ᠰᠢᠯᠢ ᠶᠢᠨ ᠭᠤᠤᠯ ᠠᠶᠢᠮᠠᠭ ᠤᠨ ᠤᠯᠠᠭᠠᠨᠮᠥ᠋ᠴᠢᠷ ᠤᠤᠯ ᠨᠢ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ | ᠳᠠᠭᠤᠤ ᠪᠥᠵᠢᠭ ᠤᠨ ᠪᠦᠯᠬᠦᠮ ᠭᠡᠬᠦ ᠨᠡᠷᠡᠶᠢᠳᠦᠯ ᠲᠠᠢ ᠪᠠᠶᠢᠵᠤ᠂ 1948 ᠣᠨ ᠳᠤ ᠪᠠᠶᠢᠭᠤᠯᠤᠭᠳᠠᠵᠤ᠂ 2014 | ᠣᠨ ᠤ 7 ᠰᠠᠷ᠎ᠠ ᠳᠤ ᠰᠢᠯᠢ ᠶᠢᠨ ᠭᠤᠤᠯ ᠠᠶᠢᠮᠠᠭ ᠤᠨ ᠤᠯᠠᠭᠠᠨᠮᠥ᠋ᠴᠢᠷ ᠭᠡᠵᠦ ᠨᠡᠷᠡᠶᠢᠳᠦᠭᠳᠡᠵᠣ᠂ ᠠᠶᠢᠮᠠᠭ ᠤᠨ | ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠵᠢᠩᠬᠢᠨᠢ ᠰᠠᠯᠠᠭ᠎ᠠ ᠲᠠᠰ ᠤᠨ ᠠᠵᠢᠯ ᠦᠢᠯᠡᠰ ᠤᠨ | ᠨᠢᠭᠡᠴᠡ ᠳᠤ ᠬᠠᠷᠢᠶᠠᠯᠠᠭᠳᠠᠵᠠᠢ᠃ ᠭᠤᠤᠯ ᠴᠣᠭᠴᠠᠲᠤ ᠠᠯᠪᠠᠨ ᠠᠰᠠᠷ ᠨᠢ 7344 ᠬᠠᠪᠳᠠᠭᠠᠢ ᠳᠥᠷᠪᠡᠯᠵᠢᠨ | ᠮᠧᠲᠷ ︵ᠭᠤᠷᠪᠠᠨ ᠳᠠᠪᠬᠤᠷᠭ᠎ᠠ︶ ᠪᠠᠶᠢᠵᠤ᠂ ᠡᠭᠦᠨ ᠳᠤ ᠠᠯᠪᠠᠯᠠᠬᠤ ᠲᠣᠭᠤᠷᠢᠭ ᠨᠢ 3500 ᠬᠠᠪᠳᠠᠭᠠᠢ | ᠳᠥᠷᠪᠡᠯᠵᠢᠨ ᠮᠧᠲᠷ᠃ ᠵᠦᠴᠦᠭᠡ ᠶᠢᠨ ᠲᠠᠯᠠᠪᠠᠢ ᠨᠢ 1062 ᠬᠠᠪᠳᠠᠭᠠᠢ ᠳᠥᠷᠪᠡᠯᠵᠢᠨ ᠮᠧᠲᠷ ᠪᠠᠶᠢᠵᠤ᠂ 800 | ᠭᠠᠷᠤᠶ ᠦᠵᠡᠭᠴᠢᠳ ᠢ ᠪᠠᠭᠳᠠᠭᠠᠭᠰᠠᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠤᠨ ᠳ᠋ᠧᠩ ᠤᠨ | ᠭᠡᠷᠡᠯ᠂ ᠳᠠᠭᠤ ᠴᠢᠮᠡᠭᠡᠨ ᠤ ᠲᠥᠬᠦᠭᠡᠷᠦᠮᠵᠢ ᠵᠢᠴᠢ ᠲᠠᠶᠢᠰᠠᠨ ᠤ ᠮᠧᠬᠠᠨᠢᠭ ᠢᠶᠠᠷ ᠡᠵᠡᠮᠳᠡᠬᠦ ᠰᠢᠰᠲ᠋ᠧᠮ ᠲᠠᠢ᠃ | ᠪᠣᠯᠪᠠᠰᠤᠷᠠᠬᠤ ᠲᠢᠩᠬᠢᠮ ᠨᠢ 330 ᠬᠠᠪᠳᠠᠭᠠᠢ ᠳᠥᠷᠪᠡᠯᠵᠢᠨ ᠮᠧᠲᠷ ᠪᠠᠶᠢᠵᠣ᠂ ᠳᠠᠭᠤ ᠰᠢᠩᠭᠡᠭᠡᠬᠦ ᠫᠧᠩ᠂ ᠵᠠᠰᠠᠯ | ᠴᠢᠮᠡᠭᠯᠡᠯ ᠤᠨ ᠲᠠᠰᠤᠭ᠂ ᠬᠤᠪᠴᠠᠰᠤ ᠰᠣᠯᠢᠬᠤ ᠲᠠᠰᠤᠭ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠵᠠᠢ᠃ | ᠵᠣᠬᠢᠶᠠᠨ ᠨᠠᠶᠢᠷᠠᠭᠤᠯᠬᠤ ᠲᠠᠰᠤᠭ᠂ ᠪᠥᠵᠢᠭ ᠤᠨ ᠠᠩᠭᠢ᠂ ᠲᠠᠭᠤᠯᠠᠬᠤᠢ ᠶᠢᠨ ᠮᠡᠷᠭᠡᠵᠢᠯ ᠤᠨ ᠠᠩᠭᠢ᠂ | ᠬᠥᠭᠵᠢᠮ ᠤᠨ ᠠᠩᠭᠢ᠂ ᠪᠥᠵᠢᠭ ᠤᠨ ᠲᠠᠶᠢᠰᠠᠨ ᠤ ᠣᠷᠠᠯᠢᠭ ᠤᠨ ᠠᠩᠭᠢ᠂ ᠠᠯᠪᠠᠨ ᠭᠡᠷ ᠵᠡᠷᠭᠡ 6 | ᠪᠠᠶᠢᠭᠤᠯᠤᠮᠵᠢ ᠲᠠᠢ᠃ ᠣᠳᠣᠬᠠᠨ ᠳᠤ᠂ ᠣᠷᠣᠨ ᠲᠤᠭ᠎ᠠ ᠪᠦᠬᠦᠢ ᠠᠵᠢᠯᠳᠠᠨ 77᠂ ᠵᠢᠩᠬᠢᠨᠢ ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠤᠨ ᠠᠵᠢᠯᠲᠠᠨ 12᠂ ᠳᠡᠳ᠋ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯᠲᠠᠨ 12᠂ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯᠲᠠᠨ 27᠂ ᠠᠩᠬ᠎ᠠ ᠵᠡᠷᠭᠡ ᠶᠢᠨ ᠲᠤᠰᠬᠠᠶ ᠮᠡᠷᠭᠡᠵᠢᠯ ᠤᠨ | ᠠᠵᠢᠯᠲᠠᠨ 23 ᠪᠣᠶ᠃ | ᠪᠦᠯᠬᠦᠮ ᠨᠢ ᠪᠠᠶᠢᠭᠤᠯᠤᠭᠳᠠᠭᠰᠠᠨ ᠠᠴᠠ ᠨᠠᠰᠢ᠂ ᠮᠣᠩᠭᠤᠯ ᠦᠨᠳᠦᠰᠦᠲᠡᠨ ᠤ ᠳᠠᠭᠤᠤ ᠪᠥᠵᠢᠭ ᠤᠨ | ᠤᠷᠠᠯᠢᠭ ᠢ ᠵᠠᠯᠭᠠᠮᠵᠢᠯᠠᠨ ᠬᠥᠭᠵᠢᠭᠦᠯᠬᠦ ᠪᠠᠷ ᠵᠣᠷᠢᠯᠲᠠ ᠪᠠᠨ ᠪᠣᠯᠭᠠᠵᠤ᠂ ᠦᠯᠡᠮᠵᠢ ᠤᠯᠠᠨ ᠮᠣᠷᠠᠯ ᠤᠷᠠᠯᠢᠭ | ᠬᠤᠣᠰᠯᠠᠭᠰᠠᠨ ᠠᠷᠠᠳ ᠤᠨ ᠣᠷᠠᠯᠢᠭᠴᠢᠳ ᠪᠠ ᠶᠡᠭᠡ ᠬᠡᠮᠵᠢᠶᠡᠨ ᠤ ᠰᠣᠩᠭᠤᠳᠠᠭ ᠤᠷᠠᠯᠢᠭ ᠤᠨ ᠪᠦᠲᠦᠭᠡᠯ ᠤᠳ ᠢ | ᠴᠣᠯᠭᠤᠷᠠᠨ ᠭᠠᠷᠭᠠᠵᠠᠢ᠃ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠰᠢ ᠂ ᠰᠣᠳᠣᠨ ᠤᠷᠠᠯᠢᠭ ᠤᠨ | ᠪᠦᠲᠦᠭᠡᠯ ᠢ ᠡᠭᠦᠳᠦᠨ ᠪᠠᠶᠢᠭᠤᠯᠬᠤ ᠰᠡᠳᠬᠢᠴᠡ ᠶᠢ ᠪᠠᠷᠢᠮᠲᠠᠯᠠᠵᠤ᠂ ᠦᠨᠳᠦᠰᠦᠲᠡᠨ ᠤ ᠣᠷᠣᠨ ᠨᠣᠳᠤᠭ ᠤᠨ | ᠣᠨᠴᠠᠯᠢᠭ ᠢᠶᠠᠷ ᠢᠯᠡ ᠲᠣᠳᠣ᠂ ᠴᠠᠭ ᠦᠶ᠎ᠡ ᠶᠢᠨ ᠠᠭᠤᠷ ᠠᠮᠢᠰᠬᠤᠯ ᠦᠨᠢ ᠦᠳᠬᠡᠨ ᠤᠷᠠᠯᠢᠭ ᠤᠨ ᠪᠦᠲᠦᠭᠡᠯ ᠢ | ᠵᠣᠬᠢᠶᠠᠨ ᠪᠦᠲᠦᠭᠡᠵᠦ᠂ ᠪᠦᠬᠦ ᠣᠷᠣᠨ ᠤ ︽ ᠲᠠᠪᠦ ᠨᠢᠭᠡ ᠢᠨᠵᠧᠨᠧᠷᠢᠩ︾ ᠤᠨ ᠱᠠᠩᠨᠠᠯ᠂ ︽ᠰᠠᠷᠠᠨ᠎ᠠ︾ ᠱᠠᠩᠨᠠᠯ | ᠵᠢᠴᠢ ᠪᠤᠰᠤᠳ ᠲᠤᠰᠬᠠᠢ ᠮᠡᠷᠭᠡᠵᠢᠯ ᠤᠨ ᠤᠷᠤᠯᠳᠤᠭᠠᠨ ᠤ ᠱᠠᠩᠨᠠᠯ ᠢ ᠣᠯᠠᠨᠲᠠ ᠬᠦᠷᠳᠡᠵᠠᠢ᠃ ︽ᠰᠢᠯᠢ ᠶᠢᠨ | ᠰᠣᠯᠣᠩᠭ᠎ᠠ︾᠂ ︽ ᠦᠨᠢᠷ ᠪᠠᠶᠠᠯᠢᠭ ᠰᠢᠯᠢ ᠶᠢᠨ ᠭᠤᠤᠯ︾᠂ ︽ᠤᠯᠤᠰ ᠤᠨ ᠪᠠᠶᠠᠷ ᠤᠨ ᠮᠠᠭᠲᠠᠭᠠᠯ︾᠂ ︽ | ᠥᠯᠵᠡᠶᠢᠲᠦ ᠲᠠᠯ᠎ᠠ ᠨᠤᠲᠤᠭ ᠰᠢᠯᠢ ᠶᠢᠨ ᠭᠤᠤᠯ︾᠂ ︽ᠮᠠᠭᠲᠠᠭᠠᠯ ᠳᠠᠭᠤᠤ ᠪᠠᠨ ᠠᠭᠤᠤ ᠶᠡᠭᠡ ᠡᠬᠡ ᠤᠯᠤᠰ | ᠲᠠᠭᠠᠨ ᠡᠷᠬᠦᠶ᠎ᠠ · ᠰᠢᠯᠢ ᠶᠢᠨ ᠭᠤᠤᠯ ᠤᠨ ᠮᠠᠭᠲᠠᠭᠠᠯ︾ ᠰᠢᠯᠢ ᠶᠢᠨ ᠭᠤᠤᠯ ᠠᠶᠢᠮᠠᠭ ᠤᠨ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠵᠡᠷᠭᠡ ᠰᠢᠯᠢᠳᠡᠭ ᠤᠷᠠᠨ ᠰᠠᠶᠢᠬᠠᠨ ᠤ ᠦᠳᠡᠰᠢᠯᠡᠭᠡ | ᠨᠦᠭᠦᠳ ᠭᠠᠷᠭᠠᠵᠠᠢ᠃ ᠢᠯᠠᠩᠭᠤᠶ᠎ᠠ 2009 ᠣᠨ ᠠᠴᠠ ᠨᠠᠰᠢ᠂ ᠶᠠᠰᠤ ᠴᠢᠨᠠᠷ ᠢᠶᠠᠷ ᠣᠷᠣᠰᠢᠨ ᠲᠣᠭᠳᠠᠨᠢᠬᠤ᠂ | ᠰᠢᠯᠢᠳᠡᠭ ᠵᠦᠴᠦᠭᠡ ᠪᠠᠷ ᠪᠦᠯᠬᠦᠮ ᠢᠶᠠᠨ ᠮᠠᠨᠳᠤᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠦᠨᠳᠦᠰᠦᠲᠡᠨ ᠤ | ᠪᠦᠵᠢᠭᠳᠦ ᠵᠦᠴᠦᠭᠡ ︽ᠲᠠᠯ᠎ᠠ ᠨᠤᠲᠤᠭ ᠤᠨ ᠳᠤᠷᠠᠰᠤᠮᠵᠢ︾᠂ ᠮᠣᠩᠭᠤᠯ ᠵᠦᠴᠦᠭᠡ ︽ᠤᠷᠲᠤ ᠶᠢᠨ ᠳᠠᠭᠤᠤ ᠶᠢᠨ | ᠠᠪᠣᠷᠭᠤ — ᡀᠠᠵᠠᠪ︾᠂ ᠲᠠᠭᠤᠯᠠᠯᠳᠣ ᠵᠦᠴᠦᠭᠡ ︽ᠮᠢᠨᠦ ᠤᠯᠠᠭᠠᠨᠮᠥ᠋ᠴᠢᠷ︾ ᠢ ᠵᠣᠬᠢᠶᠠᠨ ᠪᠦᠲᠦᠭᠡᠵᠦ | ᠲᠣᠭᠯᠠᠵᠠᠢ᠃ ︽ᠲᠠᠯ᠎ᠠ ᠨᠤᠲᠤᠭ ᠤᠨ ᠳᠤᠷᠠᠰᠤᠮᠵᠢ︾ ᠨᠢ ᠤᠷᠢᠳ ᠬᠤᠵᠢᠳ ᠪᠦᠬᠦ ᠣᠷᠣᠨ᠂ ᠪᠦᠬᠦ ᠤᠯᠤᠰ ᠤᠨ ︽ | ᠲᠠᠪᠦ ᠨᠢᠭᠡ ᠢᠨᠵᠧᠨᠧᠷᠢᠩ︾ ᠤᠨ ᠱᠠᠩᠨᠠᠯ ᠬᠦᠷᠲᠡᠵᠦ᠂ ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ | ᠦᠨᠳᠦᠰᠦᠲᠡᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢᠨ ᠠᠯᠲᠠᠨ ᠱᠠᠩᠨᠠᠯ᠂ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠳᠡᠨ ᠤ ᠤᠳᠬ᠎ᠠ ᠤᠷᠠᠯᠢᠭ ᠤᠨ ᠬᠠᠮᠲᠤᠷᠠᠭᠰᠠᠨ | ᠲᠣᠭᠯᠠᠯᠲᠠ ᠶᠢᠨ ᠵᠣᠬᠢᠶᠠᠨ ᠪᠦᠲᠦᠭᠡᠯᠭᠡ ᠶᠢᠨ ᠠᠯᠲᠠᠨ ᠱᠠᠩᠨᠠᠯ᠂ ᠳᠣᠯᠣᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠪᠥᠵᠢᠭ ᠤᠨ ︽ ᠯᠢᠩᠬᠤᠸ᠎ᠠ ᠱᠠᠩᠨᠠᠯ︾ ᠤᠨ ᠪᠥᠵᠢᠭᠲᠦ ᠵᠦᠴᠦᠭᠡ ᠶᠢᠨ ᠮᠥᠩᠭᠦᠨ ᠱᠠᠩᠨᠠᠯ | ᠬᠦᠷᠳᠡᠵᠠᠢ ᠃ ᠮᠣᠩᠭᠤᠯ ᠵᠦᠴᠦᠭᠡ ︽ᠤᠷᠲᠤ ᠶᠢᠨ ᠳᠠᠭᠤᠤ ᠶᠢᠨ ᠠᠪᠣᠷᠭᠤ — ᡀᠠᠵᠠᠪ︾ ᠭᠤᠷᠪᠠᠳᠤᠭᠠᠷ | ᠬᠤᠭᠤᠴᠠᠭᠠᠨ ᠤ ᠰᠢᠯᠢ ᠶᠢᠨ ᠭᠤᠣᠯ ᠠᠶᠢᠮᠠᠭ ᠤᠨ ᠰᠣᠶᠣᠯ ᠤᠷᠠᠯᠢᠭ ᠤᠨ ᠨᠠᠶᠢᠷ ᠤᠨ ᠰᠢᠯᠢᠳᠡᠭ ᠵᠦᠴᠦᠭᠡ ᠶᠢᠨ | ᠱᠠᠩᠨᠠᠯ ᠬᠦᠷᠳᠡᠵᠠᠢ᠃ ᠲᠠᠭᠤᠯᠠᠯᠳᠣ ᠵᠦᠴᠦᠭᠡ ︽ᠮᠢᠨᠦ ᠤᠯᠠᠭᠠᠨᠮᠥ᠋ᠴᠢᠷ︾ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠲᠦᠷᠪᠡᠳᠦᠭᠡᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠷᠠᠯᠢᠭ ᠤᠨ ᠨᠠᠶᠢᠷ ᠤᠨ | ᠰᠢᠯᠢᠳᠡᠭ ᠵᠦᠴᠦᠭᠡ ᠵᠢᠨᠱᠠᠩᠨᠠᠯ ᠬᠦᠷᠳᠡᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ | ᠤᠷᠠᠯᠢᠭ ᠤᠨ ᠰᠣᠳᠣᠨ ᠪᠦᠲᠦᠭᠡᠯ ᠢᠶᠠᠷ ᠦᠨᠡᠯᠡᠭᠳᠡᠵᠦ᠂ ᠪᠦᠬᠦ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ ᠲᠠᠪᠦ ᠨᠢᠭᠡ ᠢᠨᠵᠧᠨᠧᠷᠢᠩ︾ ᠤᠨ ᠰᠢᠯᠢᠳᠡᠭ ᠪᠦᠲᠦᠭᠡᠯ ᠤᠨ | ᠱᠠᠩᠨᠠᠯ ᠬᠦᠷᠳᠡᠵᠣ᠂ ᠤᠯᠤᠰ ᠤᠨ ᠤᠷᠠᠯᠢᠭ ᠤᠨ ᠰᠠᠭᠤᠷᠢ ᠮᠦᠩᠭᠦᠨ ᠤ 2018 ᠣᠨ ᠤ ᠣᠯᠠᠮᠵᠢᠯᠠᠵᠣ | ᠲᠠᠮᠵᠢᠭᠤᠯᠣᠨ ᠰᠣᠯᠢᠯᠴᠠᠵᠣ ᠲᠡᠯᠭᠡᠷᠡᠭᠦᠯᠦᠨ ᠲᠤᠰᠠᠯᠠᠬᠤ ᠲᠥᠷᠥᠯ ᠵᠦᠢᠯ ᠳᠤ ᠰᠣᠩᠭᠤᠭᠳᠠᠵᠣ᠂ 2018 ᠣᠨ ᠤ | ᠤᠯᠤᠰ ᠤᠨ ᠲᠠᠶᠢᠰᠠᠨ ᠤ ᠤᠷᠠᠯᠢᠭ ᠤᠨ ᠭᠤᠣᠯᠳᠠᠯᠭ᠎ᠠ ᠲᠠᠢ ᠵᠣᠬᠢᠶᠠᠨ ᠪᠦᠲᠦᠭᠡᠬᠦ ᠵᠦᠴᠦᠭᠡ ᠪᠠ 2018 ᠣᠨ ᠤ | ᠤᠯᠤᠰ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠲᠡᠳᠬᠦᠨ ᠳᠡᠮᠵᠢᠬᠦ | ᠢᠨᠵᠧᠨᠧᠷᠢᠩ ᠤᠨ ᠭᠤᠤᠯᠳᠠᠯᠭ᠎ᠠ ᠲᠠᠢ ᠲᠡᠳᠬᠦᠨ ᠳᠡᠮᠵᠢᠬᠦ ᠵᠦᠴᠦᠭᠡ ᠶᠢᠨ ᠨᠡᠷᠡᠰ ᠤᠨ ᠵᠢᠭᠰᠠᠭᠠᠯᠲᠠ ᠳᠤ | ᠰᠣᠩᠭᠤᠭᠳᠠᠨ᠂ ᠪᠥᠬᠦ ᠤᠯᠤᠰ ᠤᠨ ︽ᠲᠠᠪᠦ ᠨᠢᠭᠡ ᠢᠨᠵᠧᠨᠧᠷᠢᠩ︾ ᠤᠨ ᠱᠠᠩᠨᠠᠯ ᠪᠠ ᠤᠯᠤᠰ ᠤᠨ ᠰᠣᠳᠣᠨ | ᠵᠦᠴᠦᠭᠡ ᠶᠢᠨ ᠪᠥᠬᠦ ᠣᠷᠣᠨ ᠤ ᠲᠠᠶᠢᠰᠠᠨ ᠤ ᠵᠦᠴᠦᠭᠡ ᠶᠢᠨ ᠬᠤᠶᠠᠷ ᠲᠦᠷᠦᠯ ᠤᠨ ᠬᠤᠭᠤᠰᠣᠨ ᠢ ᠨᠥᠬᠦᠪᠥᠷᠢᠯᠡᠪᠡ᠃ | ᠳᠠᠯ᠎ᠠ ᠭᠠᠷᠤᠶ ᠵᠢᠯ ᠤᠨ ᠤᠷᠠᠯᠢᠭ ᠤᠨ ᠵᠠᠮ ᠳᠤᠮᠳᠠ᠂ ᠰᠢᠯᠢ ᠶᠢᠨ ᠭᠤᠤᠯ ᠠᠶᠢᠮᠠᠭ ᠤᠨ ᠤᠯᠠᠭᠠᠨᠮᠥ᠋ᠴᠢᠷ ᠨᠢ ᠦᠨᠢᠷ | ᠦᠳᠭᠡᠨ ᠦᠨᠳᠦᠰᠦᠲᠡᠨ ᠤ ᠬᠡᠪ ᠨᠠᠮᠪᠠ᠂ ᠥᠪᠡᠷᠮᠢᠴᠡ ᠣᠨᠴᠠᠯᠢᠭᠳᠣ ᠷᠢᠳᠢ ᠰᠢᠳᠢ ᠪᠠᠷ ᠭᠠᠳᠠᠭᠠᠳᠤ ᠯᠤᠭ᠎ᠠ ᠶᠢᠨ | ᠰᠣᠶᠣᠯ ᠤᠷᠠᠯᠢᠭ ᠤᠨ ᠰᠣᠯᠢᠯᠴᠠᠭ᠎ᠠ ᠪᠠ ᠬᠠᠮᠳᠣᠷᠠᠯᠴᠠᠭᠠᠨ ᠳᠤ ᠢᠳᠡᠪᠬᠢᠲᠡᠶ ᠣᠷᠣᠯᠴᠠᠵᠤ᠂ ᠤᠷᠢᠳ ᠬᠤᠵᠢᠳ | ᠫᠤᠯᠠᠨᠳ᠋᠂ ᠬᠠᠩᠭᠠᠷᠢ᠂ ᠪᠤᠯᠭᠠᠷᠢᠶ᠎ᠠ᠂ ᠠᠮᠧᠷᠢᠺᠠ᠂ ᠹᠷᠠᠨᠼᠢ᠂ ᠲᠠᠶᠢᠯᠠᠨᠳ᠋᠂ ᠮᠣᠩᠭᠤᠯ ᠵᠡᠷᠭᠡ ᠤᠯᠤᠰ ᠪᠠ ᠭᠠᠵᠠᠷ | ᠣᠷᠣᠨ ᠳᠤ ᠠᠶᠢᠯᠴᠢᠯᠠᠵᠤ᠂ ᠳᠡᠯᠡᠬᠡᠶ ᠳ᠋ᠠᠬᠢᠨ ᠳᠤ ᠢᠷᠠᠭᠤ ᠰᠠᠶᠢᠬᠠᠨ ᠮᠣᠷᠢᠨ ᠬᠤᠭᠤᠷ ᠤᠨ ᠡᠭᠡᠰᠢᠭ᠂ ᠤᠷᠲᠤ ᠶᠢᠨ | ᠲᠣᠭᠤᠨ ᠤ ᠬᠥᠭ ᠠᠶᠠᠰ᠂ ᠪᠠᠶᠠᠷ ᠪᠠᠶᠠᠰᠬᠤᠯᠠᠩᠲᠤ ᠮᠣᠩᠭᠤᠯ ᠪᠥᠵᠢᠭ ᠢ ᠮᠡᠳᠡᠷᠡᠭᠦᠯᠦᠨ ᠲᠠᠨᠢᠭᠤᠯᠵᠠᠢ᠃ | ᠭᠤᠣᠯ ᠴᠣᠭᠴᠠ ᠶᠢᠨ ᠲᠤᠬᠠᠶᠢᠯᠠᠭᠰᠠᠨ ᠠᠵᠢᠯ ᠤᠨ ᠰᠠᠶᠢᠨ ᠬᠥᠭᠵᠢᠯᠲᠡ ᠶᠢ ᠳᠠᠭᠠᠯᠳᠤᠨ᠂ ᠪᠤᠰᠤᠳ | ᠲᠤᠬᠠᠶᠢᠯᠠᠭᠰᠠᠨ ᠠᠵᠢᠯ ᠴᠤ ᠰᠢᠯᠢᠳᠡᠭ ᠬᠢᠷᠢ ᠪᠦᠲᠦᠮᠵᠢ ᠣᠯᠵᠠᠢ᠃ 2004 ᠣᠨ ᠠᠴᠠ 2017 ᠤᠨ ᠪᠣᠯᠲᠠᠯ᠎ᠠ | ᠵᠠᠯᠭᠠᠭ᠎ᠠ ᠪᠠᠷ ᠠᠶᠢᠮᠠᠭ ᠤᠨ ᠰᠢᠭᠤᠳ ᠬᠠᠷᠢᠶ᠎ᠠ ᠰᠣᠶᠣᠯ ᠲᠠᠮᠢᠷ ᠤᠨ ᠰᠢᠰᠲ᠋ᠧᠮ ᠤᠨ ᠲᠡᠷᠢᠭᠦᠨ ᠤ ᠨᠠᠮ ᠤᠨ ᠡᠭᠦᠷ ᠢᠶᠠᠷ | ᠦᠨᠡᠯᠡᠭᠳᠡᠵᠦ᠂ 3 ᠤᠳᠠᠭ᠎ᠠ ᠪᠦᠬᠦ ᠠᠶᠢᠮᠠᠭ ᠤᠨ ᠲᠡᠷᠢᠭᠦᠨ ᠤ ᠦᠨᠳᠦᠰᠦᠨ ᠱᠠᠳᠣᠨ ᠤ ᠨᠠᠮ ᠤᠨ ᠵᠣᠬᠢᠶᠠᠨ | ᠪᠠᠶᠢᠭᠤᠯᠤᠯᠲᠠ ᠪᠠᠷ ᠦᠨᠡᠯᠡᠭᠳᠡᠵᠦ᠂ ᠤᠷᠢᠳ ᠬᠤᠵᠢᠳ ᠪᠦᠬᠦ ᠠᠶᠢᠮᠠᠭ ᠤᠨ ᠠᠮᠤᠷ ᠲᠦᠪᠰᠢᠨ ᠤ ᠨᠢᠭᠡᠴᠡ᠂ ᠪᠦᠬᠦ | ᠠᠶᠢᠮᠠᠭ ᠤᠨ ︽5 · 4 ᠣᠯᠠᠭᠠᠨ ᠲᠣᠭᠴᠢ︾ ᠶᠢᠨ ᠲᠡᠷᠢᠭᠦᠨ ᠤ ᠡᠪᠯᠡᠯ ᠤᠨ ᠡᠭᠦᠷ᠂ ᠪᠦᠬᠦ ᠠᠶᠢᠮᠠᠭ ᠤᠨ | ᠵᠠᠯᠠᠭᠤᠴᠤᠳ ᠤᠨ ᠪᠣᠯᠪᠠᠰᠤᠨ ᠨᠡᠷᠡᠮᠵᠢᠲᠦ ᠲᠡᠷᠢᠭᠦᠨ ᠤ ᠬᠠᠮᠲᠤ᠂ ᠠᠶᠢᠮᠠᠭ ᠤᠨ ᠲᠡᠰ ᠤᠨ ᠪᠣᠯᠪᠠᠰᠤᠨ ᠨᠢᠭᠡᠴᠡ᠂ | ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ᠂ ᠪᠦᠬᠦ ᠠᠶᠢᠮᠠᠭ ᠤᠨ | ᠡᠮᠡᠭᠲᠡᠶᠢᠴᠦᠳ ᠤᠨ ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ᠂ ᠪᠦᠬᠦ ᠠᠶᠢᠮᠠᠭ ᠤᠨ | ᠤᠯᠠᠭᠠᠨᠮᠥ᠋ᠴᠢᠷ ᠤᠨ ᠠᠵᠢᠯ ᠤᠨ ᠲᠡᠷᠢᠭᠦᠨ ᠤ ᠬᠠᠮᠲᠤ᠂ ᠪᠦᠬᠦ ᠤᠯᠤᠰ ᠤᠨ ᠰᠣᠶᠣᠯ ᠤᠨ ᠰᠢᠰᠲ᠋ᠧᠮ ᠤᠨ ᠲᠡᠷᠢᠭᠦᠨ ᠤ | ᠬᠠᠮᠲᠤ ᠨᠡᠶᠢᠳᠡ ᠪᠠᠷ ᠦᠨᠡᠯᠡᠭᠳᠡᠵᠠᠢ᠃ | ᠰᠢᠨ᠎ᠡ ᠴᠠᠭ ᠡᠷᠡᠨ ᠳᠤ ᠤᠷᠤᠭᠰᠠᠨ ᠤ ᠳᠠᠷᠠᠭ᠎ᠠ᠂ ᠰᠢᠯᠢ ᠶᠢᠨ ᠭᠤᠤᠯ ᠠᠶᠢᠮᠠᠭ ᠤᠨ ᠤᠯᠠᠭᠠᠨᠮᠥ᠋ᠴᠢᠷ ᠨᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠤᠷᠠᠯᠢᠭ ᠤᠨ ᠠᠵᠢᠯ ᠤᠨ | ᠴᠢᠭᠯᠡᠯ ᠢ ᠪᠠᠷᠢᠮᠳᠠᠯᠠᠵᠣ᠂ ᠣᠯᠠᠨ ᠲᠦᠮᠡᠨ ᠲᠠᠢ ᠣᠶᠢᠷᠠᠳᠣᠭᠰᠠᠨ᠂ ᠵᠠᠯᠭᠠᠮᠵᠢᠯᠠᠨ ᠣᠯᠠᠮᠵᠢᠯᠠᠭᠳᠠᠬᠤ᠂ ᠦᠪᠯᠡᠨ | ᠦᠯᠡᠳᠡᠬᠦ ᠨᠠᠩ ᠣᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠵᠣ ᠶᠠᠪᠣᠨᠠᠮ ᠃ | |