠭ | ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠭᠤᠷᠪᠠᠨ ᠱᠠᠲᠤᠨ ᠤ ᠲᠡᠵᠢᠭᠡᠯ | ᠡᠪᠡᠰᠦ ᠪᠣᠷᠳᠤᠭ᠎ᠠ ᠨᠥᠭᠡᠴᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠭᠠᠩ ᠬᠠᠭᠰᠠᠷᠭᠠᠨ ᠲᠠᠢ ᠲᠡᠮᠡᠴᠡᠬᠦ ᠴᠢᠨᠠᠷᠲᠠᠢ | ᠮᠠᠯ ᠠᠵᠤ ᠠᠬᠤᠢ ᠶᠢᠨ ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ ᠃ | ᠵᠢᠭᠤᠯᠴᠢᠯᠠᠯ ᠤᠨ ᠦᠢᠯᠡᠰ ᠢᠶᠠᠷ ᠵᠢᠯᠣᠭᠤᠳᠤᠮᠵᠢ ᠪᠣᠯᠭᠠᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠣᠯᠳᠠᠯᠭ᠎ᠠ ᠲᠠᠢ ᠦᠵᠡᠮᠵᠢ ᠶᠢᠨ | ᠣᠷᠣᠨ ᠤ ᠳᠡᠰ ᠳᠡᠪᠰᠢᠬᠦ ᠶᠢ ᠦᠷᠭᠦᠯᠵᠢᠯᠡᠨ ᠲᠦᠷᠭᠡᠳᠬᠡᠵᠦ᠂ ᠤᠯᠠᠭᠠᠢ ᠶᠢᠨ ᠵᠢᠦ ᠴᠢᠤᠢ ᠸᠠᠨ ᠤ ᠤᠯᠤᠰ ᠤᠨ 5A | ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠤᠯᠤᠨ ᠨᠠᠭᠤᠷ ᠳᠠᠭᠠᠤ ᠤᠯᠤᠰ ᠤᠨ ᠵᠤᠭᠠᠴᠠᠯ ᠤᠨ ᠣᠷᠣᠨ ᠢ | ᠡᠭᠦᠳᠦᠨ ᠪᠠᠶᠢᠭᠤᠯᠬᠤ ᠠᠵᠢᠯ ᠢᠶᠠᠨ ᠭᠤᠣᠯᠳᠠᠯᠭ᠎ᠠ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 34 | ᠳ᠋ᠣᠬᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠢᠳᠡᠪᠬᠢᠲᠡᠶ ᠪᠡᠯᠡᠳᠬᠡᠵᠦ᠂ ᠮᠣᠩᠭᠤᠯ ᠮᠣᠷᠢᠨ ᠤ | ᠬᠤᠯᠪᠣᠭᠠᠲᠤ ᠤᠷᠤᠯᠳᠤᠭᠠᠨ᠂ ᠡᠪᠦᠯ ᠤᠨ ᠣᠯᠠᠷᠢᠯ ᠤᠨ ᠮᠥᠰᠥ ᠴᠠᠰᠤ ᠶᠢ ᠲᠤᠭᠤᠯᠬᠤ ᠠᠵᠢᠯᠯᠠᠭ᠎ᠠ᠂ ᠮᠠᠰᠢᠨ | ᠲᠡᠷᠭᠡᠨ ᠤ ᠣᠷᠣᠯᠳᠣᠭᠠᠨ ᠪᠠ ᠳᠠᠭᠤᠤ ᠬᠥᠭᠵᠢᠮ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠢᠳᠡᠪᠬᠢᠲᠠᠢ ᠡᠷᠬᠢᠯᠡᠵᠣ᠂ | ᠲᠤᠯᠤᠨ ᠨᠠᠭᠤᠷ ᠳᠠᠭᠠᠤ ︽300 ᠺᠢᠯᠣᠮᠧᠲᠷ ᠤᠨ ᠬᠠᠮᠤᠭ ᠤᠨ ᠭᠤᠶᠤ ᠦᠵᠡᠮᠵᠢ ᠶᠢᠨ ᠶᠡᠭᠡ ᠲᠣᠭᠤᠷᠢᠯ ᠵᠠᠮ︾ | ᠤᠨ ᠮᠣᠷᠢᠨ ᠮᠡᠷᠭᠡᠵᠢᠯ ᠤᠨ ᠳᠠᠪᠠᠯᠲᠠ᠂ ᠰᠢᠯᠢ ᠶᠢᠨ ᠬᠤᠲᠠ ᠶᠢᠨ ︽ᠵᠠᠭᠤᠨ ᠭᠠᠵᠠᠷ ᠤᠨ ᠮᠣᠷᠢᠨ ᠵᠠᠮ︾ ᠪᠠ ᠮᠠᠰᠢᠨ | ᠳᠡᠷᠭᠡᠨ ᠤ ᠵᠣᠭᠠᠴᠠᠯ ᠤᠨ ᠭᠠᠵᠠᠷ᠂ ᠲᠠᠯ᠎ᠠ ᠨᠤᠲᠤᠭ ᠢᠶᠠᠷ ᠬᠤᠨᠣᠭᠯᠠᠬᠤ ᠵᠡᠷᠭᠡ ᠲᠥᠷᠥᠯ ᠵᠦᠢᠯ ᠢ ᠰᠠᠶᠢᠳᠣᠷ | ᠭᠡᠷᠡᠭᠵᠢᠬᠦᠯᠦᠨ᠎ᠡ᠃ ᠨᠡᠩ ᠣᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠵᠣ᠂ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠥᠪᠡᠰᠦᠪᠡᠨ ᠲᠡᠷᠭᠡ ᠵᠢᠯᠣᠭᠤᠳᠤᠨ ᠲᠣᠭᠤᠷᠢᠯ ᠱᠤᠭᠤᠮ ᠢ ᠳᠤᠭᠤᠯᠤᠨ᠎ᠠ᠃ | ᠰᠢᠯᠢ ᠶᠢᠨ ᠭᠤᠤᠯ ᠤᠨ ᠭᠠᠷ ᠪᠡᠯᠡᠭ︾ ᠢ ᠡᠯᠰᠡᠨ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ | ᠥᠪᠡᠰᠦᠪᠡᠨ ᠲᠡᠷᠭᠡ ᠵᠢᠯᠣᠭᠤᠳᠤᠨ ᠵᠢᠭᠤᠯᠴᠢᠯᠠᠭᠴᠢᠳ ᠤᠨ ᠬᠤᠳᠠᠯᠳᠤᠨ ᠠᠪᠬᠤ ᠳᠤ ᠲᠣᠬᠢᠷᠠᠬᠤ ᠪᠠᠷᠠᠭ᠎ᠠ ᠶᠢ ᠬᠢᠨᠠᠨ | ᠰᠣᠩᠭᠤᠨ᠎ᠠ᠃ ︽ᠢᠳᠡᠵᠦ ᠤᠤᠭᠤᠬᠤ ᠶᠠᠪᠤᠵᠤ ᠰᠠᠭᠤᠬᠤ ᠠᠶᠠᠯᠠᠨ ᠵᠣᠭᠠᠴᠠᠬᠤ ᠠᠷᠠᠯᠵᠢᠶᠠᠯᠠᠬᠤ ᠵᠤᠭ᠎ᠠ ᠴᠡᠩᠭᠡᠬᠦᠨ︾ | ᠤ ᠵᠢᠭᠤᠯᠴᠢᠯᠠᠯ ᠤᠨ ᠬᠦᠴᠦᠨ ᠵᠦᠢᠯ ᠢ ᠨᠢᠭᠡ ᠴᠤᠭᠴᠠᠵᠢᠭᠤᠯᠤᠨ ᠳᠡᠭᠡᠭᠰᠢᠯᠡᠬᠦᠯᠦᠨ᠎ᠡ᠃ OTA ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠠᠷᠠᠭᠤᠯ ᠠᠭᠤᠳᠠᠮ ᠲᠠᠯ᠎ᠠ | ᠨᠤᠲᠤᠭ · ᠰᠢᠯᠢ ᠶᠢᠨ ᠭᠤᠣᠯ︾ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠠᠨ᠎ᠠ ᠲᠠᠢ ᠥᠨᠳᠥᠷ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠪᠠᠨ ᠡᠮᠬᠢ ᠳᠢᠭᠯᠢᠮ ᠲᠠᠢ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ | ᠥᠷᠭᠡᠳᠬᠡᠵᠦ᠂ ᠴᠠᠭ ᠤᠨ ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠠᠷᠠᠳ ᠤᠨ ᠠᠮᠢᠳᠤᠷᠠᠯ ᠤᠨ | ᠥᠷᠯᠥᠭᠡ ᠶᠢᠨ ᠵᠠᠬ᠎ᠠ ᠵᠡᠷᠭᠡ ᠬᠡᠷᠡᠭᠯᠡᠭᠡᠨ ᠤ ᠪᠠᠶᠢᠳᠠᠯ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ | ᠲᠡᠷᠭᠡ᠂ ᠤᠶᠤᠨᠲᠤ ᠭᠡᠷ ᠤᠨ ᠴᠠᠬᠢᠯᠭᠠᠨ ᠬᠡᠷᠡᠭᠰᠡᠯ᠂ ᠡᠯᠧᠺᠲᠷᠣᠨ ᠦᠢᠯᠡᠳᠬᠦᠨ ᠵᠡᠷᠭᠡ ᠲᠠᠸᠠᠷ ᠤᠨ ᠬᠡᠷᠡᠭᠯᠡᠭᠡ ᠶᠢ | ᠠᠬᠢᠭᠤᠯᠵᠤ᠂ ᠬᠠᠳᠠᠨ ᠴᠢᠨᠠᠷ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ | ᠳᠡᠮᠵᠢᠨ᠎ᠡ᠃ | ︵ᠭᠤᠷᠪᠠ︶ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠤᠯᠠᠮ ᠪᠠᠬᠢᠵᠢᠭᠦᠯᠦᠨ᠎ᠡ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠲᠡᠶᠢᠯᠡᠯᠳᠤᠭᠠᠨ ᠤ ᠢᠯᠡᠯᠲᠡ ᠶᠢ | ᠡᠷᠡᠰ ᠲᠡᠮᠡᠴᠡᠨ ᠤᠯᠤᠨ᠎ᠠ᠃ ᠮᠠᠨ ᠤ ᠠᠶᠢᠮᠠᠭ ᠤᠨ ︽ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ | ᠵᠠᠰᠠᠨ ᠰᠡᠷᠭᠦᠭᠡᠬᠦ ᠲᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠵᠢᠭᠦᠯᠬᠦ ᠲᠥᠰᠦᠯ︾ ᠪᠠ ︽ᠮᠠᠯ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠤᠨ ᠨᠤᠲᠤᠭ ᠪᠡᠯᠴᠢᠭᠡᠷ ᠤᠨ ᠮᠠᠯ ᠠᠵᠤ | ᠠᠬᠤᠢ ᠬᠡᠲᠦᠷᠡᠭᠰᠡᠨ ᠠᠰᠠᠭᠤᠳᠠᠯ ᠢ ᠰᠶᠢᠳᠪᠦᠷᠢᠯᠡᠬᠦ ᠠᠵᠢᠯᠯᠠᠭᠠᠨ ᠤ ᠲᠥᠰᠦᠯ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠱᠠᠩᠨᠠᠯ ᠨᠥᠬᠦᠪᠥᠷᠢ ᠶᠢᠨ ᠮᠥᠩᠭᠦ ᠶᠢ ᠲᠠᠷᠬᠠᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ᠂ | ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠷᠢᠭᠤᠴᠠᠯᠭ᠎ᠠ ᠶᠢ ᠭᠦᠢᠴᠡᠳᠬᠡᠬᠦ ᠯᠦᠭᠡ ᠬᠤᠯᠪᠣᠭᠳᠠᠭᠤᠯᠬᠤ | ᠲᠣᠭᠲᠠᠴᠠ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠳᠦᠷᠢᠮ ᠢ ᠵᠥᠷᠢᠴᠡᠭᠰᠡᠨ ᠪᠠ ᠲᠠᠭᠠᠭᠠᠴᠠ | ᠠᠴᠠ ᠬᠡᠲᠦᠷᠡᠭᠦᠯᠦᠨ ᠮᠠᠯ ᠮᠠᠯᠵᠢᠬᠤ ᠵᠡᠷᠭᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠳᠡᠭᠦᠯᠳᠡᠷᠵᠢᠬᠦᠯᠦᠨ᠎ᠡ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠷᠣᠨ ᠬᠤᠪᠢᠶᠠᠨ ᠵᠠᠰᠠᠬᠤ ᠶᠢ | ᠪᠠᠷᠢᠮᠲᠠᠯᠠᠵᠤ᠂ 22 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ | ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ | ᠲᠥᠷᠥᠯ ᠵᠦᠢᠯ ᠤᠨ 35 ᠲᠦᠮᠡᠨ ᠮᠤ᠋ ᠶᠢ ᠪᠢᠲᠡᠭᠦᠮᠵᠢᠯᠡᠨ ᠤᠷᠭᠤᠭᠤᠯᠵᠤ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠭᠡᠭ ᠭᠠᠵᠠᠷ ᠤᠨ ᠡᠮᠦᠨ᠎ᠡ ᠵᠠᠬ᠎ᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠡᠷᠦᠩᠬᠡᠶᠢᠯᠡᠭᠰᠡᠨ ᠵᠠᠰᠠᠯᠲᠠ ᠶᠢᠨ | ᠲᠠᠶᠢᠪᠤᠰᠧ ᠬᠤᠰᠢᠭᠤᠨ ᠤ ᠵᠢᠱᠢᠶ᠎ᠡ ᠦᠵᠡᠭᠦᠯᠬᠦ ᠲᠥᠷᠥᠯ ᠵᠦᠢᠯ 19 ᠲᠦᠮᠡᠨ ᠮᠦ᠂ ᠲᠠᠯ᠎ᠠ ᠨᠤᠲᠤᠭ ᠤᠨ | ᠰᠠᠶᠢᠵᠢᠷᠠᠭᠤᠯᠤᠯᠲᠠ 5 ᠲᠦᠮᠡᠨ ᠮᠦ᠂ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 37 | ᠲᠦᠮᠡᠨ ᠮᠦ ᠶᠢ ᠲᠤᠶᠢᠯᠪᠤᠷᠢᠲᠠᠢ ᠵᠠᠰᠠᠬᠤ ᠪᠣᠯᠤᠨ᠎ᠠ᠃ ᠮᠠᠨ ᠤ ᠠᠶᠢᠮᠠᠭ ᠤᠨ ᠭᠡᠷᠡᠯ ᠴᠡᠨᠡᠭ ᠤᠨ ᠡᠯᠡᠰᠦ ᠶᠢ ᠵᠠᠰᠠᠬᠤ | ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ | ᠨᠡᠩ ᠶᠡᠭᠡ ᠬᠠᠷᠠᠭᠠᠯᠵᠠᠯ ᠦᠵᠡᠭᠦᠯᠬᠦ ᠪᠠᠷ ᠴᠢᠷᠮᠠᠶᠢᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ | ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ | ᠲᠣᠭᠲᠠᠴᠠ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠵᠢᠴᠢ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠡᠯᠡᠰᠦᠷᠬᠡᠭ ᠭᠠᠵᠠᠷ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠠᠮᠢ ᠠᠬᠤᠶ ᠶᠢᠨ ᠰᠠᠶᠢᠵᠢᠷᠠᠯᠲᠠ | ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠤᠰ ᠠᠮᠵᠢᠯᠲᠠ ᠶᠢ ᠠᠬᠢᠭᠤᠯᠤᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢᠶᠠᠨ ᠴᠡᠭᠴᠡᠯᠡᠨ ᠰᠠᠶᠢᠵᠢᠷᠠᠭᠤᠯᠬᠤ ᠪᠠ | ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠭᠦᠨᠵᠡᠭᠡᠢ ᠠᠬᠢᠭᠤᠯᠤᠨ᠎ᠠ᠃ ᠲᠥᠪ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢᠶᠠᠨ ᠴᠡᠭᠴᠡᠯᠡᠨ | ᠥᠭᠡᠷᠡᠴᠢᠯᠡᠬᠦ ᠶᠢ ᠴᠢᠨᠠᠷ ᠰᠠᠶᠢᠲᠠᠢ ᠲᠦᠯᠬᠢᠨ ᠠᠬᠢᠭᠤᠯᠵᠤ᠂ ᠦᠯᠡᠳᠡᠭᠰᠡᠨ ᠴᠡᠭᠴᠡᠯᠡᠨ ᠥᠭᠡᠷᠡᠴᠢᠯᠡᠬᠦ ᠡᠭᠦᠷᠭᠡ ᠪᠠᠨ | ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠥᠩᠭᠡᠷᠡᠭᠰᠡᠨ ᠵᠢᠯ ᠤᠳ ᠲᠤ ᠨᠢᠭᠡᠨᠲᠡ ᠵᠠᠰᠠᠨ | ᠰᠠᠶᠢᠵᠢᠷᠠᠭᠤᠯᠤᠭᠰᠠᠨ ᠠᠰᠠᠭᠤᠳᠠᠯ ᠢ ︽ᠡᠷᠭᠢᠨ ᠬᠠᠷᠠᠬᠤ︾ ᠠᠵᠢᠯ ᠢᠶᠠᠨ ᠪᠡᠶᠡᠯᠡᠭᠦᠯᠦᠨ᠎ᠡ᠃ ᠭᠤᠣᠯᠳᠠᠯᠭ᠎ᠠ ᠲᠠᠢ | ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠠᠵᠢᠯ ᠢᠶᠠᠨ ᠦᠷᠭᠦᠯᠵᠢᠯᠡᠨ ᠥᠷᠨᠢᠭᠦᠯᠵᠦ᠂ ᠲᠥᠪᠯᠡᠷᠡᠭᠰᠡᠨ | ᠬᠡᠯᠪᠡᠷᠢ ᠶᠢᠨ ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠬᠦ᠂ ᠬᠤᠲᠠ ᠪᠠᠯᠭᠠᠰᠣᠨ ᠤ ᠪᠣᠬᠢᠷ ᠤᠰᠤ | ᠭᠠᠳᠠᠭᠰᠢᠯᠠᠭᠤᠯᠬᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠠᠶᠠᠭᠳᠠᠮᠠᠯ ᠤᠰᠤᠨ ᠤ ᠠᠵᠤ ᠠᠬᠤᠶᠢᠯᠠᠯ ᠤᠨ | ᠪᠠᠷᠢᠮᠵᠢᠶᠠᠨ ᠳᠤ ᠬᠦᠷᠦᠭᠦᠯᠦᠨ ᠬᠢᠨᠠᠨ ᠬᠠᠮᠢᠶᠠᠷᠬᠤ ᠶᠢ ᠴᠢᠩᠭᠠᠳᠬᠠᠬᠤ ᠶᠢᠨ ᠬᠠᠮᠲᠤ ︽ᠡᠷᠭᠢᠨ ᠬᠠᠷᠠᠬᠤ︾ ᠠᠵᠢᠯ | ᠦᠷᠨᠢᠭᠦᠯᠦᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯᠯᠠᠭ᠎ᠠ ᠪᠠᠨ ᠪᠦᠬᠦ ᠲᠠᠯ᠎ᠠ ᠪᠠᠷ ᠬᠡᠷᠡᠭᠵᠢᠭᠦᠯᠵᠦ᠂ | ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢ ᠪᠦᠬᠦ ᠣᠷᠣᠨ ᠤ ᠲᠡᠷᠢᠭᠦᠨ ᠳᠤ | ᠦᠷᠭᠦᠯᠵᠢᠯᠡᠨ ᠲᠣᠭᠲᠠᠭᠤᠨ ᠢᠶᠠᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠡᠩ ᠤᠨ | ᠬᠠᠲᠠᠭᠤ ᠪᠡᠶᠡᠲᠦ ᠬᠠᠶᠠᠭᠳᠠᠯ ᠢ ᠪᠠᠬᠢᠵᠢᠭᠦᠯᠬᠦ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠠᠭᠠᠨ ᠤ ᠦᠷ᠎ᠡ | ᠪᠦᠲᠦᠭᠡᠯ ᠢ ᠪᠠᠬᠢᠵᠢᠭᠦᠯᠵᠦ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ | ᠬᠠᠲᠠᠭᠤ ᠪᠡᠶᠡᠲᠦ ᠬᠠᠶᠠᠭᠳᠠᠯ ᠢ ᠬᠡᠪᠴᠢᠶᠡᠵᠢᠭᠦᠯᠦᠨ ᠠᠰᠢᠭᠯᠠᠬᠤ ᠪᠠ ᠭᠠᠳᠠᠭᠰᠢ ᠲᠡᠭᠡᠭᠡᠪᠦᠷᠢᠯᠡᠵᠦ ᠪᠣᠷᠣᠯᠠᠭᠤᠯᠬᠤ ᠶᠢ | ᠠᠬᠢᠭᠤᠯᠵᠤ᠂ ᠦᠯᠡᠳᠡᠭᠳᠡᠯ ᠬᠦᠳᠡᠷ ᠤᠨ ᠬᠥᠮᠥᠷᠭᠡ᠂ ᠬᠦᠨᠳᠦ ᠲᠡᠮᠦᠷᠯᠢᠭ ᠤᠨ ᠠᠵᠢᠯ ᠲᠥᠷᠥᠯ ᠪᠣᠯᠤᠨ ᠠᠶᠤᠯᠲᠠᠢ | ᠬᠠᠶᠠᠭᠳᠠᠮᠠᠯ ᠡᠳ᠋᠂ ᠡᠮᠨᠡᠯᠭᠡ ᠶᠢᠨ ᠬᠠᠶᠠᠭᠳᠠᠮᠠᠯ ᠡᠳ᠋ ᠵᠡᠷᠭᠡ ᠪᠣᠬᠢᠷᠲᠤᠯ ᠤᠨ ᠳᠠᠯᠳᠠ ᠭᠡᠮ ᠢ ᠪᠠᠶᠢᠴᠠᠭᠠᠵᠤ ᠴᠡᠭᠴᠡᠯᠡᠨ | ᠵᠠᠰᠠᠬᠤ ᠶᠢ ᠥᠷᠨᠢᠭᠦᠯᠦᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠠᠶᠣᠯᠬᠦᠢ ᠶᠢ ᠦᠨᠡᠨᠬᠦ ᠪᠠᠲᠤᠯᠠᠨ᠎ᠠ᠃ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠦᠭᠴᠢᠲᠦ ᠡᠷᠭᠢᠯᠲᠡᠲᠦ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠲᠣᠬᠢᠷᠠᠭᠤᠯᠤᠨ | ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠥᠪᠡᠰᠦᠪᠡᠨ ᠬᠡᠷᠡᠭᠯᠡᠬᠦ ᠰᠢᠨ᠎ᠡ ᠡᠨᠧᠷᠭᠢ ᠶᠢ ᠰᠢᠩᠭᠡᠭᠡᠨ ᠠᠪᠬᠤ ᠬᠢᠷᠢ ᠲᠦᠪᠰᠢᠨ ᠢᠶᠠᠨ | ᠪᠦᠲᠦᠮᠵᠢᠲᠡᠶ ᠳᠡᠭᠡᠭᠰᠢᠯᠡᠭᠦᠯᠬᠦ ᠪᠠᠷ ᠰᠢᠪᠲᠤᠯᠤᠯᠲᠠ ᠪᠣᠯᠭᠠᠵᠤ᠂ ᠪᠣᠬᠢᠷᠲᠤᠯ ᠥᠬᠡᠶ ᠴᠠᠬᠢᠯᠭᠠᠨ ᠢᠶᠠᠷ ᠵᠢᠱᠢᠶ᠎ᠡ | ᠦᠵᠡᠭᠦᠯᠬᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ᠂ ᠬᠤᠴᠣᠷᠤᠩᠭᠤᠶ ᠲᠥᠬᠦᠭᠡᠷᠦᠮᠵᠢ ᠶᠢ | ᠰᠢᠭᠰᠢᠭᠳᠡᠭᠦᠯᠬᠦ ᠪᠠ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠪᠠ ᠪᠣᠬᠢᠷᠳᠣᠯ ᠶᠡᠬᠡᠲᠡᠶ ᠲᠥᠷᠥᠯ ᠵᠦᠢᠯ ᠢ ᠰᠣᠬᠤᠷ | ᠪᠠᠯᠠᠶ ᠪᠠᠷ ᠳᠣᠤᠷ᠎ᠠ ᠲᠦᠪᠰᠢᠨ ᠳᠤ ᠬᠥᠭᠵᠢᠭᠦᠯᠬᠦ ᠶᠢ ᠴᠢᠩᠭ᠎ᠠ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠠᠷᠠᠯᠳᠠ ᠪᠠᠨ ᠪᠡᠶᠡᠯᠡᠭᠦᠯᠬᠦ ᠶᠢ ᠪᠠᠲᠤᠯᠠᠨ᠎ᠠ᠃ ᠵᠠᠳᠠᠭᠠᠶ ᠨᠡᠭᠦᠷᠡᠰᠦᠨ ᠠᠭᠤᠷᠬᠠᠶ ᠪᠠ ᠲᠣᠮᠣ ᠬᠡᠯᠪᠡᠷᠢ ᠶᠢᠨ | ᠨᠡᠭᠦᠷᠡᠰᠦᠨ ᠤ ᠪᠤᠰᠤ ᠵᠠᠳᠠᠭᠠᠶ ᠠᠭᠤᠷᠬᠠᠶ ᠪᠠᠷ ᠭᠤᠤᠯᠳᠠᠯᠭ᠎ᠠ ᠪᠣᠯᠭᠠᠵᠤ᠂ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠪᠠ | ᠰᠢᠯᠢᠳᠡᠭ ᠢ ᠨᠢ ᠰᠣᠩᠭᠤᠭᠰᠠᠨ ᠨᠡᠷᠡᠰ ᠤᠨ ᠪᠠᠷᠢᠮᠵᠢᠶ᠎ᠠ ᠳᠤ ᠬᠦᠷᠦᠭᠦᠯᠦᠨ ᠡᠭᠦᠳᠦᠨ ᠪᠠᠶᠢᠭᠤᠯᠬᠤ ᠠᠵᠢᠯ ᠢᠶᠠᠨ | ᠥᠷᠨᠢᠭᠦᠯᠵᠦ᠂ ᠬᠠᠩᠭᠠᠯᠭ᠎ᠠ ᠶᠢ ᠪᠠᠲᠤᠯᠠᠬᠤ ᠨᠡᠭᠦᠷᠡᠰᠦᠨ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠢ ᠲᠦᠷᠦᠯ ᠢᠶᠠᠷ ᠱᠠᠯᠠᠪᠳᠠᠭᠤᠯᠣᠨ ᠪᠠᠶᠢᠴᠠᠭᠠᠯᠲᠠ ᠬᠢᠨ᠎ᠡ᠃ ︽ | ᠨᠢᠭᠡ ᠶᠢ ᠪᠣᠯᠪᠠᠰᠤᠷᠠᠩᠭᠤᠶ ᠪᠣᠯᠭᠠᠪᠠᠯ ᠨᠢᠭᠡ ᠶᠢ ᠠᠮᠢᠳᠤᠯᠢᠭᠵᠢᠭᠤᠯᠬᠤ︾ ᠵᠠᠷᠴᠢᠮ ᠢᠶᠠᠷ᠂ ᠠᠭᠤᠷᠬᠠᠢ ᠶᠢᠨ | ᠦᠢᠯᠡᠰ ᠤᠨ ᠡᠷᠬᠡ ᠶᠢ ᠬᠠᠤᠯᠢ ᠲᠣᠭᠲᠠᠭᠠᠯ ᠶᠣᠰᠣᠭᠠᠷ ᠠᠮᠢᠳᠤᠯᠢᠭᠵᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ | ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠭᠤᠷᠬᠠᠢ | ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠥᠬᠡᠢ ᠬᠠᠶᠢᠨ ᠪᠠᠶᠢᠴᠠᠭᠠᠬᠤ᠂ ᠶᠡᠷᠦᠩᠬᠡᠶᠢᠯᠡᠨ ᠬᠠᠶᠢᠨ | ᠪᠠᠶᠢᠴᠠᠭᠠᠬᠤ ᠶᠢ ᠲᠦᠷᠭᠡᠳᠬᠡᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠴᠢᠩᠭ᠎ᠠ ᠬᠢᠵᠠᠭᠠᠷᠯᠠᠯ ᠢ | ᠴᠢᠩᠳᠠᠯᠠᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠᠨ | ᠪᠠᠭᠠᠰᠬᠠᠬᠤ ᠪᠠ ᠬᠤᠲᠠ ᠪᠠᠯᠭᠠᠰᠣᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠴᠢᠩᠭᠠᠷᠠᠭᠤᠯᠤᠨ᠂ ᠤᠰᠤᠨ ᠤ ᠡᠬᠢ ᠪᠠᠶᠠᠯᠢᠭ ᠢ | ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠦᠪᠰᠢᠶᠡᠷᠡᠭᠰᠡᠨ ᠪᠤᠯᠪᠠᠴᠤ | ᠬᠠᠩᠭᠠᠭᠠᠳᠦᠢ ᠭᠠᠵᠠᠷ ᠰᠢᠷᠣᠢ᠂ ᠰᠤᠯᠠ ᠪᠠᠶᠢᠭ᠎ᠠ ᠭᠠᠵᠠᠷ ᠰᠢᠷᠣᠢ ᠶᠢ ᠰᠶᠢᠳᠪᠦᠷᠢᠯᠡᠬᠦ ᠡᠭᠦᠷᠭᠡ ᠪᠠᠨ ᠤᠷᠢᠳᠴᠢᠯᠠᠨ | ᠪᠡᠶᠡᠯᠡᠭᠦᠯᠦᠨ᠎ᠡ᠃ | ︵ᠲᠦᠷᠪᠡ︶ ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠴᠢᠯᠥᠭᠡᠲᠡᠢ ᠶᠠᠪᠤᠯᠴᠠᠬᠤ ᠶᠢ ᠭᠦᠨᠵᠡᠭᠡᠶᠢᠷᠡᠭᠦᠯᠵᠦ | ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠡᠮᠡᠭᠳᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠭᠦᠨᠵᠡᠭᠡᠢ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠠᠷᠤᠯᠭ᠎ᠠ ᠶᠢ ᠦᠷᠭᠦᠯᠵᠢᠯᠡᠨ 20 % ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠲᠥᠪᠯᠡᠷᠡᠭᠦᠯᠦᠨ ᠰᠢᠪᠲᠤᠯᠤᠯᠲᠠ ᠬᠢᠬᠦ ᠶᠢ ᠳᠡᠮᠵᠢᠵᠦ᠂ ᠬᠢᠮᠡᠯ ᠠᠯᠮᠠᠰ᠂ ᠭᠧᠷᠮᠠᠨ ᠤ ᠠᠵᠤ ᠦᠢᠯᠡᠰ ᠤᠨ | ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠠᠭᠠᠰ ᠳᠠᠮᠵᠢᠭᠤᠯᠤᠭᠴᠢ ᠮᠠᠲ᠋ᠧᠷᠢᠶᠠᠯ ᠳᠠᠰᠢ ᠤᠷᠲᠤᠳᠬᠠᠬᠤ ᠶᠢ | ᠭᠤᠣᠯᠳᠠᠯᠭ᠎ᠠ ᠲᠠᠢ ᠠᠬᠢᠭᠤᠯᠤᠨ᠎ᠠ᠃ ︽ᠬᠤᠤᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 55 ᠡᠷᠦᠬᠡ ᠳᠤ ᠬᠦᠷᠭᠡᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 80 ᠡᠷᠦᠬᠡ ᠳᠤ ᠦᠨᠡᠯᠡᠭᠦᠯᠦᠨ | ᠬᠥᠮᠥᠷᠭᠡᠯᠡᠬᠦ ᠪᠠᠷ ᠴᠢᠷᠮᠠᠶᠢᠨ᠎ᠠ︔ ᠤᠯᠤᠰ ᠤᠨ ᠳᠡᠰ ᠤᠨ ︽ᠠᠵᠤ ᠦᠢᠯᠡᠳᠪᠦᠷᠢᠵᠢᠯᠲᠡ ᠬᠢᠭᠡᠳ ᠮᠡᠳᠡᠭᠡ | ᠵᠠᠩᠭᠢᠵᠢᠯᠲᠠ ᠶᠢ ᠠᠭᠤᠰᠤᠯᠴᠠᠭᠤᠯᠬᠤ︾ ᠠᠵᠤ ᠠᠬᠤᠶᠢᠯᠠᠯ 7 ᠡᠷᠦᠬᠡ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 5 ᠡᠷᠦᠬᠡ᠂ ᠲᠤᠰᠬᠠᠢ ᠮᠡᠷᠭᠡᠵᠢᠯ ᠤᠨ ᠪᠥᠭᠡᠳ | ᠥᠪᠡᠷᠮᠢᠴᠡ ᠣᠨᠴᠠᠯᠢᠭᠲᠤ ᠳᠤᠮᠳᠠ ᠵᠢᠵᠢᠭ ᠠᠵᠤ ᠠᠬᠤᠶᠢᠯᠠᠯ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ | ᠲᠣᠰᠪᠣᠷᠢ 1 ᠡᠷᠦᠬᠡ᠂ ᠲᠤᠰᠬᠠᠢ ᠮᠡᠷᠭᠡᠵᠢᠯ ᠤᠨ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ | ᠢᠳᠡᠪᠬᠢᠲᠡᠢ ᠪᠤᠶᠢᠵᠢᠭᠤᠯᠤᠨ᠎ᠠ᠃ ᠨᠡᠷᠡᠲᠦ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ | ᠬᠦᠷᠢᠶᠡᠯᠡᠩ ᠭᠠᠵᠠᠷ ᠯᠤᠭ᠎ᠠ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ | ᠭᠦᠨᠵᠡᠭᠡᠶᠢᠷᠡᠭᠦᠯᠵᠦ᠂ ᠬᠤᠸᠠᠰᠢ ᠦᠭᠡᠷ ᠂ ᠥᠨᠳᠥᠷ ᠦᠷᠡᠵᠢᠯᠲᠦ ︵ᠣᠯᠠᠨ ᠬᠦᠪᠦᠷᠡᠯᠲᠦ︶ ᠦᠵᠦᠮᠦᠴᠢᠨ ᠬᠤᠨᠢ | ᠂ ᠪᠠᠷᠠᠭᠤᠨ ᠦᠵᠦᠮᠦᠴᠢᠨ ᠤ ᠲᠡᠵᠢᠭᠡᠯ ᠡᠪᠡᠰᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ | ᠢᠶᠠᠨ ᠬᠤᠪᠢᠷᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠡᠷᠡᠭᠯᠡᠭᠡᠨ ᠤ ᠮᠡᠷᠭᠡᠵᠢᠯ ᠬᠢᠭᠡᠳ ᠰᠤᠳᠤᠯᠤᠨ | ᠨᠡᠭᠡᠭᠡᠬᠦ ᠲᠥᠷᠥᠯ ᠵᠦᠢᠯ ᠢ 6 ᠠᠴᠠ ᠳᠡᠭᠡᠭᠰᠢ᠂ ︽ᠰᠢᠯᠢᠳᠡᠭ ᠢᠶᠠᠷ ᠳᠠᠭᠠᠭᠤᠯᠤᠭᠴᠢ ᠪᠣᠯᠭᠠᠬᠤ︾ ᠤᠨ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 2 ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢᠶᠠᠨ ᠳᠠᠩᠰᠠᠯᠠᠨ ᠲᠡᠮᠳᠡᠭᠯᠡᠬᠦ ᠶᠢ 110 ᠵᠤᠷᠪᠤᠰ ᠪᠡᠶᠡᠯᠡᠭᠦᠯᠵᠦ᠂ ᠮᠡᠳᠡᠯᠭᠡ ᠶᠢᠨ | ᠦᠷ᠎ᠡ ᠪᠦᠲᠦᠭᠡᠯ ᠤᠨ ᠥᠮᠴᠢᠯᠡᠬᠦ ᠡᠷᠬᠡ ᠶᠢᠨ ᠬᠠᠮᠠᠭᠠᠯᠠᠯᠲᠠ ᠪᠣᠯᠤᠨ ᠦᠷ᠎ᠡ ᠪᠦᠲᠦᠭᠡᠯ ᠤᠨ ᠬᠡᠷᠡᠭᠯᠡᠯᠲᠡ ᠶᠢ | ᠴᠢᠩᠭᠠᠳᠬᠠᠨ᠎ᠠ᠃ ᠦᠢᠯᠡᠳᠬᠦᠨ᠂ ᠢᠨᠵᠧᠨᠧᠷᠢᠩ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠠᠪᠠᠭᠤᠯᠢᠭ ᠠᠵᠤ ᠠᠬᠤᠶᠢᠯᠠᠯ ᠤᠨ ︽ ᠦᠪᠦᠷ ᠮᠣᠩᠭᠤᠯ︾ | ᠨᠡᠷᠡᠮᠵᠢᠳᠣ ᠨᠡᠷᠡᠳᠤ ᠲᠦᠷᠦᠯ ᠲᠡᠮᠳᠡᠭᠳᠣ ᠤᠨ ᠬᠡᠷᠡᠴᠢᠯᠡᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ | ᠴᠢᠳᠠᠪᠤᠷᠢᠲᠠᠨ ᠢ ᠬᠥᠮᠦᠵᠢᠭᠦᠯᠦᠨ᠂ ᠣᠷᠣᠭᠤᠯᠤᠨ ᠠᠪᠴᠢᠷᠠᠬᠤ᠂ ᠵᠣᠷᠢᠭᠵᠢᠭᠤᠯᠬᠤ ᠵᠡᠷᠭᠡ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ 2 ᠠᠴᠠ ᠳᠡᠭᠡᠭᠰᠢ᠂ | ᠳᠠᠭᠠᠭᠤᠯᠤᠭᠴᠢ ᠴᠢᠳᠠᠪᠤᠷᠢᠲᠠᠨ ᠢ 5 ᠠᠴᠠ ᠳᠡᠭᠡᠭᠰᠢ ᠣᠷᠢᠨ ᠣᠷᠣᠭᠤᠯᠵᠣ᠂ ᠳᠡᠭᠡᠳᠦ ᠮᠡᠷᠭᠡᠵᠢᠯ ᠤᠨ ᠴᠢᠳᠠᠪᠤᠷᠢᠲᠠᠨ | ᠢ 1100 ᠬᠥᠮᠦᠨ ᠠᠴᠠ ᠳᠡᠭᠡᠭᠰᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 1000 ᠬᠥᠮᠦᠨ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠤᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠳᠠᠮᠵᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠣᠷ᠎ᠠ ᠦᠷ᠎ᠡ | ᠪᠦᠲᠦᠮᠵᠢᠲᠦ ᠰᠤᠯᠠ ᠪᠠᠶᠢᠭ᠎ᠠ ᠡᠯ᠎ᠡ ᠲᠥᠷᠥᠯ ᠤᠨ ᠡᠳ᠋ ᠬᠥᠷᠥᠩᠭᠡ ᠶᠢ ᠪᠦᠲᠦᠮᠵᠢᠲᠡᠢ ᠠᠮᠢᠳᠤᠯᠢᠭ ᠢᠶᠠᠷ | ᠠᠰᠢᠭᠯᠠᠬᠤ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ᠂ | ᠬᠤᠭᠤᠴᠠᠭ᠎ᠠ ᠬᠢᠵᠠᠭᠠᠷᠯᠠᠵᠤ ᠨᠢᠭᠡᠳᠦᠯᠲᠡᠢ ᠪᠣᠯᠭᠠᠬᠤ ᠪᠠ ᠭᠤᠣᠯᠳᠠᠯᠭ᠎ᠠ ᠲᠠᠢ ᠠᠵᠢᠯ ᠲᠥᠷᠥᠯ ᠤᠨ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠢ | ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠵᠡᠷᠭᠡ ᠲᠡᠳᠬᠦᠨ ᠲᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠭᠤᠷᠪᠠᠨ ᠵᠢᠯ ᠤᠨ ᠬᠦᠭᠵᠢᠯᠳᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ︽ ᠬᠤᠪᠢ | ᠶᠢᠨ ᠡᠵᠡᠩᠨᠡᠯᠳᠡ ᠶᠢᠨ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠵᠢᠵᠢᠭ ᠠᠵᠤ ᠠᠬᠤᠶᠢᠯᠠᠯ ᠢ | ᠲᠦᠷᠢᠮᠵᠢᠬᠦᠯᠬᠦ︾᠂ ︽ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ︾ ᠶᠢ ᠶᠡᠬᠡᠪᠡᠷ ᠲᠦᠯᠬᠢᠨ ᠠᠬᠢᠭᠤᠯᠵᠤ | ᠂ ᠠᠷᠭ᠎ᠠ ᠪᠣᠳᠣᠯᠭ᠎ᠠ ᠲᠣᠭᠲᠠᠭᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠪᠰᠤᠷᠴᠤ | ᠪᠠᠶᠢᠭᠠᠳ ᠭᠠᠷᠳᠠᠮ ᠭᠦᠢᠴᠡᠳᠬᠡᠬᠦ᠂ ᠪᠡᠯᠡ ᠲᠣᠬᠢᠷᠠᠭᠤᠯᠬᠤ ᠵᠢᠭᠡᠯᠡᠯᠭᠡ᠂ ᠬᠦᠴᠦᠨ ᠵᠦᠢᠯ ᠤᠨ ᠪᠠᠲᠤᠯᠠᠭ᠎ᠠ ᠵᠡᠷᠭᠡ | ᠲᠠᠯ᠎ᠠ ᠶᠢᠨ ᠠᠰᠠᠭᠤᠳᠠᠯ ᠢ ᠨᠢ ᠰᠶᠢᠳᠪᠦᠷᠢᠯᠡᠨ ᠥᠭᠴᠦ᠂ ᠠᠵᠤ ᠠᠬᠤᠶᠢᠯᠠᠯ ᠤᠨ ᠬᠦᠴᠢᠷᠳᠡᠯ ᠢ ᠲᠤᠰᠠᠯᠠᠨ ᠲᠡᠮᠵᠢᠬᠦ | ᠲᠥᠷᠥ ᠶᠢᠨ ᠪᠣᠳᠣᠯᠭ᠎ᠠ ᠶᠢ ᠰᠢᠭᠤᠳ ᠮᠦᠷᠲᠡᠭᠡᠨ ᠲᠦᠷᠭᠡᠨ ᠡᠳ᠋ᠯᠡᠬᠦᠯᠬᠦ ᠶᠢ ᠠᠬᠢᠭᠤᠯᠤᠨ᠎ᠠ᠃ | ᠭᠠᠳᠠᠭᠠᠳᠤ ᠲᠠᠢ ᠴᠢᠯᠥᠭᠡᠲᠡᠢ ᠶᠠᠪᠤᠯᠴᠠᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ | ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠰᠢᠨ᠎ᠡ ᠨᠡᠪᠲᠡᠷᠡᠯ ᠵᠠᠮ᠂ | ᠵᠡᠭᠦᠨ ᠬᠤᠶᠢᠲᠤ ᠶᠢᠨ ᠬᠠᠭᠤᠷᠠᠢ ᠳᠠᠯᠠᠢ ᠶᠢᠨ ᠰᠢᠨ᠎ᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ | ᠲᠣᠭᠤᠷᠢᠭ ᠪᠣᠯᠤᠨ ︽ᠰᠢᠯᠢ ᠶᠢᠨ ᠭᠤᠤᠯ ᠤᠯᠠᠭᠠᠨᠬᠠᠳᠠ ᠴᠣᠣᠶᠠᠩ ᠵᠢᠨᠵᠧᠦ︾ ᠶᠢᠨ ᠬᠠᠮᠵᠢᠯᠴᠠᠬᠤ | ᠬᠤᠯᠪᠣᠭᠠᠨ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠂ ᠪᠣᠭᠤᠮᠲᠠ᠂ ᠭᠠᠷᠠᠮ᠂ ᠳᠣᠲᠣᠷ ᠭᠠᠵᠠᠷ ᠤᠨ ᠬᠠᠮᠵᠢᠯᠴᠠᠨ | ᠬᠥᠭᠵᠢᠬᠦ ᠪᠠᠶᠢᠷᠢᠰᠢᠯ ᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠭᠤᠣᠯ ᠤᠳᠤᠷᠢᠳᠤᠯᠭ᠎ᠠ ᠮᠣᠩᠭᠤᠯ ᠳᠤ ᠠᠶᠢᠯᠴᠢᠯᠠᠭᠰᠠᠨ ᠦᠷ᠎ᠡ ᠪᠦᠲᠦᠭᠡᠯ ᠢ ᠰᠠᠶᠢᠲᠤᠷ | ᠨᠠᠶᠢᠳᠠᠪᠤᠷᠢᠵᠢᠭᠤᠯᠵᠤ᠂ ᠭᠠᠳᠠᠭᠠᠳᠦ ᠠᠴᠠ ᠣᠷᠣᠭᠤᠯᠵᠤ ᠭᠠᠷᠭᠠᠬᠤ ᠡᠳ᠋ ᠪᠠᠷᠠᠭ᠎ᠠ ᠶᠢ ᠨᠠᠶᠢᠳᠠᠪᠤᠷᠢᠵᠢᠭᠤᠯᠵᠤ | ᠪᠣᠯᠪᠠᠰᠤᠷᠠᠭᠤᠯᠬᠤ᠂ ᠬᠢᠯᠢ ᠶᠢᠨ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ | ᠭᠠᠳᠠᠭᠰᠢ ᠴᠢᠭᠯᠡᠭᠦᠯᠦᠭᠰᠡᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠪᠦᠬᠦ ᠠᠶᠢᠮᠠᠭ ᠤᠨ ᠪᠣᠭᠤᠮᠲᠠ ᠪᠠᠷ | ᠥᠩᠭᠡᠷᠡᠬᠦ ᠡᠳ᠋ ᠪᠠᠷᠠᠭᠠᠨ ᠤ ᠬᠡᠮᠵᠢᠶ᠎ᠡ ᠶᠢ 2300 ᠲᠦᠮᠡᠨ ᠲᠤᠨ ᠠᠴᠠ ᠳᠠᠪᠠᠭᠤᠯᠬᠤ ᠶᠢ ᠪᠠᠲᠤᠯᠠᠨ᠎ᠠ᠃ ᠡᠷᠢᠶᠡᠨ | ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡᠨ ᠤ ᠡᠷᠢᠶᠡᠨ ᠤ ᠰᠠᠭᠤᠷᠢᠨ ᠭᠠᠵᠠᠷ᠂ ᠲᠡᠮᠦᠷ ᠵᠠᠮ ᠤᠨ ᠥᠷᠲᠡᠭᠡ ᠲᠠᠯᠠᠪᠠᠢ ᠶᠢᠨ | ᠴᠢᠳᠠᠮᠵᠢ ᠪᠠᠨ ᠥᠷᠭᠡᠳᠬᠡᠨ ᠥᠭᠡᠷᠡᠴᠢᠯᠡᠬᠦ ᠲᠥᠷᠥᠯ ᠵᠦᠢᠯ ᠢ ᠢᠳᠡᠪᠬᠢᠲᠡᠢ ᠪᠠᠷ ᠵᠣᠬᠢᠴᠠᠭᠤᠯᠤᠨ ᠡᠬᠢᠯᠡᠭᠦᠯᠵᠦ᠂ | ᠳᠤᠮᠳᠠᠳᠤ ᠮᠣᠩᠭᠤᠯ ᠣᠷᠣᠰ ᠤᠨ ᠳᠤᠮᠳᠠ ᠱᠤᠭᠤᠮ ᠤᠨ ᠲᠡᠮᠦᠷ ᠵᠠᠮ ᠢ ᠳᠡᠰ ᠳᠡᠪᠰᠢᠭᠦᠯᠦᠨ ᠥᠭᠡᠷᠡᠴᠢᠯᠡᠬᠦ | ᠲᠥᠯᠥᠪᠯᠡᠭᠡ ᠶᠢ ᠬᠡᠷᠡᠭᠵᠢᠭᠦᠯᠵᠦ᠂ ᠵᠢᠨᠢᠩ ᠠᠴᠠ ᠡᠷᠢᠶᠡᠨ ᠬᠦᠷᠬᠦ ᠱᠤᠭᠤᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ | ᠂ ᠡᠷᠢᠶᠡᠨ ᠬᠤᠲᠠ— ᠤᠯᠠᠭᠠᠨᠪᠠᠭᠠᠲᠤᠷ — ᠤᠯᠠᠭᠠᠨ ᠡᠭᠦᠳᠡ ᠬᠦᠷᠬᠦ ᠬᠢᠯᠢ ᠠᠯᠤᠰᠯᠠᠭᠰᠠᠨ ᠲᠡᠮᠦᠷ ᠵᠠᠮ ᠢ ᠳᠡᠰ | ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠵᠥᠪᠰᠢᠶᠡᠷᠡᠭᠦᠯᠬᠦ᠂ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠵᠤ | ᠂ ᠴᠢᠯᠥᠭᠡᠲᠦ ᠠᠷᠠᠯᠵᠢᠶᠠᠨ ᠤ ᠲᠣᠭᠤᠷᠢᠭ ᠤᠨ ᠡᠷᠢᠶᠡᠨ ᠬᠤᠲᠠ ᠶᠢᠨ ᠬᠡᠰᠡᠭ ᠲᠣᠭᠤᠷᠢᠭ ᠢ ᠭᠤᠶᠤᠴᠢᠯᠠᠨ | ᠪᠠᠶᠢᠭᠤᠯᠵᠤ᠂ ᠮᠠᠨ ᠤ ᠤᠯᠤᠰ ᠤᠨ ᠲᠠᠸᠠᠷ ᠢ ᠮᠣᠩᠭᠤᠯ ᠤᠯᠤᠰ ᠲᠤ ᠭᠠᠷᠭᠠᠬᠤ 8 ᠭᠤᠣᠯᠳᠠᠯᠭ᠎ᠠ ᠲᠠᠢ ᠲᠥᠷᠥᠯ | ᠵᠦᠢᠯ ᠢ ᠰᠠᠶᠢᠲᠤᠷ ᠪᠠᠶᠢᠭᠤᠯᠤᠨ ᠠᠰᠢᠭᠯᠠᠨ᠎ᠠ᠃ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ ᠮᠡᠳᠡᠭᠦᠯᠬᠦ | ᠠᠵᠢᠯ ᠢᠶᠠᠨ ᠲᠦᠷᠭᠡᠳᠬᠡᠨ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ᠂ ᠬᠢᠯᠢ | ᠠᠯᠤᠰᠯᠠᠭᠰᠠᠨ ᠵᠢᠭᠤᠯᠴᠢᠯᠠᠯ ᠤᠨ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠦᠨ᠂ | ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠠᠴᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠬᠦᠷᠬᠦ ᠬᠤᠯᠪᠣᠬᠤ | ᠱᠤᠭᠤᠮ᠂ ᠪᠣᠭᠤᠮᠲᠠ ᠶᠢᠨ ᠦᠢᠯᠡᠴᠢᠯᠡᠭᠡᠨ ᠤ ᠲᠣᠭᠤᠷᠢᠭ᠂ ᠬᠢᠯᠢ ᠠᠯᠤᠰᠯᠠᠭᠰᠠᠨ ᠵᠠᠰᠠᠮᠠᠯ ᠵᠠᠮ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠤᠯᠤᠰ ᠤᠨ ᠠᠮᠢᠳᠤ ᠮᠠᠯ᠂ ᠮᠢᠬᠠᠨ ᠤ ᠵᠦᠢᠯ ᠢ | ᠭᠠᠳᠠᠭᠠᠲᠤ ᠠᠴᠠ ᠣᠷᠣᠭᠤᠯᠬᠤ ᠳᠤ ᠪᠠᠨ ᠲᠣᠭᠲᠠᠭᠰᠠᠨ ᠪᠣᠭᠤᠮᠲᠠ ᠪᠠᠷ ᠣᠷᠣᠭᠤᠯᠵᠣ᠂ ᠡᠷᠳᠡᠬᠡᠨ ᠮᠢᠩᠭᠠᠨ ᠲᠦᠮᠡᠨ | ᠲᠤᠨ ᠤ ᠪᠣᠭᠤᠮᠲᠠ ᠶᠢᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠵᠣ᠂ ᠪᠦᠬᠦ ᠠᠶᠢᠮᠠᠭ ᠤᠨ ᠪᠣᠭᠤᠮᠲᠠ ᠪᠠᠷ | ᠦᠩᠭᠡᠷᠡᠭᠦᠯᠬᠦ ᠪᠠᠷᠠᠭᠠᠨ ᠤ ᠬᠡᠮᠵᠢᠶ᠎ᠡ ᠶᠢ 2300 ᠲᠦᠮᠡᠨ ᠲᠣᠨ ᠠᠴᠠ ᠳᠠᠪᠠᠭᠤᠯᠬᠤ ᠶᠢ ᠦᠨᠡᠨᠬᠦ ᠪᠠᠲᠤᠯᠠᠨ᠎ᠠ᠃ | ︵ᠲᠠᠪᠤ︶ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠲᠦᠷᠭᠡᠪᠴᠢᠯᠡᠨ ᠨᠥᠬᠦᠪᠥᠷᠢᠯᠡᠵᠦ᠂ ᠬᠤᠲᠠ | ᠬᠥᠳᠡᠭᠡ ᠶᠢᠨ ᠤᠶᠠᠯᠳᠤᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠮᠢᠩᠭᠠᠨ | ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠤ | ᠦᠢᠯᠡᠰ ᠤᠨ ᠪᠡᠯᠡ ᠮᠦᠩᠭᠦᠨ ᠤ ᠣᠷᠣᠭᠤᠯᠤᠯᠲᠠ ᠶᠢᠨ ᠬᠠᠷᠢᠴᠠᠯ ᠢ 70 % ᠠᠴᠠ ᠳᠣᠣᠷ᠎ᠠ ᠪᠠᠶᠢᠯᠭᠠᠬᠤ ᠥᠬᠡᠢ | ᠪᠠᠶᠢᠬᠤ ᠶᠢ ᠦᠨᠡᠨᠬᠦ ᠪᠠᠲᠤᠯᠠᠨ᠎ᠠ᠃ 9000 ᠲᠦᠮᠡᠨ ᠲᠥᠭᠦᠷᠢᠭ ᠤᠨ ᠪᠡᠯᠡ ᠣᠷᠣᠭᠤᠯᠵᠣ᠂ 72 ᠭᠠᠴᠠᠭ᠎ᠠ | ᠲᠣᠰᠬᠤᠨ ᠢ ᠲᠡᠳᠬᠦᠵᠦ ᠪᠠᠶᠢᠭᠠᠳ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ᠎ᠡ᠃ ᠨᠢᠭᠡᠨᠲᠡ ᠪᠠᠶᠢᠭ᠎ᠠ ᠵᠣᠷᠯᠣᠩ ᠤᠨ ᠡᠳᠦᠷ ᠳᠣᠳᠣᠮ ᠤᠨ ᠠᠷᠠᠴᠢᠯᠠᠯᠲᠠ ᠶᠢ ᠰᠠᠶᠢᠲᠤᠷ | ᠬᠢᠵᠦ᠂ 2883 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠬᠢᠯᠢ ᠬᠢᠵᠠᠭᠠᠷ ᠣᠷᠣᠨ ᠤ 1600 | ᠡᠷᠦᠬᠡ ᠠᠴᠠ ᠳᠡᠭᠡᠭᠰᠢᠬᠢ ᠮᠠᠯᠴᠢᠨ ᠡᠷᠦᠬᠡ ᠳᠤ ᠰᠢᠨ᠎ᠡ ᠡᠨᠧᠷᠭᠢ ᠶᠢ ᠴᠠᠬᠢᠯᠭᠠᠨ ᠲᠤᠤᠷ ᠲᠤ ᠰᠢᠯᠵᠢᠭᠦᠯᠬᠦ | ᠢᠨᠵᠧᠨᠧᠷᠢᠩ ᠢ ᠬᠡᠷᠡᠭᠵᠢᠭᠦᠯᠦᠨ᠂ ︽ᠨᠡᠪᠲᠡᠷᠡᠭᠦᠯᠬᠦ ᠴᠢᠬᠤᠯᠠᠲᠠᠢ ᠪᠦᠬᠦᠨ ᠢ ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ | 5000 ᠬᠥᠮᠦᠨ ᠳᠤ ᠤᠰᠤ ᠣᠮᠳᠠ ᠬᠠᠩᠭᠠᠬᠤ ᠪᠠᠲᠤᠯᠠᠭᠠᠨ ᠤ ᠠᠰᠠᠭᠤᠳᠠᠯ ᠢ ᠰᠶᠢᠳᠪᠦᠷᠢᠯᠡᠵᠦ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠢ 430 ᠺᠢᠯᠣᠮᠧᠲᠷ ᠵᠠᠰᠠᠨ᠎ᠠ᠃ ᠰᠢᠨ᠎ᠡ ᠪᠠᠷ 93 ᠴᠠᠬᠢᠯᠭᠠᠨ ᠬᠤᠯᠪᠣᠭᠠᠨ ᠤ | ᠨᠡᠶᠢᠳᠡᠮ ᠦᠢᠯᠡᠴᠢᠯᠡᠭᠡᠨ ᠤ ᠴᠢᠮᠡᠭᠡ ᠬᠤᠯᠪᠣᠭᠠᠨ ᠤ ᠰᠠᠭᠤᠷᠢ ᠥᠷᠲᠡᠭᠡ ᠪᠠᠶᠢᠭᠤᠯᠤᠨ᠎ᠠ᠃ ︽ᠵᠢᠷᠭᠤᠭ᠎ᠠ ᠶᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠦᠷᠭᠡᠳᠬᠡᠨ | ᠪᠠᠶᠢᠭᠤᠯᠤᠨ᠎ᠠ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 18 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠤᠯᠤᠰ ᠤᠨ ᠵᠠᠮ ᠤᠨ 303 ᠱᠤᠭᠤᠮ ᠤᠨ ᠠᠴᠢᠠᠭᠤᠯᠠ ᠠᠴᠠ ᠰᠢᠯᠢ ᠶᠢᠨ | ᠬᠤᠲᠠ ᠬᠦᠷᠬᠦ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠂ ᠤᠯᠤᠰ ᠤᠨ ᠵᠠᠮ ᠤᠨ 207 ᠱᠤᠭᠤᠮ | ᠤᠨ ᠤᠰᠤᠨ ᠴᠥᠭᠦᠷᠥᠮ ᠠᠴᠠ ᠾᠦᠸᠧ ᠽᠢ ᠯᠢᠶᠠᠩ ᠬᠦᠷᠬᠦ 2 ᠵᠤᠷᠪᠤᠰ ᠵᠠᠰᠠᠮᠠᠯ ᠵᠠᠮ ᠵᠠᠰᠠᠨ ᠲᠡᠷᠭᠡ | ᠨᠡᠪᠲᠡᠷᠡᠬᠦ ᠶᠢ ᠦᠨᠡᠨᠬᠦ ᠪᠠᠲᠤᠯᠠᠵᠤ᠂ ᠤᠯᠤᠰ ᠤᠨ ᠵᠠᠮ ᠤᠨ 331 ᠱᠤᠭᠤᠮ ᠤᠨ ᠷᠠᠰᠢᠶᠠᠨᠪᠤᠯᠠᠭ ᠠᠴᠠ ᠪᠡᠯᠭᠦᠳᠡᠢ | ᠬᠦᠷᠬᠦ᠂ ᠤᠯᠤᠰ ᠤᠨ ᠵᠠᠮ ᠤᠨ 305 ᠱᠤᠭᠤᠮ ᠤᠨ ᠬᠦᠨᠳᠡᠯᠡᠨ ᠠᠴᠠ ᠪᠠᠶᠠᠨᠬᠤᠸᠠ ᠳᠤ ᠬᠦᠷᠬᠦ 2 ᠵᠤᠷᠪᠤᠰ | ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠤᠨ᠎ᠠ᠃ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ | ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ | ︽ᠰᠠᠭᠠᠳ ᠥᠭᠡᠢ ᠨᠡᠪᠳᠡᠷᠡᠬᠦ ᠲᠥᠷᠭᠡᠨ ᠬᠤᠷᠳᠤᠴᠠᠲᠤ ᠭᠠᠯᠲᠤ ᠲᠡᠷᠭᠡ ᠬᠥᠬᠡᠬᠤᠲᠠ ᠳᠤ ᠣᠷᠣᠬᠤ︾ | ᠬᠠᠷᠠᠯᠲᠠ ᠪᠠᠨ ᠪᠡᠶᠡᠯᠡᠭᠦᠯᠦᠨ 2 ᠵᠤᠷᠪᠤᠰ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠠ ᠤᠯᠠᠭᠠᠶ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠵᠢᠯ ᠳᠤ 28 ᠵᠤᠷᠪᠤᠰ ᠠᠴᠠ ᠳᠡᠭᠡᠭᠰᠢᠬᠢ | ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠪᠥᠬᠦ ᠠᠶᠢᠮᠠᠭ ᠤᠨ ᠠᠷᠠᠳ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠳᠤ 120 ᠲᠦᠮᠡ ᠠᠴᠠ ᠳᠡᠭᠡᠭᠰᠢ ᠠᠶᠠᠨᠴᠢᠳ ᠤᠨ ᠠᠶᠠᠯᠠᠬᠤ ᠶᠢ ᠪᠡᠶᠡᠯᠡᠭᠦᠯᠦᠨ᠎ᠡ᠃ | ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠠᠵᠢᠯ ᠦᠢᠯᠡᠰ ᠪᠦᠲᠦᠭᠡᠬᠦ ᠳᠤ | ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ | ᠰᠠᠶᠢᠲᠤᠷ ᠬᠡᠷᠡᠭᠵᠢᠭᠦᠯᠵᠦ᠂ ᠤᠯᠤᠰ ᠠᠴᠠ ᠬᠤᠲᠠ ᠪᠠᠯᠭᠠᠰᠤᠨ ᠤ ᠬᠤᠭᠤᠯᠠᠢ ᠲᠣᠣᠷ ᠢ ᠥᠭᠡᠷᠡᠴᠢᠯᠡᠬᠦ ᠶᠢ ᠲᠦᠯᠬᠢᠨ | ᠠᠬᠢᠭᠤᠯᠬᠤ ᠠᠵᠠ ᠲᠣᠬᠢᠶᠠᠯ ᠢ ᠵᠠᠪᠳᠤᠨ᠂ ᠢᠯᠴᠢ ᠴᠠᠬᠢᠯᠭᠠᠨ ᠢ ᠵᠡᠷᠭᠡᠪᠡᠷ ᠭᠠᠷᠭᠠᠬᠤ᠂ ᠢᠯᠴᠢ ᠬᠠᠩᠭᠠᠬᠤ | ᠬᠤᠭᠤᠯᠠᠢ ᠲᠣᠣᠷ ᠢ ᠥᠭᠡᠷᠡᠴᠢᠯᠡᠬᠦ ᠪᠠ ᠡᠪᠦᠯ ᠤᠨ ᠳᠣᠯᠠᠭᠠᠯᠠᠭ᠎ᠠ ᠶᠢᠨ ᠠᠰᠠᠭᠤᠳᠠᠯ ᠢ ᠵᠣᠨ ᠵᠠᠰᠠᠬᠤ ᠠᠵᠢᠯᠯᠠᠭᠠᠨ ᠤ | ᠢᠨᠵᠧᠨᠧᠷᠢᠩ ᠢ ᠰᠠᠶᠢᠳᠣᠷ ᠬᠡᠷᠡᠭᠵᠢᠬᠦᠯᠦᠨ᠎ᠡ᠃ ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ 71 ᠬᠠᠭᠤᠴᠢᠨ ᠰᠠᠭᠤᠭᠠᠯᠢ ᠲᠣᠭᠤᠷᠢᠭ᠂ 162 ᠢᠵᠢ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ᠂ 80 ᠺᠢᠯᠣᠮᠧᠲᠷ ᠤᠨ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠤᠨ᠎ᠠ᠃ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 25 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠯᠡ ᠣᠷᠣᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠦᠩᠭᠦᠨ ᠤ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠭᠡᠷ ᠪᠠᠶᠢᠰᠢᠩ ᠲᠣᠰᠢᠶᠠᠪᠠᠯ ᠳᠠᠷᠤᠢ ᠦᠨᠡᠮᠯᠡᠯ ᠲᠤᠰᠢᠶᠠᠬᠤ︾ | ᠪᠠᠨ ᠪᠠᠶᠢᠩᠭᠤᠵᠢᠭᠤᠯᠬᠤ ᠶᠢ ᠠᠬᠢᠭᠤᠯᠣᠨ᠎ᠠ᠃ ᠬᠤᠲᠠ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠪᠠᠨ ᠲᠦᠷᠭᠡᠳᠬᠡᠵᠦ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠰᠢᠨᠡᠳᠬᠡᠨ ᠬᠠᠮᠠᠭᠠᠯᠠᠬᠤ ᠶᠢ | ᠴᠢᠩᠭᠠᠳᠬᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠠᠶᠢᠮᠠᠭ | ᠢᠶᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯᠭᠠᠨ ᠠᠮᠵᠢᠯᠲᠠᠲᠠᠢ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ | ︵ᠵᠢᠷᠭᠤᠭ᠎ᠠ︶ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ | ᠪᠣᠢ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠮᠠᠭᠲᠠ ᠠᠩᠬᠠᠷᠴᠤ ᠢᠳᠡᠪᠬᠢᠲᠡᠢ ᠪᠠᠷ ᠬᠠᠷᠢᠭᠤ | ᠲᠣᠰᠬᠠᠨ᠎ᠠ | ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠣ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ | ᠵᠡᠷᠭᠡ ᠣᠷᠣᠨ ᠤ ᠳᠣᠲᠣᠷ᠎ᠠ ᠭᠠᠳᠠᠨᠠᠬᠢ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ | ᠴᠢᠩᠭᠠᠳᠬᠠᠬᠤ ᠶᠢᠨ ᠬᠠᠮᠲᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠳᠤ | ᠲᠦᠰᠢᠭᠯᠡᠨ ᠬᠦᠮᠦᠵᠢᠬᠦᠯᠵᠣ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠨ᠎ᠡ᠃ ᠰᠢᠨ᠎ᠡ ᠨᠢᠭᠡ ᠡᠭᠡᠯᠵᠢ ᠶᠢᠨ ᠨᠡᠷᠡᠲᠦ ᠪᠠᠭᠰᠢ᠂ ᠨᠡᠷᠡᠲᠦ ᠰᠤᠷᠭᠠᠭᠤᠯᠢ ︵ᠬᠦᠷᠢᠶᠡᠯᠡᠩ︶ ᠶᠢᠨ ᠵᠠᠬᠢᠷᠣᠯ | ᠢ ᠰᠣᠩᠭᠤᠨ ᠬᠥᠮᠦᠵᠢᠭᠦᠯᠬᠦ ᠠᠵᠢᠯ ᠢᠶᠠᠨ ᠡᠬᠢᠯᠡᠭᠦᠯᠵᠦ᠂ ᠪᠦᠬᠦ ᠰᠤᠷᠭᠠᠭᠤᠯᠢ ᠶᠢᠨ ᠬᠡᠰᠡᠭ᠂ ᠪᠦᠬᠦ ᠰᠢᠨᠵᠢᠯᠡᠭᠡᠨ ᠤ | ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠤᠨ᠂ ᠠᠶᠢᠮᠠᠭ ᠤᠨ ᠱᠠᠲᠤᠨ ᠠᠴᠠ ᠳᠡᠭᠡᠭᠰᠢᠬᠢ ᠪᠠᠭᠰᠢᠨᠠᠷ ᠤᠨ | ᠪᠣᠯᠪᠠᠰᠤᠷᠠᠯ ᠢ 5000 ᠬᠥᠮᠦᠨ ᠤᠳᠠᠭ᠎ᠠ ᠡᠷᠬᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠦᠨ ᠨᠡᠶᠢᠳᠡᠮ ᠳᠤᠨᠢ ᠠᠰᠢᠭ ᠬᠦᠷᠲᠡᠭᠡᠵᠦ ᠡᠭᠦᠳᠦᠨ ᠪᠠᠶᠢᠭᠤᠯᠬᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ᠂ ᠳᠤᠮᠳᠠ ᠵᠡᠷᠭᠡ ᠶᠢᠨ ᠳᠡᠭᠡᠳᠦ ᠰᠤᠷᠭᠠᠭᠤᠯᠢ ᠶᠢᠨ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠲᠡᠷᠢᠭᠦᠨ︾ ᠤ ᠲᠥᠯᠥᠪᠯᠡᠭᠡ ᠶᠢ ᠬᠡᠷᠡᠭᠵᠢᠭᠦᠯᠵᠦ᠂ | ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠳᠡᠪᠰᠢᠬᠦ ᠶᠢ ᠳᠡᠮᠵᠢᠨ᠎ᠡ᠃ | ᠠᠯᠪᠠᠨ ᠠᠴᠠ ᠡᠷᠬᠢᠯᠡᠭᠰᠡᠨ 10 ᠬᠡᠦᠬᠡᠳ ᠤᠨ ᠴᠡᠴᠡᠷᠯᠢᠭ ᠪᠠ ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ | ᠪᠠᠭ᠎ᠠ ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ ᠶᠢ ᠪᠠᠶᠢᠭᠤᠯᠤᠨ᠂ ᠬᠤᠰᠢᠭᠤ ᠰᠢᠶᠠᠨ ᠬᠤᠲᠠ ︵ᠣᠷᠣᠨ | ︶ ᠨᠢᠭᠡᠪᠦᠷᠢ ᠶᠢᠨ ᠴᠢᠨᠠᠷ ᠰᠠᠶᠢᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠠᠳᠠᠭ ᠲᠠᠭᠠᠨ ᠨᠢᠭᠡ | ᠶᠢ ᠰᠠᠶᠢᠲᠤᠷ ᠡᠷᠬᠢᠯᠡᠬᠦ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ | ᠲᠤᠷᠰᠢᠯᠲᠠ ᠶᠢᠨ ᠲᠠᠰᠤᠭ ᠪᠠ ᠲᠤᠷᠰᠢᠯᠲᠠ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠰᠤᠷᠭᠠᠭᠤᠯᠢ ᠶᠢᠨ ᠪᠠᠶᠢᠷᠢ ᠶᠢ ᠪᠠᠬᠢᠵᠢᠭᠦᠯᠬᠦ ᠪᠠ ᠭᠠᠯ ᠰᠡᠷᠭᠡᠶᠢᠯᠡᠨ ᠤᠨᠲᠠᠷᠠᠭᠠᠬᠤ ᠶᠢ ᠰᠢᠯᠭᠠᠨ | ᠬᠤᠷᠢᠶᠠᠬᠤ ᠠᠵᠢᠯ ᠢᠶᠠᠨ ᠪᠦᠬᠦ ᠲᠠᠯ᠎ᠠ ᠪᠠᠷ ᠪᠡᠶᠡᠯᠡᠭᠦᠯᠵᠦ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ | ᠴᠣᠭᠴᠠᠯᠠᠨ ᠪᠠᠶᠢᠭᠤᠯᠤᠨ᠎ᠠ᠃ | ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠳᠣᠯᠠᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ | ᠠᠬᠢᠭᠤᠯᠵᠣ᠂ ᠠᠶᠢᠮᠠᠭ ᠤᠨ ᠱᠠᠲᠤᠨ ᠤ ᠬᠤᠶᠠᠷ ᠡᠮᠨᠡᠯᠭᠡ ᠶᠢᠨ ᠬᠤᠷᠢᠶᠠᠨ ᠤ 9 ᠳᠠᠪᠠᠭᠤᠯᠢᠭ ᠲᠤᠰᠬᠠᠶ ᠰᠠᠯᠠᠭ᠎ᠠ ᠶᠢ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠦᠲᠦᠭᠡᠨ ᠪᠠᠶᠢᠭᠤᠯᠤᠯᠲᠠ ᠳᠤ | ᠣᠷᠣᠭᠤᠯᠬᠤ ᠶᠢ ᠠᠬᠢᠭᠤᠯᠵᠤ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠨᠴᠠᠯᠢᠬᠳᠤ ᠲᠤᠰᠬᠠᠶ | ᠮᠡᠷᠭᠡᠵᠢᠯ ᠤᠨ ᠲᠤᠰᠬᠠᠶ ᠡᠪᠡᠳᠴᠢᠲᠡᠨ ᠤ ᠠᠰᠠᠷ ᠢ ᠠᠰᠢᠭᠯᠠᠯᠲᠠ ᠳᠤ ᠣᠷᠣᠭᠤᠯᠵᠤ᠂ ᠠᠶᠢᠮᠠᠭ ᠤᠨ ᠠᠨ ᠱᠧᠨ | ᠡᠮᠨᠡᠯᠭᠡ ᠶᠢᠨ ᠬᠤᠷᠢᠶᠠᠨ ᠤ ᠭᠤᠷᠪᠠᠨ ᠬᠥᠬᠡ ᠳᠡᠰ ᠤᠨ ᠮᠡᠳᠡᠷᠡᠯ ᠤᠨ ᠡᠪᠡᠳᠴᠢᠨ ᠤ ᠲᠤᠰᠬᠠᠢ ᠡᠮᠨᠡᠯᠭᠡ ᠶᠢᠨ | ᠬᠤᠷᠢᠶ᠎ᠠ ᠶᠢ ᠡᠭᠦᠳᠦᠨ ᠪᠠᠶᠢᠭᠤᠯᠤᠨ᠎ᠠ᠃ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠵᠶ᠋ᠠᠨᠡᠬᠢᠯᠡᠭᠦᠯᠵᠦ᠂ ᠬᠤᠰᠢᠭᠤ ᠰᠢᠶᠠᠨ ᠬᠤᠲᠠ ᠶᠢᠨ ᠬᠢᠲᠠᠳ ︵ | ᠮᠣᠩᠭᠤᠯ︶ ᠡᠮᠨᠡᠯᠭᠡ ᠶᠢᠨ ᠬᠤᠷᠢᠶᠠᠨ ᠤ ︽ᠬᠤᠶᠠᠷ ᠲᠤᠰᠬᠠᠶ ᠰᠠᠯᠠᠭ᠎ᠠ ᠨᠢᠭᠡ ᠲᠥᠪ︾ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠨᠢᠭᠡ | ᠴᠣᠭᠴᠠᠵᠢᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠨ | ᠡᠬᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠠᠠᠴᠠᠵᠢᠭᠤᠯᠥᠠᠠᠰᠠᠨ ᠡᠮᠴᠢᠯᠡᠭᠡᠨ ᠤ | ᠦᠢᠯᠡᠴᠢᠯᠡᠭᠡ ᠶᠢᠨ ᠰᠢᠨ᠎ᠡ ᠵᠬᠠᠪᠤᠷ ᠢ ᠪᠠᠶᠢᠭᠤᠯᠤᠨ᠎ᠠ᠃ ᠪᠦᠬᠦ ᠠᠶᠢᠮᠠᠭ ᠤᠨ ᠡᠮ ᠡᠮᠨᠡᠯᠭᠡ ᠶᠢᠨ ᠪᠠᠴᠢᠮ ᠪᠠᠶᠢᠳᠠᠯ ᠢ | ᠠᠷᠭᠠᠴᠠᠬᠤ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠯᠤᠭᠠᠨ᠎ᠠ | ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠤᠨ᠎ᠠ᠃ ︽ᠳᠥᠷᠪᠡᠨ ᠬᠠᠮᠤᠭ ᠴᠢᠩᠭ᠎ᠠ︾ ᠬᠢᠨᠠᠨ ᠬᠠᠮᠢᠶᠠᠷᠤᠯᠲᠠ | ᠶᠢᠨ ᠱᠠᠭᠠᠷᠳᠠᠯᠭ᠎ᠠ ᠶᠣᠰᠣᠭᠠᠷ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠪᠠᠨ | ᠰᠠᠶᠢᠲᠤᠷ ᠠᠳᠬᠤᠵᠤ᠂ ᠮᠠᠨ ᠤ ᠠᠶᠢᠮᠠᠭ ᠢᠶᠠᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠲᠠ ᠪᠤᠯᠭᠠᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ | ᠨᠡᠶᠢᠭᠡᠮ ᠤᠨ ᠪᠠᠲᠤᠯᠠᠭ᠎ᠠ ᠪᠠ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠤᠲᠠ ᠪᠠᠯᠭᠠᠰᠣᠨ ᠤ ᠠᠵᠢᠯ ᠣᠯᠭᠤᠯᠲᠠ ᠳᠤ ᠲᠦᠮᠡᠨ ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ᠮᠠᠯᠴᠢᠨ ᠲᠠᠷᠢᠶᠠᠴᠢᠨ ᠢ ᠨᠡᠶᠢᠲᠡ 7 ᠲᠦᠮᠡᠨ ᠬᠥᠮᠦᠨ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠠᠵᠢᠯ | ᠣᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠣᠷᠮ᠎ᠠ ᠶᠢ 90% ᠠᠴᠠ | ᠳᠡᠭᠡᠭᠰᠢ ᠳᠤ ᠭᠦᠷᠦᠭᠦᠯᠵᠣ᠂ ᠬᠤᠲᠠ ᠪᠠᠯᠭᠠᠰᠣᠨ ᠤ ᠠᠵᠢᠯ ᠠᠯᠳᠠᠭᠰᠠᠳ ᠤᠨ ᠳᠠᠩᠰᠠᠯᠠᠭᠤᠯᠬᠤ ᠨᠣᠷᠮ᠎ᠠ ᠶᠢ 5 | % ᠤ ᠳᠣᠲᠣᠷ᠎ᠠ ᠬᠢᠵᠠᠭᠠᠷᠯᠠᠨ᠎ᠠ᠃ ᠴᠠᠯᠢᠩ ᠥᠷᠢᠲᠦᠬᠦ ᠶᠢ ᠰᠡᠷᠭᠡᠶᠢᠯᠡᠨ ᠴᠡᠭᠴᠡᠯᠡᠨ ᠵᠠᠰᠠᠬᠤ ᠲᠤᠰᠬᠠᠢ ᠲᠦᠷᠦᠯ ᠤᠨ | ᠠᠵᠢᠯᠯᠠᠭ᠎ᠠ ᠶᠢ ᠥᠷᠨᠢᠭᠦᠯᠵᠦ᠂ ᠴᠠᠯᠢᠩ ᠥᠷᠢᠲᠦᠭᠰᠡᠨᠠᠰᠠᠭᠤᠳᠠᠯ ᠢᠶᠠᠨ ᠪᠦᠬᠦᠨ ᠢ ᠬᠥᠳᠡᠯᠦᠩᠭᠦᠢ ᠪᠠᠷ | ᠦᠭᠡᠶᠢᠰᠭᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95 % ᠠᠴᠠ | ᠳᠡᠭᠡᠭᠰᠢ ᠪᠠᠶᠢᠯᠭᠠᠨ᠎ᠠ᠃ ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ᠂ ᠠᠪᠤᠷᠠᠨ ᠲᠤᠰᠠᠯᠠᠬᠤ | ᠳᠦᠷᠢᠮ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ | ᠬᠠᠮᠲᠤ ᠶᠢᠨ ᠪᠠᠲᠤᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠮᠡᠬᠡᠯᠡᠨ ᠬᠢᠬᠠᠬᠤ ᠵᠡᠷᠭᠡ | ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠭᠦᠨ᠎ᠡ᠃ ᠨᠠᠰᠤᠵᠢᠯ ᠤᠨ ᠦᠢᠯᠡᠴᠢᠯᠡᠭᠡᠨ ᠤ 43 ᠲᠥᠷᠥᠯ | ᠵᠦᠢᠯ ᠢ ᠰᠢᠨ᠎ᠡ ᠪᠠᠷ ᠦᠷᠭᠦᠯᠵᠢᠯᠡᠨ ᠪᠠᠶᠢᠭᠤᠯᠤᠨ᠎ᠠ᠃ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠦᠭᠦᠭᠡᠷᠣᠮᠵᠢ 1᠂ ᠨᠡᠶᠢᠲᠡ ᠶᠢᠨ ᠣᠩᠭᠤᠨ ᠤ 2 ᠲᠥᠷᠥᠯ ᠵᠦᠢᠯ ᠢᠶᠠᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠤᠷᠠᠯᠢᠭ ᠤᠨ | ᠪᠦᠲᠦᠭᠡᠯ ᠢ 150 ᠠᠴᠠ ᠳᠡᠭᠡᠭᠰᠢ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1000 ᠤᠳᠠᠭ᠎ᠠ ᠭᠠᠷᠭᠠᠵᠣ | ᠂ ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠢᠶᠠᠨ ᠰᠠᠶᠢᠲᠤᠷ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠠᠶᠢᠮᠠᠭ ᠤᠨ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠡᠷᠬᠢᠯᠡᠨ᠎ᠡ᠃ | ︵ᠲᠤᠯᠤᠭ᠎ᠠ︶ ᠠᠮᠤᠭᠤᠯᠠᠩ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢᠶᠠᠨ ᠪᠠᠬᠢᠵᠢᠭᠦᠯᠦᠨ | ᠬᠥᠭᠵᠢᠭᠦᠯᠦᠨ᠎ᠡ᠃ | ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠢ ᠯᠠᠪᠳᠠᠭᠤᠨ ᠪᠠᠲᠤ ᠲᠠᠢ | ᠠᠬᠢᠭᠤᠯᠣᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ | ᠢ ᠡᠭᠦᠳᠦᠨ ᠪᠠᠶᠢᠭᠤᠯᠬᠤ ᠠᠵᠢᠯ ᠢᠶᠠᠨ ᠪᠣᠳᠠᠲᠠᠢ ᠠᠳᠬᠤᠨ᠂ ᠵᠢᠯ ᠤᠨ ᠳᠣᠲᠣᠷ᠎ᠠ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ ︽ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ︾ ᠵᠡᠷᠭᠡ ᠠᠵᠢᠯᠯᠠᠭ᠎ᠠ ᠶᠢ | ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠬᠢᠯᠢ ᠬᠢᠵᠠᠭᠠᠷ ᠣᠷᠣᠨ ᠤ ︽ᠬᠤᠭᠤᠰᠣᠨ ᠪᠠᠶᠢᠬᠤ︾ ᠠᠰᠠᠭᠤᠳᠠᠯ ᠢ | ᠰᠶᠢᠳᠪᠦᠷᠢᠯᠡᠨ᠎ᠡ᠃ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠪᠣᠯᠤᠨ ᠬᠢᠯᠢ ᠶᠢᠨ ᠬᠠᠮᠠᠭᠠᠯᠠᠯᠲᠠ ᠶᠢᠨ ᠰᠠᠭᠤᠷᠢ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ | ᠬᠢᠯᠢ ᠬᠢᠵᠠᠭᠠᠷ ᠢ ᠲᠣᠭᠲᠠᠭᠤᠨ ᠪᠠᠶᠢᠯᠭᠠᠵᠤ ᠰᠡᠷᠭᠡᠶᠢᠯᠡᠨ ᠬᠠᠮᠠᠭᠠᠯᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ | ᠰᠡᠷᠭᠡᠶᠢᠯᠡᠨᠡᠵᠡᠮᠳᠡᠬᠦ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢ ᠳᠡᠭᠡᠭᠰᠢᠯᠡᠬᠦᠯᠵᠣ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠠᠵᠢᠯ ᠢᠶᠠᠨ ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ︽ᠪᠥᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢᠶᠠᠨ ᠪᠦᠬᠦ ᠲᠠᠯ᠎ᠠ ᠪᠠᠷ ᠬᠡᠷᠡᠭᠵᠢᠬᠦᠯᠵᠣ᠂ ᠵᠠᠬᠢᠳᠠᠯ | ᠰᠤᠷᠪᠤᠯᠵᠢᠯᠠᠭ᠎ᠠ ᠶᠢᠨ ᠬᠦᠰᠡᠯ ᠱᠠᠭᠠᠷᠳᠠᠯᠭ᠎ᠠ ᠶᠢ 90 % ᠠᠴᠠ ᠳᠡᠭᠡᠭᠰᠢ ᠳᠤ ᠬᠠᠤᠯᠢ ᠶᠣᠰᠣᠭᠠᠷ ᠲᠥᠷᠥᠯ | ᠬᠤᠪᠢᠶᠠᠨ ᠰᠢᠢᠳᠪᠤᠷᠢᠯᠡᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠠᠨ᠎ᠠ᠃ ᠪᠠᠩᠬᠢ ᠲᠠᠢ ᠵᠥᠪᠳᠡᠯᠴᠡᠨ | ᠬᠤᠭᠤᠴᠠᠭ᠎ᠠ ᠶᠢ ᠨᠢ ᠨᠡᠮᠡᠭᠳᠡᠭᠦᠯᠦᠨ ᠬᠦᠦ ᠮᠥᠩᠭᠦ ᠶᠢ ᠨᠢ ᠪᠠᠭᠤᠷᠠᠭᠤᠯᠬᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ ᠢᠳᠡᠪᠬᠢᠲᠡᠢ ᠪᠠᠷ ᠴᠢᠷᠮᠠᠶᠢᠨ ᠣᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠪᠠᠭᠠᠰᠬᠠᠬᠤ ᠪᠠ ᠥᠷᠢ ᠦᠭᠴᠡᠭᠡᠨ ᠤ | ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠵᠦ᠂ ᠵᠠᠰᠠᠭ ᠤᠨ ᠣᠷᠳᠣᠨ ᠤ ᠥᠷᠢ ᠦᠭᠴᠡᠭᠡᠨ ᠤ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠤᠨ ᠬᠥᠷᠥᠩᠭᠡ ᠶᠢ ᠴᠡᠪᠡᠷᠯᠡᠨ ᠬᠤᠷᠢᠶᠠᠵᠤ ᠰᠶᠢᠳᠪᠦᠷᠢᠯᠡᠬᠦ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ ᠦᠷᠢ ᠦᠭᠴᠡᠭᠡᠨ ᠠᠴᠠ ᠪᠠᠨ ᠭᠠᠷᠬᠤ ᠪᠠᠶᠢᠭᠤᠯᠤᠮᠵᠢ | ᠪᠠ ᠲᠥᠪ ᠤᠨ ᠦᠨᠡᠯᠡᠯᠲᠡ ᠶᠢᠨ 6 — 7 ᠳᠡᠰ ᠤᠨ ᠪᠠᠶᠢᠭᠤᠯᠤᠮᠵᠢ ᠳᠤ ᠡᠳᠦᠷ ᠳᠣᠳᠣᠮ ᠤᠨ ᠪᠠᠶᠢᠴᠠᠭᠠᠯᠲᠠ ᠪᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭᠠᠨ ᠤ ᠠᠮᠤᠷ | ᠲᠦᠪᠰᠢᠨ ᠢ ᠦᠨᠡᠨᠬᠦ ᠬᠠᠮᠠᠭᠠᠯᠠᠨ᠎ᠠ᠃ | ᠠᠶᠣᠯᠬᠦᠢ ᠦᠢᠯᠡᠳᠪᠦᠷᠢᠯᠡᠯ ᠢ ᠭᠤᠶᠢᠪᠢᠰᠢ ᠦᠭᠡᠢ ᠡᠷᠡᠰ ᠴᠢᠩᠭ᠎ᠠ ᠠᠳᠬᠤᠨ᠎ᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠠᠶᠣᠯᠬᠦᠢ ᠦᠢᠯᠡᠳᠪᠦᠷᠢᠯᠡᠯ ᠤᠨ ᠵᠥᠪᠯᠡᠯ ᠤᠨ 15 ᠵᠤᠷᠪᠤᠰ ᠴᠢᠩᠭ᠎ᠠ ᠬᠦᠴᠦᠲᠠᠢ | ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ 135 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠳᠠᠯᠳᠠ ᠭᠡᠮ ᠢ | ᠲᠤᠰᠬᠠᠢ ᠴᠡᠭᠴᠡᠯᠡᠨ ᠵᠠᠰᠠᠬᠤ ᠪᠠᠨ ᠲᠥᠪᠯᠡᠷᠡᠭᠦᠯᠦᠨ ᠥᠷᠨᠢᠭᠦᠯᠵᠦ᠂ ᠬᠦᠨᠳᠦ ᠶᠡᠭᠡ ᠠᠶᠣᠯᠬᠦᠢ ᠦᠢᠯᠡᠳᠪᠦᠷᠢᠯᠡᠯ ᠤᠨ | ᠠᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ | ᠪᠣᠭᠤᠮᠳᠠ ᠰᠢᠪᠳᠣᠯᠬᠤ ᠭᠤᠷᠪᠠᠨ ᠵᠢᠯ ᠤᠨ ᠠᠵᠢᠯᠯᠠᠭ᠎ᠠ ᠪᠠ ︽ᠦᠨᠳᠦᠰᠦᠨ ᠱᠠᠲᠤᠨ ᠤ ᠰᠠᠭᠤᠷᠢ ᠪᠦᠲᠦᠭᠡᠨ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠤᠨ | ᠪᠠᠶᠢᠭᠤᠯᠤᠯᠲᠠ ᠪᠠ ᠳᠡᠰ ᠳᠡᠪᠰᠢᠭᠦᠯᠦᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠤᠨ᠂ 20 ᠨᠡᠭᠦᠷᠡᠰᠦᠨ | ᠠᠭᠤᠷᠬᠠᠶ᠂ 14 ᠨᠡᠭᠦᠷᠡᠰᠦᠨ ᠤ ᠪᠤᠰᠤ ᠠᠭᠤᠷᠬᠠᠶ ᠶᠢᠨ ᠪᠠᠯᠠ ᠣᠷᠣᠭᠤᠯᠤᠯᠲᠠ ᠨᠢ 5.5 ᠳ᠋ᠦᠩᠰᠢᠭᠤᠷ | ᠲᠥᠭᠦᠷᠢᠭ ᠲᠤ ᠬᠦᠷᠴᠦ᠂ ᠣᠶᠤᠨᠴᠢᠯᠠᠭᠰᠠᠨ ᠲᠥᠷᠥᠯ ᠵᠦᠢᠯ ᠢ 132 ᠬᠡᠷᠡᠭᠵᠢᠭᠦᠯᠵᠦ᠂ ︽ᠮᠠᠰᠢᠨᠴᠢᠯᠠᠯᠲᠠ ᠪᠠᠷ | ᠬᠥᠮᠦᠨ ᠢ ᠰᠣᠯᠢᠬᠤ᠂ ᠠᠦ᠋ᠲ᠋ᠣᠴᠢᠯᠠᠯᠲᠠ ᠪᠠᠷ ᠬᠥᠮᠦᠨ ᠢ ᠪᠠᠭᠠᠰᠬᠠᠬᠤ︾ ᠶᠢ ᠶᠡᠬᠡᠪᠡᠷ ᠳᠥᠯᠭᠢᠨ ᠠᠬᠢᠭᠤᠯᠵᠤ᠂ ᠠᠵᠤ | ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ | ᠭᠤᠷᠪᠠ᠂ ᠵᠠᠬᠢᠷᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠎ᠠ | ︵ᠨᠢᠭᠡ︶ ᠤᠯᠤᠰ ᠲᠥᠷᠥ ᠶᠢᠨ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠎ᠠ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠪᠠᠨ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠵᠣ᠂ ᠭᠤᠣᠯ ᠰᠡᠳᠦᠪᠲᠦ | ᠬᠥᠮᠦᠵᠢᠯ ᠢ ᠳᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠦᠭᠡᠳ ᠦᠷ᠎ᠡ ᠪᠦᠲᠦᠮᠵᠢ ᠪᠠᠨ ᠪᠠᠬᠢᠵᠢᠭᠦᠯᠦᠨ | ᠦᠷᠭᠡᠳᠬᠡᠵᠣ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠴᠢᠩᠭ᠎ᠠ ᠪᠡᠶᠡᠯᠡᠭᠦᠯᠬᠦ ᠶᠢ ᠢᠮᠠᠭᠲᠠ ᠪᠡᠶᠡᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠣᠯ ᠱᠤᠭᠤᠮ᠂ ᠮᠥᠨᠴᠥ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ | ᠠᠵᠢᠯ ᠤᠨ ᠭᠤᠣᠯ ᠱᠤᠭᠤᠮ᠂ ᠵᠠᠬᠢᠷᠭ᠎ᠠ ᠶᠢᠨ ᠡᠯ᠎ᠡ ᠲᠦᠷᠦᠯ ᠤᠨ ᠠᠵᠢᠯ ᠢ ᠴᠥᠮ ᠡᠨᠡᠬᠦ ᠭᠤᠣᠯ ᠰᠢᠵᠢᠮ ᠲᠠᠢ | ᠨᠢᠭᠲᠠ ᠤᠶᠠᠯᠳᠤᠭᠤᠯᠤᠨ᠂ ᠥᠴᠦᠬᠡᠨ ᠴᠦ ᠰᠠᠯᠭᠠᠵᠣ ᠪᠣᠯᠤᠰᠢ ᠦᠭᠡᠢ ᠪᠠᠶᠢᠬᠤ ᠶᠢ ᠪᠡᠶᠡᠯᠡᠭᠦᠯᠵᠦ᠂ ᠤᠯᠤᠰ | ᠲᠦᠷᠦ ᠶᠢ ᠡᠷᠬᠢᠮᠯᠡᠬᠦ ᠶᠢ ᠭᠠᠳᠠᠭᠠᠳᠤ ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠴᠢᠨᠠᠷ ᠪᠣᠯᠭᠠᠨ | ᠬᠤᠪᠢᠷᠠᠭᠤᠯᠣᠨ᠎ᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠢᠯᠡᠳᠦᠯ ᠴᠢᠳᠠᠪᠬᠢ ᠪᠠᠨ ᠬᠦᠴᠦᠯᠡᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ | ᠠᠬᠢᠭᠤᠯᠤᠨ᠂ ᠲᠣᠭᠲᠠᠭᠤᠨ ᠢ ᠬᠠᠮᠠᠭᠠᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ | ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠣ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠢᠯᠡᠳᠦᠯ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠬᠢᠨᠠᠨ ᠪᠣᠳᠣᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠢ ᠢᠯᠡ ᠪᠠᠶᠢᠯᠭᠠᠨ᠎ᠠ᠃ | ︵ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ᠃ ᠬᠤᠶᠠᠷ ᠶᠡᠭᠡ ᠶᠠᠪᠤᠳᠠᠯ | ᠪᠠ ᠰᠢᠨ᠎ᠡ ᠵᠠᠮ ᠢᠶᠠᠷ ᠵᠠᠮᠨᠠᠬᠤ᠂ ᠳᠤᠮᠳᠠ ᠲᠦᠪᠰᠢᠨ ᠳᠤ ᠳᠠᠪᠰᠢᠬᠤ ᠬᠠᠷᠠᠯᠲᠠ ᠶᠢ ᠰᠠᠶᠢᠲᠤᠷ ᠰᠶᠢᠳᠪᠦᠷᠢᠯᠡᠬᠦ᠂ | ᠣᠨ ᠤ ᠬᠠᠷᠠᠯᠲᠠ ᠡᠭᠦᠷᠭᠡ ᠶᠢᠨ ᠲᠣᠭᠤᠷᠢᠨ ᠳᠤ ︽ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠡᠬᠡ ᠲᠠᠩᠰᠠ ᠪᠠᠷ | ᠠᠬᠢᠭᠤᠯᠬᠤ᠂ ᠱᠠᠯᠠᠪᠳᠠᠭᠤᠯᠣᠨ ᠰᠢᠢᠳᠪᠦᠷᠢᠯᠡᠬᠦᠯᠬᠦ᠂ ᠦᠨᠡᠯᠡᠨ ᠵᠢᠱᠢᠵᠣ ᠦᠷ᠎ᠡ ᠪᠦᠲᠦᠮᠵᠢ ᠠᠪᠬᠤ᠂︾ ᠠᠵᠢᠯ ᠤᠨ | ᠬᠡᠯᠬᠢᠶᠡᠳᠣ ᠵᠠᠭᠪᠤᠷ ᠢ ᠲᠡᠭᠦᠯᠳᠡᠷᠵᠢᠭᠦᠯᠵᠦ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠢᠭᠡ ᠶᠢ | ᠨᠠᠶᠢᠳᠠᠪᠤᠷᠢᠵᠢᠭᠤᠯᠪᠠᠯ ᠨᠢᠭᠡ ᠬᠠᠰᠤᠭᠳᠠᠬᠤ ᠶᠢ ᠪᠠᠲᠤᠯᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠯᠠᠨ ᠭᠤᠷᠪᠠᠨ ᠴᠦᠬᠡᠨ ᠭᠤᠷᠪᠠᠨ ᠤᠳᠠᠭᠠᠨ︾ ᠤ | ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠳᠡᠭᠡᠷᠡᠬᠢ ᠨᠢ ᠳᠣᠣᠷ᠎ᠠ ᠱᠠᠲᠤᠨ ᠳᠤ ᠳᠦᠷᠢᠮᠵᠢᠭᠰᠡᠨ᠂ | ᠴᠤᠮᠬᠠᠳᠬᠠᠭᠰᠠᠨ᠂ ᠬᠤᠷᠳᠤᠴᠠ ᠪᠠᠨ ᠨᠡᠮᠡᠭᠳᠡᠭᠦᠯᠦᠨ᠎ᠡ᠃ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ | ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠦᠨᠡᠨ ᠪᠣᠳᠠᠲᠠᠢ ᠠᠵᠢᠯ ᠬᠢᠵᠦ᠂ ᠪᠣᠳᠠᠲᠠᠢ | ᠠᠷᠭ᠎ᠠ ᠤᠬᠠᠭᠠᠨ ᠰᠦᠪᠡᠭᠴᠢᠯᠡᠨ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ | ︵ᠲᠦᠷᠪᠡ︶ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ | ︽ᠨᠢᠭᠡᠳᠦᠭᠡᠷ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠳᠠᠬᠢ ᠬᠤᠣᠰ ᠬᠠᠷᠢᠭᠤᠴᠠᠯᠭ᠎ᠠ︾ ᠶᠢ ᠪᠥᠬᠦ | ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠶᠢᠨ ᠬᠢᠨᠠᠯᠲᠠ ᠪᠠ ᠰᠠᠬᠢᠯᠭ᠎ᠠ ᠪᠠᠲᠤ ᠶᠢᠨ ᠬᠥᠮᠦᠵᠢᠯ ᠢᠶᠠᠨ | ᠴᠢᠩᠭᠠᠳᠬᠠᠵᠤ᠂ ᠲᠥᠪ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠪᠠᠷᠢᠮᠲᠠᠯᠠᠨ᠎ᠠ᠃ ᠭᠤᠣᠯᠳᠠᠯᠭ᠎ᠠ ᠲᠠᠢ | ᠬᠦᠷᠢᠶᠡᠨ ᠳᠠᠬᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠪᠠᠨ | ᠲᠡᠭᠦᠯᠳᠡᠷᠵᠢᠭᠦᠯᠦᠨ᠎ᠡ᠃ ᠪᠠᠴᠢᠮ ᠶᠠᠭᠠᠷᠠᠯᠲᠠᠢ ᠠᠮᠢᠳᠤᠷᠠᠯ ᠳᠤ ᠳᠠᠳᠴᠤ᠂ ᠡᠩ ᠤᠨ ᠴᠢᠨᠠᠷᠲᠠᠢ ᠵᠠᠷᠤᠯᠭ᠎ᠠ ᠪᠠ ︽ | ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠲᠥᠰᠥᠪ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ | ᠦᠩᠭᠡᠪᠴᠢ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠯᠠᠷᠠᠭᠤᠯᠤᠨ ᠵᠠᠰᠠᠵᠤ᠂ ᠬᠢᠵᠠᠭᠠᠷᠲᠠᠢ ᠪᠡᠯᠡ ᠮᠥᠩᠭᠦ ᠪᠠᠨ ︽ | ᠭᠤᠷᠪᠠ ᠶᠢ ᠪᠠᠲᠤᠯᠬᠠᠤ︾ ᠳᠡᠭᠡᠷ᠎ᠡ ᠨᠡᠩ ᠢᠯᠡᠭᠦᠦ ᠬᠡᠷᠡᠭᠯᠡᠨ᠎ᠡ᠃ | ᠡᠷᠬᠢᠯᠡᠭᠴᠢ ᠨᠠᠷ᠂ ᠭᠡᠰᠢᠭᠦᠳ ᠡ︕ ᠰᠢᠨ᠎ᠡ ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ | ᠠᠶᠠᠨ ᠵᠠᠮ ᠬᠥᠮᠦᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂ ᠠᠶᠢᠮᠠᠭ ᠤᠨ | ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢᠷᠭᠠᠭᠤ ᠠᠵᠢᠯᠯᠠᠨ᠂ ᠡᠷᠡᠰ ᠰᠢᠭᠤᠷᠬᠠᠢ ᠪᠠᠷ | ᠤᠷᠤᠭᠰᠢᠯᠠᠨ ᠲᠠᠪᠰᠢᠵᠤ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | ᠲᠠ ᠪᠦᠬᠦᠨ ᠳᠤ ᠲᠠᠯᠠᠷᠬᠠᠯ᠎ᠠ︕ | |