ᠮᠠᠨ ᠤ ᠠᠶᠢᠮᠠᠭ ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠳᠤ ᠨᠦᠬᠦᠪᠦᠷᠢ ᠤᠯᠭᠤᠵᠦ ᠮᠠᠯᠵᠢᠬᠤ ᠦᠢᠯᠡᠳᠪᠦᠷᠢᠯᠡᠯ ᠤᠨ ᠦᠪᠡᠷ ᠤᠨ ᠦᠷᠲᠡᠭ ᠢ ᠪᠠᠭᠤᠷᠠᠭᠤᠯᠪᠠ
ᠨᠡᠶᠢᠲᠡᠯᠡᠭᠰᠡᠨ ᠴᠠᠭ᠄
2024/2/5
     ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 2024 ᠣᠨ ᠤ ᠤᠳᠬᠤᠭᠤᠷ ᠮᠠᠰᠢᠨ ᠤ ᠨᠥᠬᠦᠪᠦᠷᠢ ᠭᠤᠶᠤᠴᠢᠯᠠᠬᠤ ᠠᠵᠢᠯ ᠢ ᠡᠷᠲᠡ ᠠᠴᠠ ᠡᠬᠢᠯᠡᠭᠦᠯᠵᠦ᠂ ︽ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠦᠷᠢ ᠤᠯᠭᠤᠬᠤ︾ ᠠᠷᠭ᠎ᠠ ᠮᠠᠶ᠋ᠢᠭ ᠢᠶᠠᠷ ᠮᠠᠯᠴᠢᠳ ᠤᠨ ᠤᠳᠬᠤᠭᠤᠷ ᠮᠠᠰᠢᠨ ᠬᠤᠳᠠᠯᠳᠤᠨ ᠠᠪᠬᠤ ᠶᠢ ᠳᠡᠮᠵᠢᠵᠦ᠂ ᠨᠡᠶᠢᠲᠡ 70 ᠡᠷᠦᠬᠡ ᠶᠢᠨ ᠮᠠᠯᠴᠢᠳ ᠲᠤ 70 ᠤᠳᠬᠤᠭᠤᠷ ᠮᠠᠰᠢᠨ ᠤ ᠨᠥᠬᠦᠪᠦᠷᠢ ᠶᠢᠨ ᠭᠠᠷᠳᠠᠮ ᠢ ᠭᠦᠢᠴᠡᠳᠬᠡᠵᠦ ᠥᠭᠴᠠᠢ᠃ ᠡᠭᠦᠨ ᠤ ᠵᠡᠷᠭᠡ ᠳᠤ ᠮᠠᠯᠴᠢᠳ ᠬᠠᠮᠲᠤ ᠪᠠᠷ ᠬᠤᠳᠠᠯᠳᠤᠨ ᠠᠪᠤᠪᠠᠯ ᠦᠨ᠎ᠡ ᠬᠠᠨᠭ᠍ᠰᠢ ᠶᠢᠨ ᠲᠠᠯ᠎ᠠ ᠪᠠᠷ ᠬᠠᠷᠠᠭᠠᠯᠵᠠᠯ ᠦᠵᠡᠬᠦᠯᠬᠦ ᠵᠡᠷᠭᠡ ᠠᠷᠭ᠎ᠠ ᠮᠠᠶ᠋ᠢᠭ ᠢᠶᠠᠷ 14 ᠭᠠᠴᠠᠭᠠᠨ ᠳᠤ 14 ᠲᠣᠮᠣ ᠬᠡᠯᠪᠡᠷᠢ ᠶᠢᠨ ᠤᠳᠬᠤᠭᠤᠷ ᠮᠠᠰᠢᠨ ᠬᠤᠳᠠᠯᠳᠤᠨ ᠠᠪᠴᠦ ᠦᠭᠴᠦ᠂ ᠮᠠᠯᠴᠢᠳ ᠤᠨ ᠶᠠᠪᠤᠵᠤ ᠰᠠᠭᠤᠬᠤ᠂ ᠡᠪᠡᠰᠦ ᠪᠣᠷᠳᠤᠭ᠎ᠠ ᠰᠢᠯᠵᠢᠭᠦᠯᠦᠨ ᠲᠡᠭᠡᠭᠡᠪᠦᠷᠢᠯᠡᠬᠦ ᠳᠤ ᠲᠦᠭᠦᠮ ᠦᠵᠡᠬᠦᠯᠵᠠᠢ᠃      2022 ᠣᠨ ᠳᠤ᠂ ᠮᠠᠨ ᠤ ᠠᠶᠢᠮᠠᠭ ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠳᠤ ᠠᠶᠢᠮᠠᠭ ᠤᠨ ᠱᠠᠲᠤᠨ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠠᠵᠢᠯ ᠢ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠢᠯ ᠲᠣᠰᠬᠤᠨ ᠤ ᠵᠠᠮ ᠢ ᠬᠠᠮᠠᠭᠠᠯᠠᠬᠤ᠂ ᠠᠮᠢᠳᠤᠷᠠᠯ ᠤᠨ ᠬᠤᠭ ᠨᠣᠪᠰᠢ ᠵᠢᠴᠢ ᠮᠠᠯ ᠲᠡᠵᠢᠭᠡᠪᠦᠷᠢ ᠶᠢᠨ ᠢᠯᠭᠠᠳᠠᠰᠦ ᠶᠢ ᠲᠥᠪᠯᠡᠷᠡᠭᠦᠯᠦᠨ ᠰᠶᠢᠳᠪᠦᠷᠢᠯᠡᠬᠦ᠂ ᠲᠠᠷᠢᠮᠠᠯ ᠤᠨ ᠡᠰᠢ ᠰᠦᠷᠡᠯ ᠵᠢᠴᠢ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ ᠦᠵᠡᠭᠦᠯᠵᠠᠢ᠃ ᠬᠤᠶᠠᠷ ᠵᠢᠯ ᠤᠨ ᠲᠤᠷᠰᠢ᠂ ᠮᠠᠨ ᠤ ᠠᠶᠢᠮᠠᠭ ᠡᠨᠡ ᠬᠦ ᠨᠥᠬᠦᠪᠦᠷᠢ ᠶᠢᠨ ᠠᠵᠢᠯ ᠢ ᠦᠷᠭᠦᠯᠵᠢᠯᠡᠨ ᠦᠷᠨᠢᠭᠦᠯᠵᠦ᠂ ᠡᠳ᠋ ᠤᠨ ᠵᠠᠰᠠᠭ ᠠᠴᠠ 3500 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠣᠬᠢᠷᠠᠭᠤᠯᠤᠨ᠂ ᠮᠠᠯᠴᠢᠨ ᠲᠠᠷᠢᠶᠠᠴᠢᠨ ᠤ ᠬᠤᠳᠠᠯᠳᠤᠨ ᠠᠪᠤᠬᠰᠠᠨ ᠨᠡᠶᠢᠲᠡ 2321 ᠰᠠᠤᠷᠢ ᠠᠴᠢᠶᠠᠨ ᠤ ᠮᠠᠰᠢᠨ ᠳᠤ ᠨᠦᠬᠦᠪᠦᠷᠢ ᠤᠯᠭᠤᠵᠦ᠂ ᠪᠥᠬᠦ ᠠᠶᠢᠮᠠᠭ ᠤᠨ 12 ᠬᠤᠰᠢᠭᠤ ᠰᠢᠶᠠᠨ ᠬᠤᠲᠠ ︵ᠤᠷᠤᠨ︶ ᠶᠢᠨ 78 ᠰᠤᠮᠤ ᠰᠢᠶᠠᠩ ᠪᠠᠯᠭᠠᠰᠤ ᠶᠢᠨ 856 ᠭᠠᠴᠠᠭ᠎ᠠ ᠲᠣᠰᠬᠤᠨ ᠢ ᠬᠠᠮᠤᠷᠴᠠᠢ᠃      ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠰᠠᠯᠠᠭ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠄ ︽ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠨᠢ ᠬᠦᠳᠡᠭᠡ ᠤᠷᠤᠨ ᠨᠤᠲᠤᠭ ᠤᠨ ᠮᠠᠯᠴᠢᠳ ᠤᠨ ᠡᠪᠡᠰᠦ ᠪᠤᠷᠳᠤᠭ᠎ᠠ ᠰᠢᠯᠵᠢᠬᠦᠯᠦᠨ ᠲᠡᠭᠡᠭᠡᠪᠦᠷᠢᠯᠡᠬᠦ ᠵᠡᠷᠭᠡ ᠬᠡᠷᠡᠭᠴᠡᠭᠡᠨ ᠳᠤ ᠶᠡᠭᠡᠳᠡ ᠲᠤᠬᠢᠷᠠᠵᠦ᠂ ᠬᠦᠳᠡᠯᠮᠦᠷᠢ ᠬᠦᠴᠦ ᠶᠢ ᠠᠷᠪᠢᠯᠠᠵᠦ᠂ ᠡᠭᠦᠨ ᠤ ᠤᠯᠠᠮ ᠠᠴᠠ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠬᠥᠳᠡᠯᠮᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠦ ᠴᠢᠳᠠᠵᠠᠢ︾ ᠭᠡᠵᠦ ᠬᠡᠯᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号