ᠲᠡᠷᠢᠭᠦᠯᠡᠭᠴᠢ ᠨᠠᠷ᠂ ᠭᠡᠰᠢᠭᠦᠳ᠂ ᠨᠥᠬᠦᠳ ᠡ᠄ | ᠳᠤᠤᠷ᠎ᠠ᠂ ᠪᠢ ᠵᠠᠬᠢᠷᠭ᠎ᠠ ᠶᠢᠨ ᠡᠮᠦᠨ᠎ᠡ ᠠᠴᠠ 2023 ᠣᠨ ᠤ ᠪᠥᠬᠦ ᠠᠶᠢᠮᠠᠭ ᠤᠨ ᠠᠵᠤ ᠠᠬᠤᠶ | ᠨᠡᠶᠢᠭᠡᠮ ᠤᠨ ᠬᠦᠭᠵᠢᠬᠦᠯᠦᠯᠳᠡ ᠶᠢᠨ ᠪᠠᠶᠢᠳᠠᠯ ᠪᠠ 2024 ᠣᠨ ᠤ ᠭᠤᠤᠯᠳᠠᠯᠭ᠎ᠠ ᠲᠠᠢ ᠠᠵᠢᠯ ᠤᠨ | ᠪᠠᠶᠢᠷᠢᠯᠠᠭᠤᠯᠣᠯᠳᠠ ᠶᠢ ᠮᠡᠳᠡᠭᠳᠡᠶ᠎ᠡ᠂ ᠭᠡᠰᠢᠭᠦᠳ ᠰᠠᠨᠠᠯ ᠰᠠᠨᠠᠭᠤᠯᠭ᠎ᠠ ᠪᠠᠨ ᠳᠤᠷᠠᠳᠤᠭᠠᠷᠠᠶ᠃ | ᠨᠢᠭᠡ᠂ 2022 ᠣᠨ ᠤ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ | ᠥᠩᠭᠡᠷᠡᠭᠰᠡᠨ ᠨᠢᠭᠡ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ | ᠳᠦᠪᠰᠢᠨ ᠳᠤ ᠳᠠᠪᠰᠢᠬᠤ︾ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠠᠶᠢᠮᠠᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ | ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ | ᠴᠢᠩᠭᠠᠳᠬᠠᠨ᠂ ᠠᠮᠤᠷ ᠲᠦᠪᠰᠢᠨ ᠢ ᠪᠠᠲᠤᠯᠠᠵᠤ᠂ ᠪᠥᠬᠦ ᠵᠢᠯ ᠤᠨ ᠡᠯ᠎ᠡ ᠲᠥᠷᠥᠯ ᠤᠨ ᠬᠠᠷᠠᠯᠲᠠ ᠡᠭᠦᠷᠭᠡ ᠪᠠᠨ | ᠨᠡᠯᠢᠶᠡᠳ ᠰᠠᠶᠢᠨ ᠪᠡᠶᠡᠯᠡᠭᠦᠯᠪᠡ᠃ | ︵ᠨᠢᠭᠡ︶ ᠠᠵᠤ ᠠᠬᠤᠢ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ | ᠰᠠᠶᠢᠵᠢᠷᠠᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 % ᠪᠠᠷ | ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠪᠠᠷ ᠨᠡᠮᠡᠭᠳᠡᠭᠦᠯᠵᠦ᠂ ᠣᠯᠠᠨ | ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 18% ᠪᠠᠷ ᠨᠡᠮᠡᠭᠳᠡᠭᠦᠯᠪᠡ᠃ 390 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠣ᠂ ᠠᠶᠢᠮᠠᠭ ᠤᠨ ᠲᠠᠰ ᠤᠨ168 ᠭᠤᠤᠯᠳᠠᠯᠭ᠎ᠠ ᠲᠠᠢ ᠲᠥᠷᠥᠯ ᠵᠦᠢᠯ | ᠬᠡᠷᠡᠭᠵᠢᠭᠦᠯᠦᠨ᠂ 14.7% ᠪᠠᠷ ᠨᠡᠮᠡᠭᠳᠡᠭᠦᠯᠪᠡ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾ ᠤ | ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠵᠢᠱᠢᠯᠲᠡ ᠪᠠᠷ 290 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠪᠣᠳᠠᠲᠠᠶᠢᠵᠢᠭᠤᠯᠵᠤ᠂ 15% ᠪᠠᠷ ᠨᠡᠮᠡᠭᠳᠡᠭᠦᠯᠪᠡ᠃ ᠳᠡᠭᠡᠳᠦ ᠱᠠᠲᠤᠨ ᠤ ᠡᠯ᠎ᠡ ᠲᠦᠷᠦᠯ ᠤᠨ ᠰᠢᠯᠵᠢᠭᠦᠯᠦᠨ ᠥᠭᠬᠦ | ᠪᠡᠯᠡ ᠮᠥᠩᠭᠦ ᠶᠢ 237 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 20.6% ᠪᠠᠷ ᠨᠡᠮᠡᠭᠳᠡᠭᠦᠯᠪᠡ᠃ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠪᠤᠴᠠᠭᠠᠵᠤ ᠬᠤᠶᠢᠰᠢᠯᠠᠭᠤᠯᠤᠭᠰᠠᠨ ᠰᠦᠢᠳᠬᠡᠯ 8.6 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ 2.45 ᠲᠦᠮᠡᠨ | ᠡᠷᠦᠬᠡ ᠰᠢᠨ᠎ᠡ ᠪᠠᠷ ᠨᠡᠮᠡᠭᠳᠡᠭᠦᠯᠵᠦ᠂ 16 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ | ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠣᠨ᠎ᠠ᠃ | ︵ᠬᠤᠶᠠᠷ ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠦᠷ᠎ᠡ ᠪᠦᠲᠦᠮᠵᠢ | ᠢᠯᠡᠳᠲᠡ ᠪᠣᠯᠪᠠ᠃ ᠵᠢᠱᠢᠯᠲᠡ ᠪᠠᠷ ᠪᠥᠬᠦ ᠠᠶᠢᠮᠠᠭ ᠤᠨ ᠡᠨᠧᠷᠭᠢ ᠶᠢᠨ ᠪᠤᠰᠤ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠡᠵᠡᠯᠡᠬᠦ ᠬᠠᠷᠢᠴᠠᠯ ᠢ 2.5 ᠵᠠᠭᠤᠨ ᠤ ᠬᠤᠪᠢ ᠪᠠᠷ ᠳᠡᠬᠡᠭᠰᠢᠯᠡᠭᠦᠯᠵᠣ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ 28% ᠪᠠᠷ ᠨᠡᠮᠡᠭᠳᠡᠬᠦᠯᠵᠣ᠂ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠢ 29.5% ᠪᠠᠷ ᠨᠡᠮᠡᠭᠳᠡᠭᠦᠯᠪᠡ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢ 623 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠣ᠂ 1968 ᠲᠦᠮᠡᠨ ᠺᠢᠯᠣᠸᠠᠲ ᠲᠤ | ᠬᠦᠷᠭᠡᠵᠣ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 56% ᠶᠢ ᠡᠵᠡᠯᠡᠨ᠂ ᠪᠥᠬᠦ | ᠣᠷᠣᠨ ᠳᠤ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠨᠢ ᠢᠯᠴᠢ ᠶᠢᠨ ᠴᠠᠬᠢᠯᠭᠠᠨ | ᠠᠴᠠ ᠳᠠᠪᠠᠭᠤᠯᠣᠭᠰᠠᠨ ᠢ ᠤᠷᠢᠳᠠᠪᠠᠷ ᠪᠡᠶᠡᠯᠡᠭᠦᠯᠪᠡ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠶ ᠪᠠᠶᠢᠵᠤ᠂ ᠤᠳᠤ ᠦᠶ᠎ᠡ ᠶᠢᠨ ᠲᠤᠨᠤᠭ | ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠪᠠ ᠬᠦᠨᠳᠦ ᠠᠴᠢᠶᠠᠨ ᠤ ᠮᠠᠰᠢᠨ ᠤ ᠯᠢᠲ᠋ᠢ ᠶᠢᠨ ᠴᠠᠬᠢᠯᠭᠠᠨ | ᠴᠡᠨᠡᠭ᠂ ᠪᠢᠯᠢᠭ ᠲᠦᠢᠯ ᠤᠨ ᠮᠠᠲ᠋ᠧᠷᠢᠶᠠᠯ᠂ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠥᠢᠯᠡᠳᠬᠦ᠂ ᠴᠢᠨᠠᠷ | ᠰᠠᠶᠢᠲᠠᠢ ᠥᠨᠳᠥᠷ ᠠᠴᠢᠶᠠᠯᠠᠭᠴᠢ ᠡᠨᠧᠷᠭᠢ ᠵᠡᠷᠭᠡ ᠨᠢᠭᠡ ᠪᠦᠯᠦᠭ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ | ᠦᠯᠡᠮᠵᠢ ᠤᠯᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠤᠶᠤ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ︽ᠰᠢᠯᠢ ᠶᠢᠨ ᠭᠤᠤᠯ ᠬᠤᠨᠢ︾ ᠶᠢ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ︽2023 ᠣᠨ ᠤ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠰᠣᠳᠣᠨ | ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ︾ ᠳᠤ ᠰᠣᠩᠭᠤᠭᠳᠠᠨ ᠣᠷᠣᠭᠤᠯᠪᠠ ︔ ︽ᠰᠢᠯᠢ ᠶᠢᠨ ᠭᠤᠤᠯ | ᠴᠠᠭᠠᠨ ᠢᠳᠡᠭᠡᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠯᠡ | ᠨᠡᠶᠢᠲᠡᠯᠡᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠲᠦᠷᠦᠭᠦᠦ | ᠪᠦᠯᠦᠭ ᠤᠨ ︽ᠮᠢᠩᠭᠠᠨ ᠠᠵᠤ ᠠᠬᠤᠶᠢᠯᠠᠯ ᠵᠠᠭᠤᠨ ᠬᠤᠲᠠ︾ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢᠨ ᠥᠷᠲᠡᠭ ᠢ ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠭᠤᠯᠪᠠ᠃ ᠥᠪᠥᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ | ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ᠂ ᠮᠢᠩᠭᠠᠨ | ᠭᠠᠵᠠᠷ ᠤᠨ ᠲᠦᠮᠡᠨ ᠬᠥᠮᠦᠨ ᠤ ᠮᠥᠰᠥ ᠴᠠᠰᠣ ᠶᠢ ᠳᠣᠭᠤᠯᠬᠤ ᠵᠡᠷᠭᠡ ᠰᠢᠷᠢᠰ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠪᠦᠬᠦ ᠵᠢᠯ ᠳᠤ ᠳᠣᠭᠤᠰᠢᠯᠠᠭᠤᠯᠪᠠ︔ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠮᠢᠩᠭ᠎ᠠ | ᠰᠢᠬᠠᠮ ᠤᠳᠠᠭ᠎ᠠ ᠥᠷᠨᠢᠭᠦᠯᠵᠦ᠂ ᠵᠢᠱᠢᠯᠲᠡ ᠪᠠᠷ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ | ᠶᠡᠷᠦᠩᠬᠡᠢ ᠬᠡᠮᠵᠢᠶ᠎ᠡ ᠶᠢ 4.5 % ᠪᠠᠷ ᠨᠡᠮᠡᠭᠳᠡᠭᠦᠯᠪᠡ᠃ | ︵ᠭᠤᠷᠪᠠ︶ ᠠᠮᠢ ᠠᠬᠤᠢ ᠶᠢᠨ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠦᠨ ᠥᠷᠭᠡᠳᠬᠡᠪᠡ᠃ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ | ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠳᠠᠭᠤᠰᠬᠠᠵᠤ᠂ 109. | 5ᠲᠦᠮᠡᠨ ᠮᠥ ᠡᠯᠡᠰᠦᠷᠬᠡᠭ ᠭᠠᠵᠠᠷ ᠢ ᠵᠠᠰᠠᠵᠤ᠂ 33 ᠲᠦᠮᠡᠨ ᠮᠤ᠋ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ | ᠠᠬᠤᠢ ᠶᠢ ᠵᠠᠰᠠᠨ ᠰᠡᠷᠭᠦᠭᠡᠵᠦ᠂ 34.38 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠪᠡ᠃ 4.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠭᠤᠷᠬᠠᠶ ᠮᠠᠯᠲᠠᠬᠤ | ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠠᠭᠤᠷᠬᠠᠶ ᠶᠢ ᠨᠡᠶᠢᠳᠡ 175.7 ᠬᠠᠪᠳᠠᠭᠠᠢ | ᠳᠥᠷᠪᠡᠯᠵᠢᠨ ᠺᠢᠯᠣᠮᠧᠲᠷ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ | ᠠᠵᠢᠯ ᠢᠶᠠᠨ ᠦᠨᠳᠦᠰᠦᠨ ᠳᠤ ᠪᠠᠨ ᠪᠡᠶᠡᠯᠡᠭᠦᠯᠪᠡ᠃ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ | ᠲᠤᠭ᠎ᠠ ᠪᠥᠬᠦ ᠣᠷᠣᠨ ᠤ ᠲᠡᠷᠢᠬᠦᠨ ᠳᠤ ᠲᠣᠭᠳᠠᠭᠤᠨ ᠪᠠᠶᠢᠷᠢᠯᠠᠪᠠ᠂ ᠡᠷᠢᠶᠡᠨ ᠬᠤᠲᠠ᠂ ᠵᠡᠭᠦᠨ ᠦᠵᠦᠮᠦᠴᠢᠨ | ᠬᠤᠰᠢᠭᠤ ᠨᠢ ᠳᠣᠯᠣᠳᠤᠭᠠᠷ ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠣᠷᠣᠨ ᠢᠶᠠᠷ ᠨᠡᠷᠡᠶᠢᠳᠣᠭ᠍ᠳᠡᠵᠣ᠂ ᠤᠯᠠᠭᠠᠶ ᠬᠠᠮᠢᠶᠠᠷᠤᠯᠲᠠ ᠶᠢᠨ ᠣᠷᠣᠨ᠂ ᠲᠤᠯᠤᠨ ᠨᠣᠣᠷ ᠰᠢᠶᠠᠨ ᠲᠣᠰ | ᠲᠣᠰ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠣᠷᠣᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ | ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ | ︵ᠳᠦᠷᠪᠡ︶ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠲᠡᠦᠬᠡᠲᠦ ᠴᠢᠨᠠᠷᠲᠠᠢ | ᠰᠢᠪᠲᠤᠯᠤᠯᠲᠠ ᠲᠠᠢ ᠪᠣᠯᠪᠠ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠵᠤ᠂ ᠰᠢᠯᠤᠭᠤᠨ ᠬᠥᠬᠡ ᠬᠤᠰᠢᠭᠤᠨ ᠠᠴᠠ ᠰᠢᠯᠢ ᠶᠢᠨ ᠬᠤᠲᠠ ᠬᠥᠷᠬᠦ ᠬᠡᠰᠡᠭ ᠤᠨ ᠲᠡᠮᠦᠷ | ᠵᠠᠮ ᠢ ᠴᠠᠬᠢᠯᠭᠠᠨᠵᠢᠭᠤᠯᠤᠨ ᠲᠡᠷᠭᠡ ᠨᠡᠪᠲᠡᠷᠡᠭᠦᠯᠪᠡ︔ ᠵᠢᠨᠢᠩ ᠠᠴᠠ ᠲᠦᠩᠯᠢᠶᠣᠣ ᠭᠦᠷᠬᠦ ᠲᠡᠮᠦᠷ ᠵᠠᠮ ᠤᠨ | ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠤᠩᠬᠤᠨ ᠠᠴᠠ ᠮᠦᠩᠭᠦᠨᠳᠠᠯᠠ ᠬᠦᠷᠬᠦ ᠬᠡᠰᠡᠭ ᠲᠤ | ᠲᠡᠷᠭᠡ ᠨᠡᠪᠳᠡᠷᠡᠭᠦᠯᠪᠡ᠃ ᠵᠠᠰᠠᠮᠠᠯ ᠵᠠᠮ ᠤᠨ ᠲᠥᠷᠥᠯ ᠵᠦᠢᠯ ᠳᠤ 23 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠪᠠ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ | ᠨᠢᠭᠡᠳᠦᠭᠡᠷ ᠬᠤᠭᠤᠴᠠᠭᠠᠨ ᠤ ᠢᠨᠵᠧᠨᠧᠷᠢᠩ ︵ᠨᠢᠭᠡᠳᠦᠭᠡᠷ ᠪᠠᠷᠢᠮᠵᠢᠶᠠᠲᠤ ᠬᠡᠰᠡᠭ︶ ᠤᠨ ᠪᠠᠷᠢᠯᠭ᠎ᠠ ᠳᠠᠭᠤᠰᠣᠨ | ᠰᠢᠯᠭᠠᠨ ᠬᠤᠷᠢᠶᠠᠵᠤ᠂ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠪᠠᠶᠢᠭᠤᠯᠵᠤ ᠳᠠᠭᠤᠰᠬᠠᠨ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠵᠠᠭᠤᠨ ᠲᠦᠮᠡᠨ ᠲᠠᠰ ᠤᠨ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠡᠩᠨᠡᠭᠡᠨ ᠳᠤ ᠣᠷᠣᠭᠤᠯᠪᠠ᠃ ᠴᠠᠬᠢᠯᠭᠠᠨ | ᠲᠣᠣᠷ ᠤᠨ ᠢᠨᠵᠧᠨᠧᠷᠢᠩ ᠤᠨ ᠪᠡᠯᠡ ᠣᠷᠣᠭᠤᠯᠤᠯᠲᠠ 22 ᠳ᠋ᠦᠩᠰᠢᠭᠤᠷ ᠲᠥᠭᠦᠷᠢᠭ ᠢ ᠳᠠᠪᠠᠪᠠ᠃ 4434 | ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠣᠭᠰᠠᠷᠠᠵᠣ᠂ ᠪᠥᠬᠦ ᠣᠷᠣᠨ ᠳᠤ ᠮᠠᠯᠵᠢᠬᠤ | ᠲᠠᠷᠢᠶᠠᠯᠠᠬᠤ ᠣᠷᠣᠨ ᠳᠤ ᠴᠢᠮᠡᠭᠡ ᠬᠤᠯᠪᠤᠭ᠎ᠠ ᠪᠥᠬᠦᠨ ᠢ ᠨᠡᠪᠲᠡᠷᠡᠭᠦᠯᠬᠦ ᠶᠢ ᠡᠩ ᠲᠡᠷᠢᠭᠦᠨ ᠳᠤ ᠬᠡᠷᠡᠭᠵᠢᠭᠦᠯᠬᠦ ᠶᠢᠨ | ᠬᠠᠮᠲᠤ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠲᠦᠮᠡ ᠰᠢᠬᠠᠮ ᠬᠥᠮᠦᠨ ᠳᠤ ᠤᠰᠤ ᠣᠮᠳᠠ ᠬᠠᠩᠭᠠᠬᠤ | ᠪᠠᠲᠤᠯᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ 6.56 ᠳ᠋ᠦᠩᠰᠢᠭᠤᠷ ᠲᠥᠭᠦᠷᠢᠭ ᠣᠷᠣᠭᠤᠯᠵᠤ᠂ 233 | ᠲᠥᠷᠥᠯ ᠵᠦᠢᠯ ᠬᠡᠷᠡᠭᠵᠢᠭᠦᠯᠦᠨ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 81.8% ᠳᠤ ᠭᠦᠷᠭᠡᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ | ᠶᠢ ᠶᠡᠬᠡᠪᠡᠷ ᠬᠡᠷᠡᠭᠵᠢᠭᠦᠯᠵᠦ᠂ ᠪᠡᠭᠡᠵᠢᠩ ᠤᠨ 1.5 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠠᠯᠠ | ᠮᠥᠩᠭᠦ ᠶᠢ ᠪᠣᠳᠠᠲᠠᠶᠢᠵᠢᠭᠤᠯᠵᠤ᠂ 68 ᠲᠥᠷᠥᠯ ᠵᠦᠢᠯ ᠬᠡᠷᠡᠭᠵᠢᠭᠦᠯᠪᠡ᠃ | ︵ᠲᠠᠪᠤ︶ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 3.0 | ᠠᠵᠢᠯᠯᠠᠭᠠᠨ ᠤ ᠲᠥᠰᠦᠯ ᠤᠨ 181ᠲᠦᠷᠦᠯ ᠤᠨ ᠡᠭᠦᠷᠭᠡ ᠪᠠᠨ ᠪᠦᠬᠦᠨ ᠢ ᠪᠡᠶᠡᠯᠡᠭᠦᠯᠪᠡ᠃ ︽ᠬᠤᠶᠠᠷ ᠰᠢᠯᠢᠳᠡᠭ︾ | ᠤᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ | 36.5% ᠪᠠᠷ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 35.2% ᠢᠶᠠᠷ ᠴᠣᠮᠬᠠᠳᠬᠠᠪᠠ᠃ | ︽ᠮᠥᠩᠬᠡ ᠰᠤᠪᠠᠭ︾ ᠨᠢ 806 ᠲᠥᠷᠥᠯ ᠤᠨ ᠣᠨᠴᠠᠯᠢᠭᠲᠤ ᠬᠡᠷᠡᠭᠯᠡᠯᠲᠡ ᠶᠢ ᠬᠤᠷᠠᠮᠳᠤᠭᠤᠯᠵᠤ᠂ ᠪᠥᠬᠦ | ᠣᠷᠣᠨ ᠤ ᠲᠡᠷᠢᠭᠦᠨ ᠳᠤ ᠪᠠᠶᠢᠷᠢᠯᠠᠭᠤᠯᠪᠠ︔ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠪᠠ ᠪᠥᠬᠦ | ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ ᠲᠣᠰ ᠲᠣᠰ 97% ᠪᠠ 88% ᠳᠤ ᠬᠦᠷᠦᠭᠦᠯᠵᠦ᠂ ᠪᠥᠬᠦ | ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ︔ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ | ᠠᠪᠴᠤ ᠰᠢᠢᠳᠪᠦᠷᠢᠯᠡᠬᠦ︾ ᠠᠵᠢᠯ ᠪᠦᠬᠦᠨ ᠢ ᠬᠠᠮᠤᠷᠬᠤ ᠶᠢ ᠪᠡᠶᠡᠯᠡᠭᠦᠯᠪᠡ᠃ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠨᠡᠶᠢᠲᠡ 29 ᠲᠦᠮᠡᠨ ᠠᠵᠢᠯ ᠤᠨ ᠬᠠᠭᠤᠳᠠᠰᠤ ᠶᠢ ᠭᠦᠢᠴᠡᠳᠬᠡᠨ | ᠳᠠᠭᠤᠰᠬᠠᠵᠤ᠂ ᠲᠣᠰᠬᠠᠯ ᠤᠨ ᠨᠣᠷᠮ᠎ᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠨᠤᠮᠵᠢ ᠶᠢᠨ ᠨᠣᠷᠮ᠎ᠠ ᠶᠢ | ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠪᠠ᠃ ᠡᠷᠢᠶᠡᠨ ᠬᠤᠲᠠ ᠶᠢᠨ ᠬᠢᠯᠢ ᠶᠢᠨ ᠠᠷᠠᠳ ᠤᠨ | ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠢᠮᠠᠭᠠᠨ ᠨᠣᠣᠯᠣᠷ᠂ | ᠮᠠᠭᠠᠯᠢᠩᠭᠤ ᠶᠢᠨ ᠦᠷ᠎ᠡ ᠵᠡᠷᠭᠡ ᠭᠠᠳᠠᠭᠠᠳᠤ ᠠᠴᠠ ᠣᠷᠣᠭᠤᠯᠤᠭᠰᠠᠨ ᠣᠨᠴᠠᠯᠢᠭᠲᠤ ᠲᠠᠸᠠᠷ ᠤᠨ ᠭᠠᠳᠠᠭᠠᠳᠣ | ᠠᠷᠠᠯᠵᠢᠶᠠᠨ ᠤ ᠰᠣᠯᠢᠯᠴᠠᠭᠠᠨ ᠤ ᠵᠠᠮ ᠨᠡᠭᠡᠭᠡᠬᠦ ᠶᠢ ᠪᠡᠶᠡᠯᠡᠭᠦᠯᠵᠦ᠂ ᠵᠡᠭᠦᠨ ᠬᠠᠲᠠᠪᠴᠢ ᠪᠣᠭᠤᠮᠲᠠ ᠶᠢ ᠥᠪᠡᠷᠲᠡᠭᠡᠨ | ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠬᠢᠯᠢ ᠶᠢᠨ ᠪᠣᠭᠤᠮᠲᠠ ᠳᠤ ᠵᠢᠭᠰᠠᠭᠠᠨ ᠣᠷᠣᠭᠤᠯᠪᠠ᠃ | ᠪᠥᠬᠦ ᠠᠶᠢᠮᠠᠭ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ 2195 ᠲᠦᠮᠡᠨ ᠲᠣᠨ ᠳᠤ ᠭᠦᠷᠭᠡᠵᠣ᠂ 53.4 % ᠪᠠᠷ ᠨᠡᠮᠡᠭᠳᠡᠭᠦᠯᠪᠡ᠃ | ︵ᠵᠢᠷᠭᠤᠭ᠎ᠠ ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ | ᠳᠡᠭᠡᠭᠰᠢᠯᠡᠭᠦᠯᠪᠡ᠃ ᠪᠥᠬᠦ ᠠᠶᠢᠮᠠᠭ ᠤᠨ ᠣᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠵᠢᠱᠢᠯᠲᠡ ᠪᠠᠷ | 360 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠭᠦᠨ ᠳᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠣᠯᠠᠨ | ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢᠨ 65% ᠶᠢ ᠡᠵᠡᠯᠡᠪᠡ᠃ ᠵᠢᠱᠢᠯᠲᠡ ᠪᠠᠷ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠲᠣᠰ ᠲᠣᠰ 5% ᠪᠠ | 7% ᠪᠠᠷ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠠᠷᠠᠳ ᠤᠨ ᠠᠮᠢᠳᠤᠷᠠᠯ ᠤᠨ 43 | ᠪᠣᠳᠠᠲᠤ ᠶᠠᠪᠤᠳᠠᠯ ᠢᠶᠠᠨ ᠪᠦᠬᠦᠨ ᠢ ᠪᠡᠶᠡᠯᠡᠭᠦᠯᠪᠡ᠃ ᠪᠦᠬᠦ ᠠᠶᠢᠮᠠᠭ ᠤᠨ ᠬᠤᠲᠠ ᠪᠠᠯᠭᠠᠰᠤᠨ ᠤ 1.1 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 5789 ᠰᠢᠬᠠᠮ | ᠰᠤᠷᠤᠭᠴᠢᠳ ᠲᠤ ᠠᠵᠢᠯ ᠣᠯᠭᠤᠪᠠ᠃ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠬᠤ | ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ ᠪᠥᠬᠦ ᠣᠷᠣᠨ ᠤ ᠳᠥᠷᠪᠡᠳᠦᠭᠡᠷ ᠲᠤ ᠪᠠᠶᠢᠷᠢᠯᠠᠵᠣ᠂ | 600 ᠬᠤᠪᠢ ᠠᠴᠠ ᠳᠡᠭᠡᠭᠰᠢᠬᠢ ᠰᠢᠯᠭᠠᠭᠤᠯᠤᠭᠰᠠᠳ ᠤᠨ ᠲᠤᠭ᠎ᠠ ᠶᠢ ᠥᠩᠭᠡᠷᠡᠭᠰᠡᠨ ᠵᠢᠯ ᠤᠨ ᠬᠢ ᠠᠴᠠ | ᠳᠠᠬᠢᠨ ᠢᠶᠠᠷ ᠨᠡᠮᠡᠭᠳᠡᠭᠦᠯᠪᠡ᠃ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ | ᠲᠦᠷᠦᠯ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠳᠡᠰ ᠳᠡᠪᠰᠢᠭᠦᠯᠪᠡ᠃ | ︵ᠳᠣᠯᠤᠭ᠎ᠠ ︶ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠰᠣᠭᠤᠭ ᠢ ᠪᠦᠲᠦᠮᠵᠢᠲᠡᠶ | ᠰᠡᠷᠭᠡᠶᠢᠯᠡᠨ ᠡᠵᠡᠮᠳᠡᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ | ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠴᠠᠭᠳᠠᠭᠠᠨ ᠤ ᠠᠵᠢᠯ ᠳᠤ ︽ ᠬᠤᠣᠰ ᠪᠠᠭᠤᠷᠠᠯᠲᠠ︾ ᠶᠢ | ᠪᠡᠶᠡᠯᠡᠭᠦᠯᠪᠡ᠃ ᠰᠢᠯᠢ ᠶᠢᠨ ᠭᠤᠤᠯ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ ᠢ | ᠪᠠᠶᠢᠭᠤᠯᠤᠨ ᠠᠵᠢᠯᠯᠠᠭᠤᠯᠵᠤ᠂ ᠭᠤᠤᠯᠳᠠᠯᠭ᠎ᠠ ᠲᠠᠢ ᠠᠭᠤᠷᠬᠠᠶ ᠶᠢᠨ ᠠᠵᠤ ᠠᠬᠤᠶᠢᠯᠠᠯ ᠳᠤ 5.7 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠨ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 9 | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ 202 ᠭᠤᠤᠯᠳᠠᠯᠭ᠎ᠠ ᠲᠠᠢ ᠠᠵᠤ ᠠᠬᠤᠶᠢᠯᠠᠯ ᠳᠤ | ᠭᠤᠷᠪᠠᠳᠠᠭᠴᠢ ᠲᠠᠯ᠎ᠠ ᠶᠢᠨ ᠠᠶᠣᠯᠬᠦᠢ ᠶᠢᠨ ᠦᠨᠡᠯᠡᠯᠲᠡ ᠬᠢᠯᠭᠡᠵᠣ᠂ ᠪᠦᠬᠦ ᠵᠢᠯ ᠳᠤ ᠬᠦᠨᠳᠣ ᠶᠡᠭᠡ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠥᠬᠡᠢ᠃ ᠣᠷᠣᠨ ᠨᠤᠲᠤᠭ ᠤᠨ ᠡᠳ᠋ ᠤᠨ ᠵᠠᠰᠠᠭ | ᠲᠦᠢᠯ ᠤᠨ ᠬᠦᠴᠢᠷᠳᠡᠯᠲᠡᠢ ᠪᠠᠶᠢᠳᠠᠯ ᠳᠣᠣᠷ᠎ᠠ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠤᠯᠬᠤ | ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠰᠢᠰᠲ᠋ᠧᠮ ᠤᠨ ᠳᠣᠲᠣᠷᠠᠬᠢ ᠵᠠᠰᠠᠭ ᠤᠨ ᠣᠷᠳᠣᠨ ᠤ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠮᠦᠩᠭᠦ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠳᠠᠩᠰᠠᠨ ᠳᠠᠬᠢ ᠮᠦᠩᠭᠦ ᠪᠠᠨ ᠪᠦᠬᠦᠨ ᠢ ᠴᠠᠶᠢᠷᠠᠭᠤᠯᠵᠣ᠂ ᠪᠦᠬᠦ ᠣᠷᠣᠨ ᠤ ᠲᠡᠷᠢᠬᠦᠨ | ᠡᠩᠨᠡᠭᠡᠨ ᠳᠤ ᠪᠠᠶᠢᠷᠢᠯᠠᠭᠤᠯᠪᠠ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢᠶᠠᠨ ᠪᠠᠲᠤ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠪᠣᠯᠭᠠᠵᠣ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠤᠯ ᠰᠢᠵᠢᠮ ᠢ ᠪᠥᠬᠦ ᠲᠠᠯ᠎ᠠ ᠪᠠᠷ ᠳᠣᠭᠤᠰᠢᠯᠠᠭᠤᠯᠣᠨ ᠪᠠᠬᠢᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠣᠭᠲᠠᠭᠠᠯ︾ ᠪᠠ ᠥᠪᠡᠷᠲᠡᠭᠡᠨ | ᠵᠠᠰᠠᠬᠤ ᠣᠷᠣᠨ ᠤ ︽ᠵᠢᠷᠭᠤᠭᠠᠨ ᠵᠣᠷᠪᠣᠰ ᠠᠬᠢᠭᠤᠯᠬᠤ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ︽ | ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠵᠦᠢ᠂ ︽ᠵᠢᠱᠢᠶᠡᠴᠢ ᠪᠤᠯᠬᠤ ᠳᠣᠯᠣᠭᠠᠨ ᠲᠠᠯ᠎ᠠ︾ | ᠶᠢᠨ ᠬᠠᠷᠠᠯᠲᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ ᠯᠠᠪᠳᠠᠭᠤᠨ ᠪᠠᠲᠤᠲᠠᠶ | ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠤᠨ ᠨᠡᠶᠢᠲᠡᠯᠢᠭ ᠬᠡᠯᠡᠨ ᠤ ᠪᠠᠷᠢᠮᠵᠢᠶᠠᠨ ᠳᠤ ᠬᠥᠷᠬᠦ ᠰᠤᠷᠭᠠᠭᠤᠯᠢ ᠶᠢ ᠡᠭᠦᠳᠦᠨ | ᠪᠠᠶᠢᠭᠤᠯᠤᠭᠰᠠᠨ ᠨᠣᠷᠮ᠎ᠠ ᠪᠠᠨ 99.6% ᠳᠤ ᠬᠦᠷᠦᠭᠦᠯᠵᠦ᠂ ᠰᠥᠨᠢᠳ ᠪᠠᠷᠠᠭᠤᠨ ᠬᠤᠰᠢᠭᠤ ᠶᠢ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠨᠡᠷᠡᠶᠢᠳᠴᠦ᠂ 12 ᠭᠠᠵᠠᠷ | ᠣᠷᠣᠨ ᠪᠠ ᠪᠠᠶᠢᠭᠤᠯᠭ᠎ᠠ ᠨᠢᠭᠡᠴᠡ ᠶᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠴᠦ᠂ ᠦᠨᠳᠦᠰᠦᠲᠡᠨ ᠨᠦᠭᠦᠳ ᠬᠠᠮᠲᠤ ᠪᠠᠷ | ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃ | ᠨᠢᠭᠡ ᠵᠢᠯ ᠤᠨ ᠲᠣᠷᠰᠢ᠂ ᠪᠢᠳᠡ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ | ᠵᠣᠬᠢᠴᠠᠭᠤᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ | ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ | ᠶᠠᠪᠤᠳᠠᠯ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ | ᠮᠡᠳᠡᠭᠡ ᠷᠠᠳᠢᠣ᠋ ᠲᠧᠯᠸᠢᠰ᠂ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠭᠠᠵᠠᠷ ᠬᠥᠳᠡᠯᠦᠯᠲᠡ᠂ ᠴᠠᠭ ᠠᠭᠤᠷ | ᠵᠡᠷᠭᠡ ᠦᠢᠯᠡᠰ ᠤᠨ ᠬᠥᠭᠵᠢᠯᠲᠡ ᠶᠢ ᠳᠡᠮᠵᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ | ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ | ᠦᠶ᠎ᠡ ᠪᠠᠨ ᠬᠠᠯᠠᠮᠵᠢᠯᠠᠬᠤ ᠵᠥᠪᠯᠡᠯ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ | ᠦᠢᠯᠡᠳᠦᠯ ᠢᠶᠠᠨ ᠬᠦᠢᠴᠡᠳ ᠪᠠᠳᠠᠷᠠᠭᠤᠯᠪᠠ᠃ | ᠲᠡᠷᠢᠭᠦᠯᠡᠭᠴᠢ ᠨᠠᠷ᠂ ᠭᠡᠰᠢᠭᠦᠳ ᠡ︕ ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠠᠨ ᠬᠢᠯᠪᠠᠷ | ᠪᠤᠰᠤ ᠪᠠᠷ ᠣᠯᠤᠭᠰᠠᠨ ᠶᠤᠮ᠂ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠣᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠥᠨ᠂ ᠪᠠᠰᠠ ᠴᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠦᠴᠦᠲᠡᠶ | ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠵᠠᠬᠢᠷᠭ᠎ᠠ ᠶᠢᠨ ᠡᠮᠦᠨ᠎ᠡ ᠠᠴᠠ | ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ | ᠬᠠᠷᠠᠬᠤ ᠴᠢᠬᠤᠯᠠᠲᠠᠢ ᠶᠣᠮ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠣᠶ᠄ ︽ᠨᠡᠭᠦᠷᠡᠰᠦ ᠪᠠᠷ | ᠭᠤᠤᠯᠯᠠᠭᠤᠯᠤᠭᠰᠠᠨ︾᠂ ᠡᠨᠧᠷᠭᠢ ᠳᠤ ᠲᠦᠰᠢᠭᠯᠡᠬᠦ᠂ ᠭᠦᠨᠳᠣ ᠠᠵᠣ ᠦᠢᠯᠡᠰ ᠲᠤ ᠲᠦᠰᠢᠭᠯᠡᠬᠦ ᠠᠵᠤ ᠦᠢᠯᠡᠰ ᠤᠨ | ᠪᠠᠶᠢᠷᠢᠰᠢᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ︽ᠪᠣᠬᠢᠷᠲᠤᠯ ᠥᠬᠡᠶ ᠴᠠᠬᠢᠯᠭᠠᠨ + ᠴᠢᠨᠠᠷ | ᠰᠠᠶᠢᠲᠠᠶ ᠥᠨᠳᠥᠷ ᠠᠴᠢᠶᠠᠯᠠᠭᠴᠢ ᠡᠨᠧᠷᠭᠢ︾ ᠶᠢᠨ ᠠᠵᠤ ᠦᠢᠯᠡᠰ ᠤᠨ ᠳᠠᠯᠳᠠ ᠬᠦᠴᠦᠨ ᠶᠡᠭᠡ ᠪᠣᠯᠪᠠᠴᠤ | ᠰᠠᠶ᠋ᠢᠬᠠᠨ ᠠᠰᠠᠭᠤᠳᠠᠯ ᠢ ᠰᠢᠢᠳᠪᠦᠷᠢᠯᠡᠵᠣ᠂ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ | ᠬᠡᠯᠬᠢᠶᠡᠵᠢᠯ ᠪᠠᠰᠠ ᠭᠤᠣᠯᠯᠠᠬᠤ ᠥᠷᠢᠰᠥᠯᠳᠦᠬᠦ ᠬᠦᠴᠦᠨ ᠢᠶᠠᠷ ᠳᠤᠲᠠᠮᠠᠭ ᠪᠠᠶᠢᠵᠤ᠂ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠪᠠᠰᠠ ᠲᠡᠭᠦᠯᠳᠡᠷᠵᠢᠭᠡᠳᠦᠢ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠪᠠ ᠲᠤᠰ | ᠭᠠᠵᠠᠷ ᠲᠤ ᠪᠠᠨ ᠪᠠᠭᠲᠠᠭᠠᠨ ᠰᠢᠩᠭᠡᠭᠡᠬᠦ ᠲᠠᠯ᠎ᠠ ᠪᠠᠷ ᠮᠥᠨ ᠳᠤᠲᠠᠭᠤᠳᠠᠯ ᠣᠷᠣᠰᠢᠵᠤ ᠪᠤᠢ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠮᠦᠨᠬᠦ ᠳᠣᠪᠤᠶᠢᠮ᠎ᠠ ᠪᠠᠶᠢᠭᠰᠠᠭᠠᠷ︔ ᠰᠠᠭᠤᠷᠢ ᠲᠥᠬᠦᠭᠡᠷᠦᠮᠵᠢ᠂ ᠰᠤᠷᠭᠠᠨ | ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠪᠠᠰᠠ ᠮᠠᠰᠢ ᠣᠯᠠᠨ ᠳᠤᠲᠠᠭᠤᠳᠠᠯ | ᠪᠠᠭᠤᠷᠠᠶ ᠲᠠᠯ᠎ᠠ ᠣᠷᠣᠰᠢᠵᠤ ᠪᠣᠢ᠂ ᠬᠡᠬᠦ ᠮᠡᠳᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠨᠡᠩ | ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃ | ᠬᠤᠶᠠᠷ᠂ 2024 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ | 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ᠂ ᠪᠠᠰᠠ ᠴᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ | ᠪᠣᠯᠣᠨ᠎ᠠ᠃ 2024 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6.5% ᠣᠷᠴᠢᠮ ᠨᠡᠮᠡᠭᠳᠡᠭᠦᠯᠦᠨ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ | ᠡᠩ ᠤᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6% ᠣᠷᠴᠢᠮ ᠨᠡᠮᠡᠭᠳᠡᠭᠦᠯᠦᠨ᠂ ᠬᠤᠲᠠ ᠪᠠᠯᠭᠠᠰᠣᠨ | ᠤ ᠠᠵᠢᠯ ᠣᠯᠭᠤᠯᠲᠠ ᠶᠢ ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠨ᠎ᠠ᠃ ᠡᠬᠦᠨ ᠳᠤ | ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠲᠤᠭᠲᠠᠭᠤᠨ ᠤ ᠲᠣᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ ᠶᠢ | ᠪᠠᠷᠢᠮᠲᠠᠯᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦ ᠪᠠᠷ ᠲᠦᠯᠬᠢᠨ ᠠᠭᠢᠭᠤᠯᠤᠨ᠎ᠠ | ᠣᠯᠠᠨ ᠠᠷᠭ᠎ᠠ ᠪᠠᠷᠢᠯ ᠢ ᠵᠡᠷᠭᠡ ᠳᠤᠨᠢ ᠬᠡᠷᠡᠭᠯᠡᠨ ᠠᠵᠤ ᠠᠬᠤᠢ ᠶᠢᠨ ᠠᠵᠢᠯᠯᠠᠭᠠᠨ ᠢ | ᠲᠣᠭᠲᠠᠪᠤᠷᠢᠵᠢᠭᠤᠯᠤᠨ᠎ᠠ᠃ ᠡᠨᠧᠷᠭᠢ ᠶᠢᠨ ᠠᠵᠤ ᠦᠢᠯᠡᠰ ᠢᠶᠠᠷ ᠠᠵᠤ ᠠᠬᠤᠢ ᠶᠢᠨ ᠨᠡᠮᠡᠭᠳᠡᠯ ᠢᠶᠠᠨ | ᠲᠣᠭᠲᠠᠪᠤᠷᠢᠵᠢᠭᠤᠯᠬᠤ ︽ᠰᠠᠭᠤᠷᠢ ᠴᠢᠯᠠᠭᠤ︾ ᠪᠣᠯᠭᠠᠬᠤ ᠶᠢ ᠪᠠᠷᠢᠮᠲᠠᠯᠠᠵᠤ᠂ ᠪᠦᠬᠦ ᠵᠢᠯ ᠤᠨ ᠨᠡᠭᠦᠷᠡᠰᠦᠨ ᠤ | ᠭᠠᠷᠤᠯᠲᠠ ᠶᠢ 1.4 ᠳ᠋ᠦᠩᠰᠢᠭᠤᠷ ᠲᠣᠨ ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠪᠦᠬᠦ ᠠᠶᠢᠮᠠᠭ ᠤᠨ | ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1700 ᠲᠦᠮᠡᠨ ᠺᠢᠯᠣᠸᠠᠲ ᠲᠤ | ᠬᠦᠷᠦᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠳᠡᠭᠡᠳᠦ ᠨᠠᠷᠢᠯᠢᠭ | ᠬᠥᠩᠭᠡᠨᠴᠠᠭᠠᠨ ᠤ ᠬᠠᠪᠲᠠᠰᠤ᠂ ᠪᠦᠦ ᠱᠦᠸᠧ ᠬᠥᠩᠭᠡᠨᠴᠠᠭᠠᠨ ᠤ ᠬᠠᠶᠢᠯᠤᠰᠢ᠂ ᠨᠦᠸᠧ ᠶᠢᠨ | ᠨᠡᠭᠦᠷᠠᠰᠦᠳᠦ᠋ᠷᠦᠭᠴᠢᠳᠣ ᠪᠠᠯ ᠴᠢᠯᠠᠭᠤᠨ ᠴᠠᠬᠢᠯᠭᠠᠨ ᠲᠦᠢᠯ᠂ ᠲᠠᠩ ᠾᠧ ᠬᠢᠮᠡᠯ ᠠᠯᠮᠠᠰ ᠴᠢᠯᠠᠭᠤ ᠵᠢᠴᠢ ᠥᠩᠭᠡᠲᠦ | ᠲᠡᠮᠦᠷᠯᠢᠭ ᠰᠣᠩᠭᠤᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠬᠦᠢᠴᠡᠳ ᠳᠠᠭᠠᠭᠠᠴᠠ ᠲᠠᠢ | ᠦᠢᠯᠡᠳᠪᠦᠷᠢᠯᠡᠯ ᠢ ᠠᠬᠢᠭᠤᠯᠵᠤ᠂ ᠡᠨᠧᠷᠭᠢ ᠶᠢᠨ ᠲᠣᠨᠣᠭᠯᠠᠯ ᠦᠢᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠬᠡᠮᠵᠢᠶ᠎ᠡ ᠪᠠᠨ ᠳᠡᠭᠡᠭᠰᠢᠯᠡᠭᠦᠯᠦᠨ ᠦᠷ᠎ᠡ ᠠᠰᠢᠭ ᠣᠯᠬᠤ ᠶᠢ ᠪᠠᠳᠣᠯᠠᠵᠣ᠂ ᠰᠢᠨ᠎ᠡ ᠪᠠᠷ 12 ᠠᠴᠠ ᠳᠡᠭᠡᠭᠰᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ | ᠦᠨᠡᠨᠬᠦ ᠪᠠᠲᠤᠯᠠᠨ᠎ᠠ᠃ | ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠠᠵᠢᠯ ᠢ ᠰᠠᠶᠢᠳᠣᠷ | ᠠᠳᠬᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠪᠣᠭᠤᠮᠲᠠ ᠰᠢᠪᠲᠤᠯᠬᠤ | ᠠᠵᠢᠯᠯᠠᠭ᠎ᠠ ᠪᠠᠨ ᠦᠷᠭᠦᠯᠵᠢᠯᠡᠨ ᠥᠷᠨᠢᠭᠦᠯᠵᠦ᠂ ᠠᠶᠢᠮᠠᠭ ᠤᠨ ᠲᠠᠰ ᠤᠨ 188 ᠭᠤᠤᠯᠳᠠᠯᠭ᠎ᠠ ᠲᠠᠢ ᠲᠥᠷᠥᠯ | ᠵᠦᠢᠯ ᠢ ᠢᠷᠡᠬᠦ ᠵᠢᠯ ᠤᠨ 4 ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦᠨ ᠢᠶᠠᠷ ᠢᠶᠠᠨ ᠠᠵᠢᠯ ᠡᠬᠢᠯᠡᠭᠦᠯᠬᠦ ᠪᠠ | ᠰᠡᠷᠭᠦᠭᠡᠬᠦ ᠨᠥᠬᠦᠴᠡᠯ ᠢᠶᠠᠨ ᠪᠦᠷᠢᠯᠳᠦᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠵᠢᠯ ᠳᠤ 450 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15% ᠠᠴᠠ ᠳᠡᠭᠡᠭᠰᠢ | ᠨᠡᠮᠡᠭᠳᠡᠭᠦᠯᠦᠨ᠎ᠡ᠃ ︽ᠪᠣᠬᠢᠷᠲᠤᠯ ᠥᠬᠡᠶ ᠴᠠᠬᠢᠯᠭᠠᠨ ᠢ ᠲᠣᠰ ᠭᠠᠵᠠᠷ ᠲᠤᠨᠢ ᠰᠢᠩᠭᠡᠭᠡᠬᠦ᠂ ᠡᠬᠢ ᠪᠠᠶᠠᠯᠢᠭ ᠢ | ᠲᠤᠬᠠᠶ ᠶᠢᠨ ᠭᠠᠵᠠᠷ ᠲᠤᠨᠢ ᠬᠤᠪᠢᠷᠠᠭᠤᠯᠬᠤ︾ ᠰᠡᠳᠬᠢᠮᠵᠢ ᠶᠣᠰᠣᠭᠠᠷ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ | ᠣᠷᠢᠬᠤ ᠵᠠᠩᠭᠢᠯᠠᠭ᠎ᠠ ᠶᠢᠨ ᠬᠡᠯᠬᠢᠶᠡᠵᠢᠯ ᠢ ᠨᠥᠬᠦᠪᠥᠷᠢᠯᠡᠵᠦ᠂ ︽ᠲᠠᠩ ᠭᠠᠭᠴᠠ ᠲᠥᠷᠥᠯ ᠵᠦᠢᠯ᠂ ᠲᠠᠩ ᠭᠠᠭᠴᠠ | ᠠᠵᠤ ᠠᠬᠤᠶᠢᠯᠠᠯ︾ ᠢ ᠣᠷᠣᠭᠤᠯᠬᠤ ᠠᠴᠠ ︽ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠤ᠂ | ᠠᠵᠤ ᠦᠢᠯᠡᠰ ᠤᠨ ᠪᠦᠯᠦᠭᠯᠡᠯ ᠤᠨ ᠬᠥᠭᠵᠢᠯᠲᠡ ᠶᠢ ᠠᠬᠢᠭᠤᠯᠬᠤ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠪᠠᠨ ᠰᠠᠶᠢᠲᠤᠷ ᠬᠡᠷᠡᠭᠵᠢᠭᠦᠯᠵᠦ᠂ ᠵᠠᠰᠠᠭ ᠤᠨ | ᠣᠷᠳᠣᠨ ᠤ ᠦᠨᠡᠨᠴᠢ ᠢᠲᠡᠭᠡᠮᠵᠢᠲᠡᠶ ᠪᠠᠷ ᠲᠣᠬᠢᠷᠠᠯᠴᠠᠭᠰᠠᠨ ᠢᠶᠠᠨ ᠭᠦᠢᠴᠡᠳᠬᠡᠬᠦ ᠲᠣᠭᠲᠠᠴᠠ ᠶᠢ ᠲᠡᠭᠦᠯᠳᠡᠷᠵᠢᠭᠦᠯᠵᠦ | ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ | ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠨᠡᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠨᠢᠭᠡ | ᠲᠠᠯ᠎ᠠ ᠪᠠᠷ᠂ ᠣᠯᠠᠨ ᠲᠦᠮᠡᠨ ᠳᠤ ᠰᠠᠶᠢᠲᠤᠷ ᠦᠢᠯᠡᠴᠢᠯᠡᠵᠦ᠂ ︽ᠤᠴᠢᠷ ᠶᠠᠪᠤᠳᠠᠯ ᠪᠦᠲᠦᠭᠡᠬᠦ ᠳᠤ ᠬᠥᠮᠦᠨ ᠠᠴᠠ | ᠲᠤᠰᠠᠯᠠᠮᠵᠢ ᠬᠦᠰᠡᠬᠦ ᠦᠭᠡᠢ︾ 1.0 ᠬᠡᠪᠯᠡᠯ ᠠᠴᠠ ︽ᠨᠢᠭᠤᠷ ᠵᠣᠯᠭᠠᠬᠤ ᠦᠭᠡᠢ ᠪᠠᠷ ᠭᠦᠢᠴᠡᠳᠬᠡᠬᠦ ︾ ᠪᠠ ︽ | ᠲᠠᠭᠠᠯᠠᠮᠵᠢᠲᠠᠶ᠂ ᠪᠠᠶᠠᠷ ᠬᠥᠷ ᠲᠠᠢ᠂ ᠤᠴᠢᠷ ᠶᠠᠪᠤᠳᠠᠯ ᠪᠦᠲᠦᠭᠡᠬᠦ ᠳᠤ ᠲᠥᠬᠦᠮ︾ 2.0 ᠬᠡᠪᠯᠡᠯ ᠪᠣᠯᠭᠠᠨ ᠲᠠᠰ | ᠳᠡᠪᠰᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ | ᠶᠢ ᠪᠡᠶᠡᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ | ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠪᠠ ᠰᠢᠢᠳᠪᠦᠷᠢᠯᠡᠵᠣ ᠳᠠᠭᠤᠰᠬᠠᠬᠤ ᠨᠣᠷᠮ᠎ᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ︽ᠵᠠᠷᠭᠤ ᠬᠦᠯᠢᠶᠡᠨ ᠠᠪᠤᠮᠠᠭᠴᠠ ᠪᠠᠨ ᠭᠦᠢᠴᠡᠳᠬᠡᠬᠦ︾ ᠠᠴᠠ ︽ᠵᠠᠷᠭᠤ | ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ︾ ᠳᠠᠰᠢ ᠬᠤᠪᠢᠷᠠᠭᠤᠯᠬᠤ ᠶᠢ ᠰᠦᠪᠡᠭᠴᠢᠯᠡᠨ᠎ᠡ᠃ ᠨᠥᠭᠦᠭᠡ ᠲᠠᠯ᠎ᠠ ᠪᠠᠷ᠂ | ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠤᠳᠤᠷᠢᠳᠬᠤ ᠺᠠᠳ᠋ᠷᠴᠤᠳ ᠤᠨ ᠭᠤᠣᠯᠳᠠᠯᠭ᠎ᠠ ᠲᠠᠢ ᠲᠦᠷᠦᠯ | ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠲᠦᠷᠦᠯ | ᠵᠦᠢᠯ ᠤᠨ ᠪᠡᠯᠡ ᠣᠷᠣᠭᠤᠯᠤᠯᠲᠠ ᠶᠢ ᠪᠦᠬᠦ ᠲᠠᠯ᠎ᠠ ᠪᠠᠷ ᠪᠦᠬᠦ ᠦᠶᠡᠯᠡᠯ ᠤᠨ ᠬᠤᠭᠤᠴᠠᠭᠠᠨ ᠳᠤ ᠬᠠᠪᠰᠤᠷᠤᠨ | ᠭᠦᠢᠴᠡᠳᠬᠡᠵᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ | ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ | ᠠᠬᠢᠭᠤᠯᠵᠤ᠂ ︽ᠪᠠᠷᠢᠮᠵᠢᠶᠠᠲᠤ ᠭᠠᠵᠠᠷ ᠢ ᠰᠣᠷᠳᠠᠯᠴᠢᠯᠠᠨ ᠳᠠᠨᠢᠭᠤᠯᠬᠤ᠂ ᠣᠷᠣᠨ ᠪᠦᠰᠡ ᠶᠢ ᠤᠷᠢᠳᠠᠪᠡᠷ ᠦᠨᠡᠯᠡᠨ | ᠵᠢᠱᠢᠬᠦ᠂ ᠪᠠᠷᠢᠮᠵᠢᠶᠠᠲᠤ ᠦᠢᠯᠡᠳᠪᠦᠷᠢ ᠶᠢ ᠰᠠᠶᠢᠲᠤᠷ ᠪᠠᠶᠢᠭᠤᠯᠬᠤ᠂ ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠬᠦ︾ | ᠲᠡᠷᠢᠭᠦᠨ ᠤ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠤᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠥᠭᠬᠦ ᠡᠵᠡᠯᠡᠬᠦ ᠬᠠᠷᠢᠴᠠᠯ ᠢ | 100% ᠳᠤ ᠬᠦᠷᠦᠭᠦᠯᠦᠨ᠎ᠡ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠡᠷᠡᠰ ᠭᠤᠶᠢᠪᠢᠰᠢ ᠦᠭᠡᠢ ᠪᠠᠷ ᠲᠣᠬᠢᠷᠠᠭᠤᠯᠤᠨ | ᠰᠢᠯᠢᠳᠡᠭᠵᠢᠭᠦᠯᠵᠦ᠂ ᠣᠳᠣ ᠦᠶ᠎ᠡ ᠶᠢᠨ ᠤᠨᠴᠠᠯᠢᠭᠳᠤ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ | ︽ᠪᠣᠬᠢᠷᠳᠣᠯ ᠦᠭᠡᠢ ᠴᠠᠬᠢᠯᠭᠠᠨ ᠠᠰᠢᠭᠯᠠᠬᠤ︾ ᠪᠠᠷ ᠳᠠᠭᠠᠭᠤᠯᠤᠭᠴᠢ ᠪᠣᠯᠭᠠᠨ ᠨᠡᠭᠦᠷᠡᠰᠦᠨ ᠤ ᠪᠤᠰᠤ ᠠᠵᠤ | ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠠᠶᠢᠴᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ | ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠳᠠᠬᠢᠨ ᠪᠠᠶᠢᠭᠤᠯᠬᠤ ᠬᠠᠷᠠᠯᠲᠠ ᠶᠢ | ᠨᠠᠶᠢᠳᠠᠪᠤᠷᠢᠵᠢᠭᠤᠯᠬᠤ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ︽1+7︾ ᠤ ᠲᠥᠷᠥ ᠶᠢᠨ | ᠪᠣᠳᠣᠯᠭ᠎ᠠ ᠶᠢ ᠠᠬᠢᠭᠤᠯᠬᠤ ᠲᠠᠢ ᠤᠶᠠᠯᠳᠤᠭᠤᠯᠤᠨ᠂ ᠪᠣᠬᠢᠷᠲᠤᠯ ᠦᠭᠡᠢ ᠰᠢᠨ᠎ᠡ ᠬᠡᠯᠪᠡᠷᠢ ᠶᠢᠨ ᠡᠨᠧᠷᠭᠢ ᠶᠢᠨ | ᠰᠢᠰᠲ᠋ᠧᠮᠵᠢ ᠶᠢ ᠤᠷᠢᠳᠠᠪᠠᠷ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ | ᠴᠢᠩᠭᠠᠳᠬᠠᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠭᠠᠳᠠᠭᠰᠢ ᠬᠦᠷᠭᠡᠬᠦ ᠶᠢ ᠲᠤᠯᠭᠠᠭᠤᠷᠢᠯᠠᠬᠤ ᠶᠢᠨ | ᠲᠣᠭᠤᠷᠢᠨ ᠳᠤ᠂ ᠢᠯᠠᠯᠲᠠ ᠠᠴᠠ ᠴᠢᠭᠤᠯᠤᠯᠲᠤ ᠬᠠᠭᠠᠯᠭ᠎ᠠ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ | ᠭᠠᠳᠠᠭᠰᠢ ᠳᠠᠮᠵᠢᠭᠤᠯᠬᠤ ᠱᠤᠭᠤᠮ ᠢ ᠪᠠᠶᠢᠭᠤᠯᠤᠨ ᠳᠠᠭᠤᠰᠬᠠᠬᠤ ᠶᠢ ᠠᠬᠢᠭᠤᠯᠵᠤ᠂ ᠳᠣᠯᠣᠨ ᠨᠣᠣᠷ ᠠᠴᠠ ᠴᠧᠩᠳᠧ | ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ ᠱᠤᠭᠤᠮ ᠤᠨ ᠲᠦᠷᠢᠮ | ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ | ᠲᠢᠶᠠᠨᠵᠢᠨ ᠡᡁᠧᠪᠸᠢ ᠬᠥᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠵᠠᠮ | ᠱᠤᠭᠤᠮ ᠤᠨ ᠲᠦᠷᠢᠮ ᠬᠡᠷᠡᠭᠵᠢᠭᠦᠯᠬᠦ ᠶᠢ ᠠᠬᠢᠭᠤᠯᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ | ᠰᠦᠨᠢᠳ ᠤᠨ ᠴᠦᠯᠯᠡᠷᠭᠡᠭ ᠣᠷᠣᠨ ᠳᠠᠬᠢ ᠮᠢᠩᠭᠠᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠨᠴᠠ | ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ 500 ᠲᠦᠮᠡᠨ ᠺᠢᠯᠤᠸᠤᠯᠲ ᠤᠨ ᠰᠢᠨ᠎ᠡ ᠡᠨᠧᠷᠭᠢ ᠶᠢᠨ | ᠰᠠᠭᠤᠷᠢᠨ ᠭᠠᠵᠠᠷ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠠᠵᠠ ᠲᠣᠬᠢᠶᠠᠯ ᠢ ᠠᠮᠵᠢᠨ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠷᠡᠯ ᠴᠡᠨᠡᠭ ᠢᠶᠠᠷ ᠡᠯᠡᠰᠦ ᠵᠠᠰᠠᠬᠤ ᠲᠥᠷᠥᠯ ᠵᠦᠢᠯ ᠢ ᠮᠠᠨ ᠤ | ᠠᠶᠢᠮᠠᠭ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠢᠯ ᠤᠨ ᠡᠴᠦᠰ ᠪᠣᠯᠬᠤ ᠳᠤ ᠪᠦᠬᠦ ᠠᠶᠢᠮᠠᠭ ᠤᠨ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ ︽ᠪᠣᠬᠢᠷᠲᠤᠯ ᠥᠬᠡᠶ ᠴᠠᠬᠢᠯᠭᠠᠨ + ᠴᠢᠨᠠᠷ ᠰᠠᠶᠢᠲᠠᠶ ᠥᠨᠳᠥᠷ ᠠᠴᠢᠶᠠᠯᠠᠭᠴᠢ ᠡᠨᠧᠷᠭᠢ︾ ᠶᠢᠨ | ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠢᠶᠠᠷ | ᠣᠷᠣᠯᠠᠭᠤᠯᠬᠤ᠂ ᠡᠬᠢ ᠰᠤᠷᠪᠤᠯᠵᠢ ᠶᠢᠨ ᠴᠠᠬᠢᠯᠭᠠᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ᠂ | ᠰᠢᠨ᠎ᠡ ᠬᠡᠯᠪᠡᠷᠢ ᠶᠢᠨ ᠪᠢᠴᠢᠯ ᠴᠠᠬᠢᠯᠭᠠᠨ ᠲᠣᠣᠷ ᠵᠡᠷᠭᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠳᠡᠭᠡᠳᠦ ᠨᠠᠷᠢᠯᠢᠭ | ᠬᠦᠩᠭᠡᠨᠴᠠᠭᠠᠨ ᠤ ᠬᠠᠪᠲᠠᠰᠤ᠂ ᠵᠡᠰ ᠴᠠᠶᠢᠷ ᠬᠠᠶᠢᠯᠤᠭᠤᠯᠬᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ | ᠦᠯᠡᠳᠡᠭᠳᠡᠯ ᠬᠦᠴᠦᠨ ᠪᠦᠬᠦᠢ ᠲᠥᠷᠥᠯ ᠵᠦᠢᠯ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠲᠥᠷᠥᠯ | ᠵᠦᠢᠯ ᠢ ᠲᠥᠯᠥᠪᠵᠢᠭᠦᠯᠦᠨ ᠬᠡᠷᠡᠭᠵᠢᠭᠦᠯᠬᠦ ᠶᠢ ᠵᠢᠯᠣᠭᠤᠳᠤᠨ᠎ᠠ᠃ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ | ᠦᠢᠯᠡᠰ ᠢ ᠬᠦᠴᠦᠷᠬᠡᠭᠵᠢᠭᠦᠯᠵᠦ᠂ ᠵᠥᠩ ᠴᠤᠸᠠᠨ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ | ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠠᠵᠢᠯ ᠢ ᠠᠰᠢᠭᠯᠠᠯᠲᠠ ᠳᠤ ᠣᠷᠣᠭᠤᠯᠬᠤ ᠶᠢ ᠭᠤᠤᠯᠳᠠᠯᠭ᠎ᠠ ᠲᠠᠢ | ᠠᠬᠢᠭᠤᠯᠵᠤ᠂ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ᠂ ᠤᠶᠤᠨᠲᠤ ᠬᠡᠷᠡᠯ ᠴᠡᠨᠡᠭ ᠤᠨ | ᠰᠥᠷᠭᠡᠤ ᠬᠤᠪᠢᠰᠬᠠᠭᠤᠷ᠂ ᠥᠨᠳᠥᠷ ᠦᠷ᠎ᠡ ᠠᠰᠢᠭᠲᠤ ᠳᠠᠩ ᠲᠠᠯᠠᠰᠲᠤ ᠬᠡᠷᠴᠢᠮᠠᠯ᠂ ᠴᠠᠬᠢᠯᠭᠠᠨ ᠬᠦᠳᠡᠯᠭᠡᠭᠦᠷ | ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠰᠠᠯᠬᠢ ᠭᠡᠷᠡᠯ | ᠤᠰᠤᠲᠥ᠋ᠷᠥᠭᠴᠢ ᠶᠢ ᠨᠥᠭᠡᠴᠡᠯᠡᠬᠦ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠣᠨᠣᠭᠯᠠᠯ ᠦᠢᠯᠡᠳᠬᠦ ᠪᠠ | ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ | ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠤᠯᠠᠮ ᠳᠡᠭᠡᠭᠰᠢᠯᠡᠭᠦᠯᠵᠦ᠂ ᠰᠢᠯᠢ ᠶᠢᠨ ᠭᠤᠤᠯ | ᠬᠤᠨᠢᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠵᠢᠯ ᠤᠨ ᠳᠣᠲᠣᠷ᠎ᠠ 50 ᠲᠦᠮᠡ ᠠᠴᠠ ᠳᠡᠭᠡᠭᠰᠢ ᠪᠡᠯᠴᠢᠭᠡᠷ ᠤᠨ ᠬᠤᠨᠢ ᠶᠢ ᠮᠥᠷᠳᠡᠨ | ᠨᠡᠬᠡᠮᠵᠢᠯᠡᠬᠦ ᠶᠢ ᠬᠡᠷᠡᠭᠵᠢᠭᠦᠯᠵᠦ᠂ ᠦᠢᠯᠡᠳᠬᠦᠨ ᠤ ᠦᠨ᠎ᠡ ᠬᠠᠩᠰᠢ ᠶᠢ 8% ᠠᠴᠠ ᠳᠡᠭᠡᠭᠰᠢ ᠥᠰᠬᠡᠬᠦ ᠪᠠᠷ | ᠴᠢᠷᠮᠠᠶᠢᠨ᠎ᠠ᠃ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠬᠡᠪᠴᠢᠶ᠎ᠡ ᠶᠢ ᠦᠷᠭᠡᠳᠭᠡᠨ᠎ᠡ᠃ ᠦᠷ᠎ᠡ ᠶᠢᠨ ᠦᠢᠯᠡᠰ ᠤᠨ | ᠥᠷᠢᠰᠦᠯᠳᠦᠬᠦ ᠬᠦᠴᠦᠨ ᠢ ᠤᠯᠠᠮ ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ | ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠢᠴᠡᠭᠡᠯ ᠦᠷ᠎ᠡ ᠶᠢᠨ ᠬᠡᠭᠡᠯᠲᠦᠭᠦᠯᠭᠡ ᠪᠠ ᠪᠠᠶᠢᠭᠠᠯᠢᠯᠢᠭ ᠬᠡᠭᠡᠯᠲᠦᠭᠦᠯᠭᠡ ᠶᠢ ᠠᠳᠬᠤᠵᠤ᠂ ᠮᠢᠬᠠᠨ ᠤ ᠦᠬᠡᠷ ᠤᠨ | ᠪᠣᠳᠠᠭᠠᠯᠢ ᠪᠡᠶ᠎ᠡ ᠶᠢᠨ ᠭᠠᠷᠭᠠᠯᠲᠠ ᠪᠠ ᠶᠡᠷᠦᠩᠬᠡᠶᠢᠯᠡᠭᠰᠡᠨ ᠦᠷ᠎ᠡ ᠠᠰᠢᠭ ᠤᠨ ᠥᠷᠲᠡᠭ ᠤᠨ ᠳᠡᠭᠡᠭᠰᠢᠯᠡᠯᠲᠡ ᠶᠢ | ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ ᠳᠡᠭᠡᠭᠰᠢᠯᠡᠭᠦᠯᠵᠦ᠂ ︽ | ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾᠂ ︽ᠪᠥᠬᠦ ᠵᠢᠯ ᠳᠤ ᠪᠡᠯᠴᠢᠭᠡᠷᠯᠡᠭᠦᠯᠬᠦ ᠶᠢ ᠵᠣᠭᠰᠣᠭᠠᠬᠤ + | ᠬᠠᠰᠢᠶᠠᠯᠠᠨ ᠲᠡᠵᠢᠭᠡᠬᠦ︾ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠣᠷᠣᠨ ᠤ ᠪᠠᠨ ᠪᠠᠶᠢᠳᠠᠯ ᠳᠤᠨᠢ | ᠲᠣᠬᠢᠷᠠᠭᠤᠯᠤᠨ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ | ᠂ ᠬᠠᠰᠢᠶᠠᠯᠠᠨ ᠲᠡᠵᠢᠭᠡᠭᠰᠡᠨ ᠮᠠᠯ ᠢᠶᠠᠨ ᠪᠡᠯᠴᠢᠭᠡᠷᠯᠡᠭᠦᠯᠬᠦ ᠥᠬᠡᠶ ᠪᠠᠶᠢᠬᠤ ᠤᠷᠢᠲᠠᠯ ᠳᠣᠤᠷ᠎ᠠ᠂ ︽ᠬᠤᠨᠢ ᠶᠢ | ᠴᠥᠭᠡᠳᠬᠡᠵᠦ᠂ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠨᠠᠷᠢᠯᠢᠭ | ᠭᠦᠨᠵᠡᠭᠡᠶ ᠡᠳ᠋ᠰᠢᠭᠦᠯᠬᠦ ᠲᠠᠰ ᠳᠠᠪᠬᠤᠷᠭ᠎ᠠ ᠶᠢ ᠤᠯᠠᠮ ᠳᠡᠭᠡᠭᠰᠢᠯᠡᠭᠦᠯᠵᠦ᠂ ᠠᠶᠢᠮᠠᠭ ᠤᠨ ᠳᠣᠲᠣᠷᠠᠬᠢ | ᠭᠤᠤᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ | ᠱᠤᠭᠤᠮ ᠢᠶᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠳᠠᠬᠢᠨ 1—2 ᠮᠢᠬᠠᠨ ᠤ ᠦᠬᠡᠷ ᠤᠨ ᠨᠠᠷᠢᠯᠢᠭ | ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠢᠮᠠᠭ ᠤᠨ | ᠳᠣᠲᠣᠷᠠᠬᠢ ᠮᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠶᠢ 450 ᠲᠦᠮᠡᠨ ᠬᠤᠨᠢᠴᠢᠯᠠᠭᠰᠡᠨ ᠨᠢᠭᠡᠴᠡ ᠠᠴᠠ | ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠤᠨ ᠲᠥᠬᠦᠭᠡᠷᠦᠮᠵᠢᠲᠦ ᠬᠢᠷᠢ ᠲᠦᠪᠰᠢᠨ ᠢ | ᠤᠯᠠᠮ ᠳᠡᠭᠡᠭᠰᠢᠯᠡᠭᠦᠯᠵᠦ᠂ ︽ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠠᠵᠤ ᠠᠬᠤᠶ ᠶᠢ ᠰᠢᠯᠢᠳᠡᠭᠵᠢᠭᠦᠯᠦᠨ | ᠲᠠᠷᠢᠮᠠᠯ ᠢ ᠥᠷᠭᠡᠳᠬᠡᠬᠦ︾ ᠶᠢ ᠪᠠᠷᠢᠮᠲᠠᠯᠠᠨ᠂ ᠠᠮᠤ ᠪᠤᠳᠠᠭ᠎ᠠ ᠳᠠᠷᠢᠬᠤ ᠲᠠᠯᠠᠪᠠᠶ ᠶᠢ 220 ᠲᠦᠮᠡᠨ ᠮᠥ᠂ ᠠᠵᠤ | ᠠᠬᠤᠶ ᠶᠢᠨ ᠲᠠᠷᠢᠮᠠᠯ ᠢ 70 ᠲᠦᠮᠡᠨ ᠮᠥ ᠲᠠᠷᠢᠬᠤ ᠶᠢ ᠦᠨᠡᠨᠬᠦ ᠪᠠᠲᠤᠯᠠᠨ᠎ᠠ︔ ᠴᠢᠨᠠᠷ ᠰᠠᠶᠢᠲᠠᠶ ᠲᠡᠵᠢᠭᠡᠯ ᠡᠪᠡᠰᠦ | ᠳᠠᠷᠢᠬᠤ ᠲᠠᠯᠠᠪᠠᠶ ᠶᠢ 10 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ 120 ᠲᠦᠮᠡᠨ ᠮᠥ ᠳᠤ ᠬᠦᠷᠦᠭᠦᠯᠦᠨ᠎ᠡ᠃ | ᠵᠢᠭᠤᠯᠴᠢᠯᠠᠯ ᠤᠨ ᠦᠢᠯᠡᠰ ᠢᠶᠠᠷ ᠵᠢᠯᠣᠭᠤᠳᠤᠮᠵᠢ ᠪᠣᠯᠭᠠᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠣᠯᠳᠠᠯᠭ᠎ᠠ ᠲᠠᠢ ᠦᠵᠡᠮᠵᠢ ᠶᠢᠨ | ᠣᠷᠣᠨ ᠢ ᠳᠡᠰ ᠳᠡᠪᠰᠢᠬᠦᠯᠬᠦ ᠪᠠᠨ ᠦᠷᠭᠦᠯᠵᠢᠯᠡᠨ ᠲᠦᠷᠭᠡᠳᠬᠡᠵᠦ᠂ ᠤᠯᠠᠭᠠᠢ ᠶᠢᠨ ᠵᠢᠦ ᠴᠢᠤᠢ ᠸᠠᠨ ᠤ ᠤᠯᠤᠰ ᠤᠨ | 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠤᠯᠤᠨ ᠨᠠᠭᠤᠷ ᠳᠠᠭᠠᠤ ᠤᠯᠤᠰ ᠤᠨ ᠵᠤᠭᠠᠴᠠᠯ ᠤᠨ | ᠣᠷᠣᠨ ᠢ ᠡᠭᠦᠳᠦᠨ ᠪᠠᠶᠢᠭᠤᠯᠬᠤ ᠠᠵᠢᠯ ᠢᠶᠠᠨ ᠭᠤᠣᠯᠳᠠᠯᠭ᠎ᠠ ᠲᠠᠢ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠲᠣᠭᠤᠷᠢᠯ ᠱᠤᠭᠤᠮ ᠪᠠ ᠲᠠᠯ᠎ᠠ ᠨᠤᠲᠤᠭ ᠲᠤ ᠵᠢᠭᠤᠯᠴᠢᠯᠠᠨ ᠰᠡᠭᠦᠳᠡᠷᠯᠡᠬᠦ | ᠂ ᠡᠷᠡᠭᠦᠯᠵᠢᠯ ᠰᠤᠪᠢᠯᠠᠯᠲᠠ᠂ ᠬᠡᠭᠡᠷ᠎ᠡ ᠬᠤᠨᠣᠭᠯᠠᠬᠤ᠂ ᠰᠤᠳᠤᠯᠤᠨ ᠰᠤᠷᠤᠯᠴᠠᠬᠤ ᠵᠡᠷᠭᠡ ᠰᠣᠳᠣᠨ ᠵᠢᠭᠤᠯᠴᠢᠯᠠᠯ ᠤᠨ | ᠵᠠᠮ ᠱᠤᠭᠤᠮ ᠢ ᠭᠤᠣᠯᠳᠠᠯᠭ᠎ᠠ ᠲᠠᠢ ᠭᠠᠷᠭᠠᠨ᠎ᠠ᠃ ᠥᠪᠡᠷᠲᠡᠭᠡᠨ ᠵᠠᠰᠠᠬᠤ ᠣᠷᠣᠨ ᠤ 34 ᠳ᠋ᠣᠬᠡᠷ ᠬᠤᠭᠤᠴᠠᠭᠠᠨ ᠤ | ᠵᠢᠭᠤᠯᠴᠢᠯᠠᠯ ᠤᠨ ᠨᠠᠭᠠᠳᠤᠮ ᠢ ᠢᠳᠡᠪᠬᠢᠲᠡᠶ ᠪᠡᠯᠡᠳᠭᠡᠨ᠎ᠡ᠃ | ︵ᠭᠤᠷᠪᠠ︶ ︽ᠤᠯᠤᠰ ᠤᠨ ᠶᠡᠭᠡ ᠶᠠᠪᠤᠳᠠᠯ︾ ᠢ ᠪᠠᠳᠣ ᠴᠡᠭᠡᠵᠢᠯᠡᠵᠣ᠂ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠤᠯᠠᠮ ᠪᠠᠬᠢᠵᠢᠭᠦᠯᠦᠨ᠎ᠡ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠦᠢᠯᠪᠤᠷᠢᠲᠠᠢ ᠵᠠᠰᠠᠬᠤ ᠲᠡᠶᠢᠯᠡᠯᠳᠤᠭᠠᠨ ᠤ ᠢᠯᠡᠯᠲᠡ | ᠶᠢ ᠡᠷᠡᠰ ᠲᠡᠮᠡᠴᠡᠨ ᠤᠯᠤᠨ᠎ᠠ᠃ ᠮᠠᠨ ᠤ ᠠᠶᠢᠮᠠᠭ ᠤᠨ ︽ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ | ᠵᠠᠰᠠᠨ ᠰᠡᠷᠭᠦᠭᠡᠬᠦ ᠲᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠵᠢᠭᠦᠯᠬᠦ ᠲᠥᠰᠦᠯ︾ ᠪᠠ ︽ᠮᠠᠯ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠤᠨ ᠨᠤᠲᠤᠭ ᠪᠡᠯᠴᠢᠭᠡᠷ ᠤᠨ ᠮᠠᠯ ᠠᠵᠤ | ᠠᠬᠤᠢ ᠬᠡᠲᠦᠷᠡᠭᠰᠡᠨ ᠠᠰᠠᠭᠤᠳᠠᠯ ᠢ ᠰᠶᠢᠳᠪᠦᠷᠢᠯᠡᠬᠦ ᠠᠵᠢᠯᠯᠠᠭᠠᠨ ᠤ ᠲᠥᠰᠦᠯ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠳᠦᠷᠢᠮ ᠪᠣᠯᠤᠨ ᠨᠤᠲᠤᠭ ᠪᠡᠯᠴᠢᠭᠡᠷ ᠤᠨ | ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠷᠣᠨ ᠬᠤᠪᠢᠶᠠᠨ ᠵᠠᠰᠠᠬᠤ ᠶᠢ ᠪᠠᠷᠢᠮᠲᠠᠯᠠᠵᠤ᠂ 22 ᠲᠦᠮᠡᠨ ᠮᠦ | ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠥᠪᠥᠷ ᠮᠣᠩᠭᠤᠯ ᠤᠨ ᠵᠡᠭᠦᠨ | ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ 71ᠲᠦᠮᠡᠨ ᠮᠤ᠋ | ᠶᠢ ᠪᠢᠲᠡᠭᠦᠮᠵᠢᠯᠡᠨ ᠤᠷᠭᠤᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠡᠮᠦᠨ᠎ᠡ ᠵᠠᠬ᠎ᠠ ᠶᠢᠨ ᠠᠮᠢ | ᠠᠬᠤᠢ ᠶᠢ ᠵᠠᠰᠠᠨ ᠰᠡᠷᠭᠦᠭᠡᠬᠦ ᠶᠡᠷᠦᠩᠬᠡᠶᠢᠯᠡᠭᠰᠡᠨ ᠵᠠᠰᠠᠯᠲᠠ ᠶᠢᠨ ᠲᠠᠶᠢᠪᠤᠰᠧ ᠬᠤᠰᠢᠭᠤᠨ ᠤ ᠵᠢᠱᠢᠶ᠎ᠡ ᠦᠵᠡᠭᠦᠯᠬᠦ | ᠲᠥᠷᠥᠯ ᠵᠦᠢᠯ 19 ᠲᠦᠮᠡᠨ ᠮᠦ᠂ ᠲᠠᠯ᠎ᠠ ᠨᠤᠲᠤᠭ ᠤᠨ ᠰᠠᠶᠢᠵᠢᠷᠠᠭᠤᠯᠤᠯᠲᠠ 5 ᠲᠦᠮᠡᠨ ᠮᠦ᠂ ᠣᠢ ᠰᠢᠭᠤᠢ ᠶᠢᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ 37 ᠲᠦᠮᠡᠨ ᠮᠦ ᠶᠢ ᠲᠤᠶᠢᠯᠪᠤᠷᠢᠲᠠᠢ ᠵᠠᠰᠠᠬᠤ ᠪᠣᠯᠤᠨ᠎ᠠ᠃ ᠮᠠᠨ ᠤ | ᠠᠶᠢᠮᠠᠭ ᠤᠨ ᠭᠡᠷᠡᠯ ᠴᠡᠨᠡᠭ ᠤᠨ ᠡᠯᠡᠰᠦ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ | ᠵᠣᠬᠢᠶᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ ᠨᠡᠩ ᠶᠡᠭᠡ ᠬᠠᠷᠠᠭᠠᠯᠵᠠᠯ ᠦᠵᠡᠭᠦᠯᠬᠦ ᠪᠠᠷ ᠴᠢᠷᠮᠠᠶᠢᠨ᠎ᠠ᠃ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠤᠷᠢᠳᠠᠪᠠᠷ | ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠵᠢᠴᠢ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠯᠡᠰᠦᠷᠬᠡᠭ ᠭᠠᠵᠠᠷ ᠢ ᠵᠠᠰᠠᠬᠤ ᠳᠤ ᠣᠷᠣᠯᠴᠠᠬᠤ ᠢᠳᠡᠪᠬᠢᠵᠢᠯ ᠢ | ᠳᠠᠶᠢᠴᠢᠯᠠᠵᠤ᠂ ᠠᠮᠢ ᠠᠬᠤᠶ ᠶᠢᠨ ᠰᠠᠶᠢᠵᠢᠷᠠᠯᠲᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠤᠰ | ᠠᠮᠵᠢᠯᠲᠠ ᠶᠢ ᠠᠬᠢᠭᠤᠯᠤᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢᠶᠠᠨ ᠴᠡᠭᠴᠡᠯᠡᠨ ᠰᠠᠶᠢᠵᠢᠷᠠᠭᠤᠯᠬᠤ ᠪᠠ | ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠭᠦᠨᠵᠡᠭᠡᠢ ᠠᠬᠢᠭᠤᠯᠤᠨ᠎ᠠ᠃ ᠲᠥᠪ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢᠶᠠᠨ ᠴᠡᠭᠴᠡᠯᠡᠨ | ᠥᠭᠡᠷᠡᠴᠢᠯᠡᠬᠦ ᠶᠢ ᠴᠢᠨᠠᠷ ᠰᠠᠶᠢᠲᠠᠢ ᠠᠬᠢᠭᠤᠯᠣᠨ᠎ᠠ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯᠯᠠᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢ ᠪᠦᠬᠦ | ᠣᠷᠣᠨ ᠤ ᠲᠡᠷᠢᠭᠦᠨ ᠳᠤ ᠦᠷᠭᠦᠯᠵᠢᠯᠡᠨ ᠲᠣᠭᠲᠠᠭᠤᠨ ᠢᠶᠠᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠠᠵᠤ | ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠯ ᠢ ᠪᠠᠬᠢᠵᠢᠭᠦᠯᠬᠦ ᠲᠤᠰᠬᠠᠢ ᠲᠦᠷᠦᠯ ᠢᠶᠠᠷ ᠴᠡᠭᠴᠡᠯᠡᠨ | ᠵᠠᠰᠠᠬᠤ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ | ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠯ ᠢ ᠬᠡᠪᠴᠢᠶᠡᠵᠢᠭᠦᠯᠦᠨ ᠠᠰᠢᠭᠯᠠᠬᠤ ᠪᠠ | ᠭᠠᠳᠠᠭᠰᠢ ᠲᠡᠭᠡᠭᠡᠪᠦᠷᠢᠯᠡᠵᠦ ᠪᠣᠷᠣᠯᠠᠭᠤᠯᠬᠤ ᠶᠢ ᠠᠬᠢᠭᠤᠯᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ | ᠪᠣᠬᠢᠷᠳᠣᠯ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠦᠭᠴᠢᠲᠦ ᠡᠷᠭᠢᠯᠲᠡᠲᠦ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠰᠢᠯ ᠲᠡᠶᠢᠰᠢ ᠰᠢᠯᠵᠢᠭᠦᠯᠬᠦ ᠶᠢ ᠤᠷᠢᠳᠠᠪᠡᠷ ᠲᠤᠷᠰᠢᠬᠤ | ᠠᠵᠢᠯ ᠤᠨ ᠲᠥᠰᠦᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠣᠳᠠᠲᠠᠢ ᠲᠠᠢ ᠪᠠᠨ ᠤᠶᠠᠯᠳᠤᠭᠤᠯᠤᠨ ᠮᠠᠨ ᠤ | ᠠᠶᠢᠮᠠᠭ ᠤᠨ ᠨᠠᠶᠢᠳᠠᠪᠤᠷᠢᠵᠢᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ | ᠪᠠᠲᠤᠯᠠᠨ᠎ᠠ᠃ ︽ᠪᠣᠬᠢᠷᠲᠤᠯ ᠦᠭᠡᠢ ᠴᠠᠬᠢᠯᠭᠠᠨ ᠢ ᠠᠰᠢᠭᠯᠠᠬᠤ + ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ︾ | ᠲᠤᠰᠬᠠᠢ ᠲᠥᠷᠥᠯ ᠤᠨ ᠠᠵᠢᠯᠯᠠᠭᠠᠨ ᠤ ᠲᠥᠰᠦᠯ ᠢ ᠲᠣᠭᠲᠠᠭᠠᠵᠤ᠂ ᠭᠤᠣᠯᠳᠠᠯᠭ᠎ᠠ ᠲᠠᠢ ᠡᠨᠧᠷᠭᠢ ᠶᠢᠨ | ᠬᠤᠷᠣᠭᠳᠠᠯ ᠤᠨ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠰᠦᠯ︾ ᠲᠠᠢ ᠪᠠᠶᠢᠬᠤ ᠪᠣᠬᠢᠷᠲᠤᠯ | ᠦᠭᠡᠢ ᠴᠠᠬᠢᠯᠭᠠᠨ ᠬᠡᠷᠡᠭᠯᠡᠬᠦ ᠶᠢ ᠵᠣᠷᠢᠭᠵᠢᠭᠤᠯᠵᠤ᠂ ᠲᠦᠮᠡᠨ ᠲᠤᠨ ᠠᠴᠠ ᠳᠡᠭᠡᠭᠰᠢᠬᠢ ᠡᠨᠧᠷᠭᠢ ᠶᠢᠨ ᠬᠤᠷᠣᠭᠳᠠᠯ ᠤᠨ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠳᠠᠭᠠᠭᠠᠴᠠ ᠶᠢᠨ ᠳᠠᠯᠳᠠ ᠬᠦᠴᠦᠨ ᠢ ᠠᠭᠤᠳᠠᠯᠤᠨ ᠲᠣᠬᠢᠷᠠᠭᠤᠯᠵᠤ᠂ | ᠦᠯᠡᠳᠡᠭᠡᠯ ᠡᠨᠧᠷᠭᠢ ᠶᠢᠨ ᠲᠥᠷᠥᠯ ᠵᠦᠢᠯ ᠢᠶᠠᠷ ᠪᠣᠬᠢᠷᠲᠤᠯ ᠦᠭᠡᠢ ᠴᠠᠬᠢᠯᠭᠠᠨ ᠢ ᠣᠷᠣᠯᠠᠭᠤᠯᠬᠤ ᠠᠵᠢᠯ ᠢᠶᠠᠨ | ᠥᠷᠨᠢᠭᠦᠯᠦᠨ᠎ᠡ︔ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠴᠠᠬᠢᠯᠭᠠᠨ ᠬᠦᠴᠦᠨ ᠤ ᠣᠯᠠᠨ ᠲᠠᠯᠠᠲᠤ ᠵᠠᠬ᠎ᠠ | ᠳᠡᠯᠭᠡᠭᠦᠷ ᠤᠨ ᠠᠷᠠᠯᠵᠢᠶᠠᠨ ᠳᠤ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠬᠡᠮᠵᠢᠶ᠎ᠡ ᠶᠢ | ᠭᠦᠢᠴᠡᠳ ᠲᠤᠭ᠎ᠠ ᠪᠠᠷ ᠠᠷᠠᠯᠵᠢᠶᠠᠯᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠷᠠᠯᠵᠢᠶᠠᠨ ᠤ ᠬᠠᠷᠢᠴᠠᠯ ᠢ | ᠳᠡᠭᠡᠭᠰᠢᠯᠡᠭᠦᠯᠦᠨ᠎ᠡ︔ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠥᠬᠡᠢ | ᠬᠠᠶᠢᠨ ᠪᠠᠶᠢᠴᠠᠭᠠᠬᠤ᠂ ᠶᠡᠷᠦᠩᠬᠡᠶᠢᠯᠡᠨ ᠬᠠᠶᠢᠨ ᠪᠠᠶᠢᠴᠠᠭᠠᠬᠤ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ | ᠵᠠᠰᠠᠬᠤ ᠤᠷᠤᠨ ᠠᠴᠠ ᠪᠠᠭᠤᠯᠭᠠᠭᠰᠠᠨ ︽ᠠᠷᠪᠠᠨ ᠳᠦᠷᠪᠡᠳᠦᠭᠡᠷ ᠲᠠᠪᠣᠨ ᠵᠢᠯ ᠤᠨ ᠲᠥᠯᠥᠪᠵᠢᠭᠦᠯᠭᠡ︾ ᠶᠢᠨ | ᠬᠤᠭᠤᠴᠠᠭᠠᠨ ᠳᠤ ᠵᠦᠪᠰᠢᠶᠡᠷᠡᠭᠰᠡᠨ ᠪᠤᠯᠪᠠᠴᠤ ᠬᠠᠩᠭᠠᠭᠠᠳᠦᠢ ᠭᠠᠵᠠᠷ ᠰᠢᠷᠣᠢ᠂ ᠰᠤᠯᠠ ᠪᠠᠶᠢᠭ᠎ᠠ ᠭᠠᠵᠠᠷ ᠰᠢᠷᠣᠢ ᠶᠢ | ᠰᠶᠢᠳᠪᠦᠷᠢᠯᠡᠬᠦ ᠡᠭᠦᠷᠭᠡ ᠪᠠᠨ ᠤᠷᠢᠳᠴᠢᠯᠠᠨ ᠪᠡᠶᠡᠯᠡᠭᠦᠯᠦᠨ᠎ᠡ᠃ | ︵ᠲᠦᠷᠪᠡ︶ ᠦᠭᠡᠷᠡᠴᠢᠯᠡᠯᠲᠡ ᠬᠢᠵᠦ ᠴᠢᠯᠥᠭᠡᠲᠡᠢ ᠶᠠᠪᠣᠯᠴᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ | ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠤᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠳᠠᠮᠵᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠣᠷ᠎ᠠ ᠦᠷ᠎ᠡ | ᠪᠦᠲᠦᠮᠵᠢᠲᠦ ᠰᠤᠯᠠ ᠪᠠᠶᠢᠭ᠎ᠠ ᠡᠯ᠎ᠡ ᠲᠥᠷᠥᠯ ᠤᠨ ᠡᠳ᠋ ᠬᠥᠷᠥᠩᠭᠡ ᠶᠢ ᠪᠦᠲᠦᠮᠵᠢᠲᠡᠢ ᠠᠮᠢᠳᠤᠯᠢᠭ ᠢᠶᠠᠷ | ᠠᠰᠢᠭᠯᠠᠬᠤ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ᠂ | ᠬᠡᠪᠴᠢᠶᠡᠵᠢᠭᠰᠡᠨ ᠠᠵᠣ ᠠᠬᠤᠢ ᠶᠢᠨ ᠪᠦᠷᠢᠳᠬᠡᠯ ᠳᠤ ᠣᠷᠣᠭᠤᠯᠬᠤ ᠪᠠ ᠭᠤᠣᠯᠳᠠᠯᠭ᠎ᠠ ᠲᠠᠢ ᠠᠵᠢᠯ ᠲᠥᠷᠥᠯ ᠤᠨ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠢ | ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠵᠡᠷᠭᠡ ᠲᠡᠳᠬᠦᠨ ᠲᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠭᠤᠷᠪᠠᠨ ᠵᠢᠯ ᠤᠨ ᠬᠦᠭᠵᠢᠯᠳᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ︽ᠬᠤᠪᠢ ᠶᠢᠨ | ᠡᠵᠡᠩᠨᠡᠯᠳᠡ ᠶᠢᠨ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠵᠢᠵᠢᠭ ᠠᠵᠤ ᠠᠬᠤᠶᠢᠯᠠᠯ ᠢ | ᠲᠦᠷᠢᠮᠵᠢᠬᠦᠯᠬᠦ︾᠂ ︽ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ︾ ᠶᠢ ᠶᠡᠬᠡᠪᠡᠷ ᠲᠦᠯᠬᠢᠨ | ᠠᠬᠢᠭᠤᠯᠤᠨ᠎ᠠ᠃ | ᠭᠠᠳᠠᠭᠠᠳᠤ ᠲᠠᠢ ᠴᠢᠯᠥᠭᠡᠲᠡᠢ ᠶᠠᠪᠤᠯᠴᠠᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ | ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠰᠢᠨ᠎ᠡ ᠨᠡᠪᠲᠡᠷᠡᠯ ᠵᠠᠮ᠂ | ᠵᠡᠭᠦᠨ ᠬᠤᠶᠢᠲᠤ ᠶᠢᠨ ᠬᠠᠭᠤᠷᠠᠢ ᠳᠠᠯᠠᠢ ᠶᠢᠨ ᠰᠢᠨ᠎ᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ | ᠲᠣᠭᠤᠷᠢᠭ ᠪᠣᠯᠤᠨ ︽ᠰᠢᠯᠢ ᠶᠢᠨ ᠭᠤᠤᠯ ᠤᠯᠠᠭᠠᠨᠬᠠᠳᠠ ᠴᠣᠣᠶᠠᠩ ᠵᠢᠨᠵᠧᠦ︾ ᠶᠢᠨ ᠬᠠᠮᠵᠢᠯᠴᠠᠬᠤ | ᠬᠤᠯᠪᠣᠭᠠᠨ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠂ ᠪᠣᠭᠤᠮᠲᠠ᠂ ᠭᠠᠷᠠᠮ᠂ ᠳᠣᠲᠣᠷ ᠭᠠᠵᠠᠷ ᠤᠨ ᠬᠠᠮᠵᠢᠯᠴᠠᠨ | ᠬᠥᠭᠵᠢᠬᠦ ᠪᠠᠶᠢᠷᠢᠰᠢᠯ ᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠷᠢᠶᠡᠨ ᠬᠤᠲᠠ ᠶᠢᠨ ᠤᠯᠤᠰ ᠤᠨ | ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ | ᠲᠡᠷᠭᠡ ᠶᠢᠨ ᠡᠷᠢᠶᠡᠨ ᠤ ᠰᠠᠭᠤᠷᠢᠨ ᠭᠠᠵᠠᠷ᠂ ᠲᠡᠮᠦᠷ ᠵᠠᠮ ᠤᠨ ᠥᠷᠲᠡᠭᠡ ᠲᠠᠯᠠᠪᠤᠷ ᠤᠨ ᠴᠢᠳᠠᠮᠵᠢ ᠥᠷᠭᠡᠳᠬᠡᠬᠦ | ᠥᠭᠡᠷᠡᠴᠢᠯᠡᠯᠲᠡ ᠶᠢᠨ ᠲᠥᠷᠥᠯ ᠵᠦᠢᠯ ᠢ ᠡᠬᠢᠯᠡᠭᠦᠯᠦᠨ᠎ᠡ᠃ ᠵᠡᠭᠦᠨ ᠬᠠᠲᠠᠪᠴᠢ ᠪᠣᠭᠤᠮᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠨᠠᠷᠢᠨ ᠬᠢᠨᠠᠮᠠᠭᠠᠢ ᠰᠤᠳᠤᠯᠤᠨ ᠲᠥᠯᠥᠪᠯᠡᠵᠦ᠂ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ | ᠮᠡᠳᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ᠂ | ᠬᠢᠯᠢ ᠠᠯᠤᠰᠯᠠᠭᠰᠠᠨ ᠵᠢᠭᠤᠯᠴᠢᠯᠠᠯ ᠤᠨ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠭᠦᠨᠵᠡᠭᠡᠢ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠠᠷᠤᠯᠭ᠎ᠠ ᠶᠢ ᠦᠷᠭᠦᠯᠵᠢᠯᠡᠨ 20 % ᠠᠴᠠ ᠳᠡᠭᠡᠭᠰᠢ ᠨᠡᠮᠡᠭᠳᠡᠭᠦᠯᠵᠣ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ 55 ᠡᠷᠦᠬᠡ ᠳᠤ ᠬᠦᠷᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ 80 ᠡᠷᠦᠬᠡ ᠳᠤ ᠦᠨᠡᠯᠡᠭᠦᠯᠦᠨ ᠬᠥᠮᠥᠷᠭᠡᠯᠡᠬᠦ ᠪᠠᠷ ᠴᠢᠷᠮᠠᠶᠢᠨ᠎ᠠ︔ ᠴᠢᠳᠠᠪᠤᠷᠢᠲᠠᠨ ᠢ | ᠬᠥᠮᠦᠵᠢᠭᠦᠯᠦᠨ᠂ ᠣᠷᠣᠭᠤᠯᠤᠨ ᠠᠪᠴᠢᠷᠠᠬᠤ᠂ ᠬᠥᠳᠡᠯᠦᠩᠭᠦᠢ ᠦᠨᠡᠯᠡᠯᠲᠡ ᠬᠢᠬᠦ ᠪᠠ ᠵᠣᠷᠢᠭᠵᠢᠭᠤᠯᠬᠤ ᠵᠡᠷᠭᠡ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ 2 | ᠠᠴᠠ ᠳᠡᠭᠡᠭᠰᠢ᠂ ᠳᠠᠭᠠᠭᠤᠯᠤᠭᠴᠢ ᠴᠢᠳᠠᠪᠤᠷᠢᠲᠠᠨ ᠢ 5 ᠠᠴᠠ ᠳᠡᠭᠡᠭᠰᠢ ᠣᠷᠢᠨ ᠣᠷᠣᠭᠤᠯᠵᠣ᠂ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ 1700 ᠬᠥᠮᠦᠨ ᠠᠴᠠ ᠳᠡᠭᠡᠭᠰᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | 1000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠃ | ︵ᠲᠠᠪᠤ︶ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠲᠦᠷᠭᠡᠪᠴᠢᠯᠡᠨ ᠨᠥᠬᠦᠪᠥᠷᠢᠯᠡᠵᠦ᠂ ᠬᠤᠲᠠ | ᠬᠥᠳᠡᠭᠡ ᠶᠢᠨ ᠤᠶᠠᠯᠳᠤᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠮᠢᠩᠭᠠᠨ | ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠲᠤᠰᠬᠠᠢ | ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠨᠡᠮᠡᠭᠳᠡᠭᠦᠯᠦᠨ᠂ | ᠠᠵᠤ ᠦᠢᠯᠡᠰ ᠤᠨ ᠪᠡᠯᠡ ᠮᠦᠩᠭᠦᠨ ᠤ ᠣᠷᠣᠭᠤᠯᠤᠯᠲᠠ ᠶᠢᠨ ᠬᠠᠷᠢᠴᠠᠯ ᠢ 70 % ᠠᠴᠠ ᠳᠣᠣᠷ᠎ᠠ ᠪᠠᠶᠢᠯᠭᠠᠬᠤ | ᠥᠬᠡᠢ ᠪᠠᠶᠢᠬᠤ ᠶᠢ ᠦᠨᠡᠨᠬᠦ ᠪᠠᠲᠤᠯᠠᠨ᠎ᠠ᠃ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠭᠦᠨᠵᠡᠭᠡᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ᠎ᠡ᠃ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠲᠦᠷᠭᠡᠳᠬᠡᠨ ᠪᠠᠶᠢᠭᠤᠯᠤᠨ᠎ᠠ᠃ | ᠤᠯᠤᠰ ᠤᠨ ᠵᠠᠮ ᠤᠨ 303 ᠱᠤᠭᠤᠮ ᠤᠨ ᠠᠴᠢᠠᠭᠤᠯᠠ ᠠᠴᠠ ᠰᠢᠯᠢ ᠶᠢᠨ ᠬᠤᠲᠠ ᠬᠦᠷᠬᠦ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠬᠤ ᠢᠨᠵᠧᠨᠧᠷᠢᠩ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ | ᠾᠦᠸᠧ ᠽᠢ ᠯᠢᠶᠠᠩ ᠬᠦᠷᠬᠦ 2 ᠵᠤᠷᠪᠤᠰ ᠵᠠᠰᠠᠮᠠᠯ ᠵᠠᠮ ᠵᠠᠰᠠᠨ ᠲᠡᠷᠭᠡ ᠨᠡᠪᠳᠡᠷᠡᠭᠦᠯᠬᠦ ᠶᠢ ᠲᠦᠯᠬᠢᠨ ᠠᠬᠢᠭᠤᠯᠣᠨ᠎ᠠ᠃ | ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠰᠠᠭᠠᠳ ᠥᠭᠡᠢ ᠨᠡᠪᠳᠡᠷᠡᠬᠦ ᠲᠥᠷᠭᠡᠨ | ᠬᠤᠷᠳᠤᠴᠠᠲᠤ ᠭᠠᠯᠲᠤ ᠲᠡᠷᠭᠡ ᠬᠥᠬᠡᠬᠤᠲᠠ ᠳᠤ ᠣᠷᠣᠬᠤ︾ ᠬᠠᠷᠠᠯᠲᠠ ᠪᠠᠨ ᠪᠡᠶᠡᠯᠡᠭᠦᠯᠦᠨ᠎ᠡ᠃ | ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠠᠵᠢᠯ ᠦᠢᠯᠡᠰ ᠪᠦᠲᠦᠭᠡᠬᠦ ᠳᠤ | ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠵᠦ᠂ ᠢᠯᠴᠢ ᠴᠠᠬᠢᠯᠭᠠᠨ ᠢ ᠵᠡᠷᠭᠡᠪᠡᠷ ᠭᠠᠷᠭᠠᠬᠤ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ | ᠪᠠ ᠡᠪᠦᠯ ᠤᠨ ᠳᠣᠯᠠᠭᠠᠯᠠᠭ᠎ᠠ ᠶᠢᠨ ᠠᠰᠠᠭᠤᠳᠠᠯ ᠢ ᠵᠣᠨ ᠵᠠᠰᠠᠬᠤ ᠠᠵᠢᠯᠯᠠᠭᠠᠨ ᠤ ᠢᠨᠵᠧᠨᠧᠷᠢᠩ ᠢ ᠲᠦᠯᠬᠢᠨ | ᠠᠬᠢᠭᠤᠯᠣᠨ᠎ᠠ᠃ ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 71 ᠬᠠᠭᠤᠴᠢᠨ | ᠰᠠᠭᠤᠭᠠᠯᠢ ᠲᠣᠭᠤᠷᠢᠭ᠂ 162 ᠢᠵᠢ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ᠂ 80 ᠺᠢᠯᠣᠮᠧᠲᠷ ᠤᠨ | ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠨ ᠬᠥᠭᠵᠢᠭᠦᠯᠦᠯᠲᠡ ᠳᠤ 25 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠣᠨ᠎ᠠ᠃ ᠬᠤᠲᠠ | ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠮᠠᠨ ᠤ ᠠᠶᠢᠮᠠᠭ ᠢᠶᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯᠭᠠᠨ ᠠᠮᠵᠢᠯᠲᠠᠲᠠᠢ ᠪᠦᠲᠦᠭᠡᠨ | ᠪᠠᠶᠢᠭᠤᠯᠬᠤ ᠶᠢ ᠪᠠᠲᠤᠯᠠᠨ᠎ᠠ᠃ | ︵ᠵᠢᠷᠭᠤᠭ᠎ᠠ︶ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ | ᠪᠣᠢ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠢᠮᠠᠭᠲᠠ ᠠᠩᠬᠠᠷᠴᠤ ᠢᠳᠡᠪᠬᠢᠲᠡᠢ ᠪᠠᠷ ᠬᠠᠷᠢᠭᠤ | ᠲᠣᠰᠬᠠᠨ᠎ᠠ | ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠭᠤᠶᠢᠪᠢᠰᠢ ᠥᠬᠡᠢ ᠳᠡᠯᠭᠡᠷᠡᠭᠦᠯᠦᠨ | ᠲᠦᠭᠡᠮᠡᠯᠵᠢᠭᠦᠯᠵᠦ᠂ ᠨᠢᠭᠡᠳᠦᠯᠲᠡᠢ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠨᠠᠶᠢᠷᠠᠭᠤᠯᠬᠤ ᠡᠭᠦᠷᠭᠡ ᠤᠷᠤᠭᠰᠢᠲᠠᠢ | ᠪᠡᠶᠡᠯᠡᠭᠳᠡᠬᠦ ᠶᠢ ᠦᠨᠡᠨᠬᠦ ᠪᠠᠳᠣᠯᠠᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠪᠡᠭᠡᠵᠢᠩ ᠤᠨ ᠰᠤᠷᠭᠠᠨ | ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠤᠷᠤᠨ ᠤ ᠳᠤᠳᠤᠨ᠎ᠠ ᠭᠠᠳᠠᠨᠠᠬᠢ | ᠰᠤᠷᠭᠠᠭᠤᠯᠢ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠠᠮᠳᠤᠷᠠᠨ ᠰᠤᠷᠭᠠᠭᠤᠯᠢ | ᠡᠷᠬᠢᠯᠡᠬᠦ ᠬᠠᠮᠲᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠳᠤ ᠲᠦᠰᠢᠭᠯᠡᠨ | ᠬᠥᠮᠦᠵᠢᠭᠦᠯᠬᠦ᠂ ᠲᠥᠷᠥᠯ ᠵᠦᠢᠯ ᠢᠶᠠᠷ ᠲᠦᠯᠬᠢᠨ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡ | ᠪᠦᠯᠦᠭ ᠨᠡᠷᠡᠲᠦ ᠪᠠᠭᠰᠢ ᠨᠡᠷᠡᠳᠣ ᠰᠤᠷᠭᠠᠭᠤᠯᠢ ᠶᠢᠨ ᠵᠠᠬᠢᠷᠣᠯ ᠪᠠ ᠬᠢᠴᠢᠶᠡᠯ ᠲᠥᠷᠥᠯ ᠤᠨ ᠳᠠᠭᠠᠭᠤᠯᠤᠭᠴᠢ | ᠪᠠᠭᠰᠢ ᠶᠢ ᠬᠦᠮᠦᠵᠢᠭᠦᠯᠦᠨ᠎ᠠ᠃ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠳᠤ ᠳᠡᠪᠰᠢᠬᠦ ᠶᠢ ᠳᠡᠮᠵᠢᠨ᠎ᠡ᠃ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ | ᠪᠠ ᠲᠤᠷᠰᠢᠯᠲᠠ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠬᠤᠷᠢᠶᠠᠬᠤ ᠪᠠ C᠂ D ᠳᠡᠰ ᠤᠨ ᠰᠤᠷᠭᠠᠭᠤᠯᠢ ᠶᠢᠨ ᠪᠠᠶᠢᠷᠢ ᠶᠢ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠶᠠᠨ ᠪᠦᠬᠦ ᠲᠠᠯ᠎ᠠ ᠪᠠᠷ ᠪᠡᠶᠡᠯᠡᠭᠦᠯᠵᠦ᠂ ᠠᠮᠤᠷ ᠲᠦᠪᠰᠢᠨ ᠢᠲᠡᠭᠡᠮᠵᠢᠲᠡᠢ | ᠰᠤᠷᠭᠠᠭᠤᠯᠢ ᠶᠢᠨ ᠬᠦᠷᠢᠶ᠎ᠡ ᠶᠢ ᠴᠣᠭᠴᠠᠯᠠᠨ ᠪᠠᠶᠢᠭᠤᠯᠤᠨ᠎ᠠ᠃ | ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠳᠣᠯᠠᠨ᠎ᠠ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ | ᠪᠠᠶᠢᠭᠤᠯᠤᠯᠲᠠ᠂ ᠰᠢᠶᠠᠨ ᠤ ᠬᠡᠪᠴᠢᠶᠡᠨ ᠤ ᠡᠮᠴᠢᠯᠡᠭᠡᠨ ᠤ ᠨᠢᠭᠲᠠ ᠬᠡᠯᠪᠡᠷᠢ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ᠂ ᠡᠮᠴᠢᠯᠡᠭᠡᠨ ᠤ ᠦᠢᠯᠡᠴᠢᠯᠡᠭᠡᠨ ᠤ ᠰᠠᠶᠢᠵᠢᠷᠠᠭᠤᠯᠤᠯᠲᠠ ᠵᠡᠷᠭᠡ ᠳᠥᠷᠪᠡᠨ ᠶᠡᠭᠡ ᠰᠢᠪᠲᠤᠯᠤᠯᠲᠠ ᠶᠢᠨ | ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠤᠨ᠎ᠠ᠃ ᠠᠶᠢᠮᠠᠭ ᠤᠨ ᠠᠨ | ᠱᠧᠨ ᠡᠮᠨᠡᠯᠭᠡ ᠶᠢᠨ ᠬᠤᠷᠢᠶᠠᠨ ᠤ ᠭᠤᠷᠪᠠᠨ ᠬᠥᠬᠡ ᠳᠡᠰ ᠤᠨ ᠮᠡᠳᠡᠷᠡᠯ ᠤᠨ ᠡᠪᠡᠳᠴᠢᠨ ᠤ ᠲᠤᠰᠬᠠᠢ ᠡᠮᠨᠡᠯᠭᠡ ᠶᠢᠨ | ᠬᠤᠷᠢᠶ᠎ᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠪᠦᠬᠦ ᠠᠶᠢᠮᠠᠭ ᠤᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠᠨ ᠪᠡᠶᠡᠯᠡᠭᠦᠯᠵᠣ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ | ᠴᠣᠠᠠᠴᠠᠵᠢᠭᠤᠯᠥᠠᠠᠰᠠᠨ ᠡᠮᠴᠢᠯᠡᠭᠡᠨ ᠤ ᠦᠢᠯᠡᠴᠢᠯᠡᠭᠡ ᠶᠢᠨ ᠰᠢᠨ᠎ᠡ ᠵᠬᠠᠪᠤᠷ ᠢ ᠪᠠᠶᠢᠭᠤᠯᠤᠨ᠎ᠠ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠲᠠ ᠪᠠᠯᠭᠠᠰᠣᠨ ᠤ | ᠠᠵᠢᠯ ᠣᠯᠭᠤᠯᠲᠠ ᠳᠤ ᠲᠦᠮᠡᠨ ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠢ | ᠨᠡᠶᠢᠲᠡ 7 ᠲᠦᠮᠡᠨ ᠬᠥᠮᠦᠨ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠣᠨ ᠤ ᠠᠵᠢᠯ | ᠠᠯᠳᠠᠭᠰᠠᠳ ᠤᠨ ᠳᠠᠩᠰᠠᠯᠠᠭᠤᠯᠬᠤ ᠨᠣᠷᠮ᠎ᠠ ᠶᠢ 5 % ᠤ ᠳᠣᠲᠣᠷ᠎ᠠ ᠬᠢᠵᠠᠭᠠᠷᠯᠠᠨ᠎ᠠ᠃ ᠠᠵᠢᠯ ᠣᠯᠤᠭᠠᠳᠤᠢ ᠳᠡᠭᠡᠳᠦ | ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠵᠢᠯ ᠤᠨ ᠡᠴᠦᠰ ᠤᠨ ᠠᠵᠢᠯ ᠣᠯᠭᠤᠬᠤ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠬᠦ ᠶᠢ | ᠦᠨᠡᠨᠬᠦ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95 % ᠠᠴᠠ | ᠳᠡᠭᠡᠭᠰᠢ ᠪᠠᠶᠢᠯᠭᠠᠨ᠎ᠠ᠃ | ᠣᠯᠠᠨ ᠨᠡᠶᠢᠲᠡ ᠶᠢᠨ ᠰᠣᠶᠣᠯ ᠲᠠᠮᠢᠷ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ | ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠ ᠣᠯᠠᠨ ᠲᠦᠮᠡᠨ ᠤ ᠰᠣᠶᠣᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠭᠠᠨᠮᠥ᠋ᠴᠢᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1000 ᠤᠳᠠᠭ᠎ᠠ ᠭᠠᠷᠭᠠᠨ᠎ᠠ᠃ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ — ᠰᠢᠯᠢ ᠶᠢᠨ ᠭᠤᠣᠯ | ᠠᠶᠢᠮᠠᠭ ᠤᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠲᠠᠮᠢᠷ ᠤᠨ ᠴᠤᠭᠯᠠᠭᠠᠨ ᠵᠢᠴᠢ ᠪᠦᠬᠦ | ᠠᠶᠢᠮᠠᠭ ᠤᠨ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠤᠷᠤᠯᠳᠤᠭᠠᠨ ᠤ ᠰᠢᠷᠢᠰ ᠠᠵᠢᠯᠯᠠᠭ᠎ᠠ ᠶᠢ ᠰᠠᠶᠢᠲᠤᠷ | ᠡᠷᠬᠢᠯᠡᠨ᠎ᠡ᠃ | ︵ᠲᠤᠯᠤᠭ᠎ᠠ︶ ᠠᠮᠤᠭᠤᠯᠠᠩ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢᠶᠠᠨ ᠪᠠᠬᠢᠵᠢᠭᠦᠯᠦᠨ | ᠬᠥᠭᠵᠢᠭᠦᠯᠦᠨ᠎ᠡ᠃ | ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠣᠷᠣᠨ ᠤ ᠲᠣᠭᠲᠠᠭᠤᠨ ᠢ ᠯᠠᠪᠳᠠᠭᠤᠨ ᠪᠠᠲᠤ ᠲᠠᠢ | ᠠᠬᠢᠭᠤᠯᠣᠨ᠎ᠠ᠃ ᠳᠥᠷᠪᠡᠨ ᠱᠠᠲᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ | ᠪᠣᠳᠠᠲᠠᠢ ᠠᠳᠬᠤᠨ᠂ ᠵᠢᠯ ᠤᠨ ᠳᠣᠲᠣᠷ᠎ᠠ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ︽ᠬᠢᠯᠢ ᠬᠢᠵᠠᠭᠠᠷ ᠢᠶᠠᠨ | ᠬᠥᠭᠵᠢᠭᠦᠯᠦᠨ ᠠᠷᠠᠳ ᠢᠶᠠᠨ ᠪᠠᠶᠠᠵᠢᠭᠤᠯᠬᠤ︾ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ | ᠬᠢᠵᠠᠭᠠᠷ ᠲᠤ ᠣᠷᠣᠭᠤᠯᠬᠤ︾ ᠵᠡᠷᠭᠡ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠬᠢᠯᠢ ᠬᠢᠵᠠᠭᠠᠷ ᠣᠷᠣᠨ ᠤ | ︽ᠬᠤᠭᠤᠰᠣᠨ ᠪᠠᠶᠢᠬᠤ︾ ᠠᠰᠠᠭᠤᠳᠠᠯ ᠢ ᠰᠶᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠠᠵᠢᠯ ᠢᠶᠠᠨ ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠮᠡᠳᠡᠭᠡ | ᠵᠠᠩᠭᠢᠵᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠥᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠣ᠂ ᠵᠠᠬᠢᠳᠠᠯ | ᠰᠤᠷᠪᠤᠯᠵᠢᠯᠠᠭ᠎ᠠ ᠶᠢᠨ ᠬᠦᠰᠡᠯ ᠱᠠᠭᠠᠷᠳᠠᠯᠭ᠎ᠠ ᠶᠢ 90 % ᠠᠴᠠ ᠳᠡᠭᠡᠭᠰᠢ ᠳᠤ ᠬᠠᠤᠯᠢ ᠶᠣᠰᠣᠭᠠᠷ ᠲᠥᠷᠥᠯ | ᠬᠤᠪᠢᠶᠠᠨ ᠰᠢᠢᠳᠪᠤᠷᠢᠯᠡᠨ᠎ᠡ᠃ | ᠠᠶᠣᠯᠬᠦᠢ ᠦᠢᠯᠡᠳᠪᠦᠷᠢᠯᠡᠯ ᠢ ᠭᠤᠶᠢᠪᠢᠰᠢ ᠦᠭᠡᠢ ᠡᠷᠡᠰ ᠴᠢᠩᠭ᠎ᠠ ᠠᠳᠬᠤᠨ᠎ᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠠᠶᠣᠯᠬᠦᠢ ᠦᠢᠯᠡᠳᠪᠦᠷᠢᠯᠡᠯ ᠤᠨ ᠵᠥᠪᠯᠡᠯ ᠤᠨ 15 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ | ᠪᠣᠯᠤᠨ ᠥᠪᠡᠷᠲᠡᠭᠡᠨ ᠵᠠᠰᠠᠬᠤ ᠣᠷᠣᠨ ᠤ 135 ᠵᠤᠷᠪᠤᠰ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠳᠠᠯᠳᠠ ᠭᠡᠮ ᠢ ᠲᠤᠰᠬᠠᠢ ᠴᠡᠭᠴᠡᠯᠡᠨ ᠵᠠᠰᠠᠬᠤ ᠶᠢ | ᠲᠥᠪᠯᠡᠷᠡᠭᠦᠯᠦᠨ ᠥᠷᠨᠢᠭᠦᠯᠵᠦ᠂ ᠣᠨᠴᠠ ᠶᠡᠭᠡ ᠠᠶᠣᠯᠬᠦᠢ ᠦᠢᠯᠡᠳᠪᠦᠷᠢᠯᠡᠯ ᠤᠨ ᠠᠳᠠᠯ ᠭᠠᠷᠬᠤ ᠶᠢ ᠴᠢᠩᠭ᠎ᠠ | ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠳᠠ ᠰᠢᠪᠳᠣᠯᠬᠤ ᠭᠤᠷᠪᠠᠨ | ᠵᠢᠯ ᠤᠨ ᠠᠵᠢᠯᠯᠠᠭ᠎ᠠ ᠪᠠ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 5.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 20 | ᠨᠡᠭᠦᠷᠡᠰᠦᠨ ᠠᠭᠤᠷᠬᠠᠢ᠂ 14 ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠳᠤ ᠤᠶᠤᠨᠴᠢᠯᠠᠬᠤ ᠲᠥᠷᠥᠯ ᠵᠦᠢᠯ ᠢ | 132 ᠬᠡᠷᠡᠭᠵᠢᠭᠦᠯᠬᠦ ᠪᠠᠷ ᠲᠥᠯᠥᠪᠯᠡᠵᠦ᠂ ︽ᠮᠠᠰᠢᠨᠴᠢᠯᠠᠯᠲᠠ ᠪᠠᠷ ᠬᠥᠮᠦᠨ ᠰᠣᠯᠢᠬᠤ᠂ ᠠᠦ᠋ᠲ᠋ᠦᠴᠢᠯᠠᠯᠲᠠ ᠪᠠᠷ | ᠬᠥᠮᠦᠨ ᠬᠠᠰᠤᠬᠤ︾ ᠶᠢ ᠢᠳᠡᠪᠬᠢᠲᠠᠢ ᠲᠦᠯᠬᠢᠨ ᠠᠬᠢᠭᠤᠯᠤᠨ᠎ᠠ᠃ | ᠲᠡᠷᠢᠭᠦᠯᠡᠭᠴᠢ ᠨᠠᠷ᠂ ᠭᠡᠰᠢᠭᠦᠳ ᠡ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠨᠢ | ᠲᠣᠶᠢᠯ ᠤᠨ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠦᠭᠡᠳ ᠡᠭᠦᠷᠭᠡ ᠬᠦᠨᠳᠦ ᠨᠦᠰᠡᠷ ᠪᠠᠶᠢᠭᠰᠠᠭᠠᠷ ᠶᠣᠮ᠃ | ᠪᠢᠳᠡ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠠᠩ ᠨᠢᠭᠲᠠᠷᠠᠨ ᠪᠦᠯᠬᠦᠮᠳᠡᠵᠡᠭᠡᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠶᠢᠮᠠᠭ ᠤᠨ ᠤᠯᠤᠰ | ᠲᠥᠷᠥ ᠶᠢᠨ ᠵᠥᠪᠯᠡᠯᠭᠡᠨ ᠵᠢᠴᠢ ᠭᠡᠰᠢᠭᠦᠳ ᠤᠨ ᠬᠦᠴᠦᠲᠡᠶ ᠳᠡᠮᠵᠢᠯᠭᠡ ᠳᠤᠤᠷ᠎ᠠ᠂ ᠬᠦᠰᠡᠯ ᠨᠠᠶᠢᠳᠠᠯᠭ᠎ᠠ ᠪᠠᠨ ᠪᠠᠲᠤ | ᠴᠡᠭᠡᠵᠢᠯᠡᠵᠦ᠂ ᠡᠷᠡᠯᠬᠡᠭᠯᠡᠨ ᠤᠷᠤᠭᠰᠢᠯᠠᠵᠤ᠂ ᠦᠨᠡᠨ ᠪᠣᠳᠠᠲᠠᠶ ᠠᠵᠢᠯᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ | ᠳᠡᠪᠰᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠣᠳᠣᠬᠢᠴᠢᠯᠠᠭᠰᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠡᠭᠡᠶ᠎ᠡ︕ | ᠲᠠ ᠪᠦᠬᠦᠨ ᠳᠤ ᠲᠠᠯᠠᠷᠬᠠᠯ᠎ᠠ︕ |