ᠪᠦᠬᠦ ᠠᠶᠢᠮᠠᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠵᠢᠴᠢ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭ᠎ᠠ ᠶᠢᠨ ᠠᠵᠢᠯ ᠤᠨ ᠳᠤᠬᠳᠠᠮᠠᠯ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/5
     ᠣᠶᠢᠷ᠎ᠠ ᠳᠤ᠂ ᠪᠦᠬᠦ ᠠᠶᠢᠮᠠᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠵᠢᠴᠢ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭ᠎ᠠ ᠶᠢᠨ ᠠᠵᠢᠯ ᠤᠨ ᠳᠤᠭᠳᠠᠮᠠᠯ ᠬᠤᠷᠠᠯ ᠬᠤᠷᠠᠯᠳᠤᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠦᠨ᠂ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠦᠨ᠂ ᠠᠮᠦᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠵᠢᠯ ᠤᠨ ᠡᠴᠦᠰ ᠤᠨ ᠤ ᠡᠬᠢᠨ ᠪᠠ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠲᠤ ᠴᠢᠭᠯᠡᠭᠦᠯᠦᠨ᠂ ᠠᠭᠤᠷᠬᠠᠢ᠂ ᠠᠵᠤ ᠦᠢᠯᠡᠳᠪᠦᠷᠢ ᠠᠷᠠᠯᠵᠢᠶ᠎ᠠ᠂ ᠠᠶᠤᠯ ᠲᠠᠢ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠰᠡᠷᠭᠡᠶᠢᠯᠡᠵᠦ ᠤᠨᠲᠠᠷᠠᠭᠠᠬᠤ᠂ ᠵᠠᠮ ᠬᠠᠷᠢᠯᠴᠠᠭ᠎ᠠ᠂ ᠬᠤᠸᠠᠷ ᠫᠤᠤᠵᠢᠩ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠪᠠ ᠰᠤᠷᠭᠠᠭᠤᠯᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ᠂ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠪᠠᠷᠢᠯᠭ᠎ᠠ ᠵᠢᠴᠢ ︽ᠶᠢᠰᠦᠨ ᠪᠠᠭ᠎ᠠ ᠲᠠᠯᠠᠪᠤᠷ︾ ᠵᠡᠷᠭᠡ ᠬᠥᠮᠥᠨ ᠤᠯᠠᠨ ᠴᠤᠭᠯᠠᠷᠠᠬᠤ ᠭᠠᠵᠠᠷ ᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢᠨ ᠭᠡᠮ ᠰᠤᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠦᠨ᠂ ᠲᠦᠭᠰᠢᠭᠦᠷᠢ ᠶᠢᠨ ᠭᠡᠮ ᠰᠤᠭᠤᠭ ᠢ ᠴᠤᠬᠤᠢᠢᠵᠤ ᠪᠠᠶᠢᠭ᠎ᠠ ᠪᠠᠶᠢᠳᠠᠯ ᠳᠤᠨᠢ ᠭᠦᠴᠦᠯᠡᠨ ᠰᠶᠢᠳᠪᠦᠷᠢᠯᠡᠬᠦ ᠬᠡᠷᠡᠭᠲᠡᠢ᠃ ᠪᠠᠶᠢᠩᠭᠤ ᠪᠠ ᠤᠷᠳᠤ ᠬᠤᠭᠤᠴᠠᠭ᠎ᠠ ᠰᠡᠷᠭᠡᠶᠢᠯᠡᠭᠦ ᠶᠢ ᠨᠢᠭᠲᠠ ᠤᠶᠠᠯᠳᠤᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠬᠠᠤᠯᠢ ᠶᠢ ᠴᠢᠩᠭ᠎ᠠ ᠭᠡᠷᠡᠭᠵᠢᠭᠦᠯᠦᠨ᠂ ᠬᠡᠯᠪᠡᠷᠢ ᠶᠢᠨ ᠲᠡᠳᠦᠢ ᠦᠷᠨᠢᠭᠦᠯᠭᠦ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠭᠠᠮᠰᠢᠭ ᠲᠠᠢ ᠴᠠᠭ ᠠᠭᠤᠷ ᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠶᠢ ᠴᠠᠭ ᠲᠤᠬᠠᠢ ᠳᠤᠨᠢ ᠨᠡᠶᠢᠲᠡᠯᠡᠨ᠂ ᠵᠢᠵᠢᠭᠦᠷᠯᠡᠵᠦ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠪᠦᠬᠦ ᠠᠶᠢᠮᠠᠭ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠪᠣᠯᠣᠨ ᠥᠷᠭᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠠᠶᠢᠮᠠᠭ ᠤᠨ ᠤᠳᠤᠷᠢᠳᠤᠯᠭ᠎ᠠ ᠵᠠᠩ ᠢ᠂ ᠵᠶᠢ ᠬᠦᠶ ᠯᠢ᠂ ᠶᠠᠩ ᠯᠢ ᠪᠣᠳᠠᠲᠠᠢ ᠠᠵᠢᠯ ᠢ ᠪᠠᠶᠢᠷᠢᠯᠠᠭᠤᠯᠪᠠ᠃ ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶ ᠳᠤ ᠭᠦᠷᠳᠡᠯ᠎ᠠ ᠬᠤᠷᠠᠯᠳᠤᠭᠤᠯᠪᠠ᠃                                                           ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号