ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠪᠦᠬᠦ ᠪᠦᠯᠬᠦᠮ ᠤᠨ ᠬᠤᠷᠠᠯ ᠪᠣᠯᠣᠨ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/8
     ᠶᠡᠭᠡ ᠬᠤᠷᠠᠯ ᠤᠨ ᠨᠢᠭᠡᠳᠦᠯᠲᠡᠢ ᠲᠣᠬᠢᠷᠠᠭᠤᠯᠭ᠎ᠠ ᠪᠠᠷ᠂  ᠣᠷᠴᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠬᠤ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠪᠦᠬᠦ ᠪᠦᠯᠬᠦᠮ ᠤᠨ ᠬᠤᠷᠠᠯ ᠪᠣᠯᠣᠨ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠳᠡᠳ᠋ ᠳᠠᠷᠤᠭ᠎ᠠ ᠪᠣᠯᠣᠨ ᠲᠦᠷ ᠴᠠᠭ ᠤᠨ ᠨᠠᠮ ᠤᠨ ᠡᠭᠦᠷ ᠤᠨ ᠱᠦᠵᠢ᠂ ᠳᠡᠳ᠋ ᠱᠦᠵᠢ ᠶᠢ ᠰᠣᠩᠭᠤᠨ ᠭᠠᠷᠭᠠᠪᠠ᠃      ᠪᠦᠬᠦ ᠪᠦᠯᠬᠦᠮ ᠤᠨ ᠬᠤᠷᠠᠯ ᠠᠴᠠ ᠵᠠᠩ ᠪᠠᠢ ᠴᠸᠡᠭ ᠢ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠪᠠᠷ ᠰᠣᠩᠭᠤᠵᠤ᠂ ᠯᠥᠸᠧ ᠴᠢᠩ᠂ ᠸᠠᠩ ᠶᠦᠩ ᠮᠢᠩ ᠢ ᠳᠡᠳ᠋ ᠳᠠᠷᠤᠭ᠎ᠠ ᠪᠠᠷ ᠰᠣᠩᠭᠤᠪᠠ᠃ ᠬᠤᠷᠠᠯ ᠠᠴᠠ ᠶᠡᠭᠡ ᠬᠤᠷᠠᠯ ᠤᠨ ᠪᠡᠯᠡᠳᠬᠡᠯ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢ ᠭᠦᠢᠴᠡᠳ ᠶᠠᠷᠢᠯᠴᠠᠵᠤ᠂ ᠲᠥᠯᠥᠭᠡᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠨ᠂ ᠪᠦᠯᠬᠦᠮ ᠢ ᠳᠠᠭᠠᠵᠦ ᠢᠷᠡᠭᠰᠡᠨ ᠠᠵᠢᠯᠲᠠᠳ ᠤᠨ ᠬᠠᠷᠢᠭᠤᠴᠠᠯᠭᠠᠲᠠᠨ ᠪᠣᠯᠣᠨ ᠶᠡᠭᠡ ᠬᠤᠷᠠᠯ ᠤᠨ ᠠᠵᠢᠯᠯᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠨᠠᠮ ᠤᠨ ᠭᠡᠰᠢᠭᠦᠳ ᠤᠨ ᠶᠡᠭᠡ ᠬᠤᠷᠠᠯ ᠠᠴᠠ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ᠵᠠᠩ ᠪᠠᠢ ᠴᠸᠡᠭ ᠢ ᠰᠢᠯᠢ ᠶᠢᠨ ᠭᠤᠣᠯ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠲᠦᠷ ᠴᠠᠭ ᠤᠨ ᠨᠠᠮ ᠤᠨ ᠡᠭᠦᠷ ᠤᠨ ᠱᠦᠵᠢ ᠪᠠᠷ ᠰᠣᠩᠭᠤᠵᠤ᠂ ᠯᠥᠸᠧ ᠴᠢᠩ᠂ ᠸᠠᠩ ᠶᠦᠩ ᠮᠢᠩ ᠢ ᠲᠦᠷ ᠴᠠᠭ ᠤᠨ ᠨᠠᠮ ᠤᠨ ᠡᠭᠦᠷ ᠤᠨ ᠳᠡᠳ᠋ ᠱᠦᠵᠢ ᠪᠠᠷ ᠰᠣᠩᠭᠤᠭᠰᠠᠨ ᠪᠥᠭᠡᠳ ᠬᠤᠶᠠᠷ ᠬᠤᠷᠠᠯ ᠤᠨ ᠨᠠᠮ ᠤᠨ ᠭᠡᠰᠢᠭᠦᠳ ᠤᠨ ᠬᠠᠷᠢᠭᠤᠴᠠᠯᠭᠠᠲᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠪᠣᠯ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠳᠤᠮᠤ ᠶᠠᠪᠤᠳᠠᠯ ᠪᠣᠯᠣᠨ᠎ᠠ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠡᠭᠦᠷᠭᠡ ᠶᠢ ᠵᠥᠪ ᠢᠶᠠᠷ ᠲᠠᠨᠢᠨ ᠡᠵᠡᠮᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠪᠦᠬᠦ ᠣᠷᠣᠨ ᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠯ᠎ᠡ ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠰᠠᠶᠢᠨ ᠰᠠᠶᠢᠬᠠᠨ ᠬᠤᠷᠠᠯ ᠤᠨ ᠰᠤᠷᠲᠠᠯ ᠢ ᠪᠦᠬᠦ ᠬᠦᠴᠦᠨ ᠢᠶᠠᠷ ᠪᠠᠲᠤᠯᠠᠵᠤ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃                                                            ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号