ᠵᠠᠩ ᠪᠠᠢ ᠴᠧᠩ ᠰᠢᠯᠢ ᠶᠢᠨ ᠬᠤᠲᠠ ᠶᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/28
     2 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠢ ᠶᠢᠨ ᠬᠤᠲᠠ ᠶᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠠᠢ᠃      ᠵᠠᠩ ᠪᠠᠢ ᠴᠧᠩ ᠠᠩᠭᠢ ᠶᠢᠨ ᠭᠡᠷ ᠢᠶᠠᠷ ᠬᠦᠷᠴᠦ᠂ ᠬᠡᠦᠬᠡᠳ ᠤᠳ ᠲᠠᠢ ᠬᠠᠮᠲᠤ ᠪᠠᠭᠰᠢ ᠶᠢᠨ ᠬᠢᠴᠢᠶᠡᠯᠯᠡᠬᠦ ᠶᠢ ᠰᠣᠨᠣᠰᠴᠤ᠂ ᠬᠡᠦᠬᠡᠳ ᠤᠨ ᠳᠠᠰᠬᠠᠯ ᠤᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠤᠨ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠪ ᠪᠣᠯᠪᠠᠰᠤᠷᠠᠯ ᠪᠣᠯᠣᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠠᠶᠢᠮᠠᠭ ᠤᠨ ᠤᠳᠤᠷᠢᠳᠤᠯᠭ᠎ᠠ ᠵᠢᠶᠠ ᠸᠧᠨ ᠽᠥᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号