ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ | ᠡᠩ ᠤᠨ ᠨᠠᠮ ᠤᠨ ᠭᠡᠰᠢᠭᠦᠨ ᠤ ᠬᠤᠪᠢ ᠪᠠᠷ ᠵᠠᠬᠢᠷᠭ᠎ᠠ ᠶᠢᠨ ᠠᠯᠪᠠᠨ ᠭᠡᠷ ᠤᠨ ᠪᠠᠶᠢᠭᠤᠯᠭ᠎ᠠ ᠶᠢᠨ ᠨᠢᠭᠡᠳᠦᠭᠡᠷ ᠨᠠᠮ ᠤᠨ | ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ | ᠪᠠᠶᠢᠳᠠᠯ ᠢ ᠮᠡᠳᠡᠭᠳᠡᠭᠰᠡᠨ ᠪᠥᠭᠡᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠭᠤᠭᠤᠯᠤᠨ | ᠪᠠᠶᠢᠴᠠᠭᠠᠵᠤ᠂ ᠨᠠᠮ ᠤᠨ ᠡᠭᠦᠷ ᠤᠨ ᠭᠡᠰᠢᠭᠦᠨ ᠵᠢᠴᠢ ᠨᠠᠮ ᠤᠨ ᠭᠡᠰᠢᠭᠦᠨ ᠤ ᠲᠥᠯᠥᠭᠡᠯᠡᠭᠴᠢ ᠪᠠᠶᠢᠴᠠᠭᠠᠨ ᠰᠢᠨᠵᠢᠭᠰᠡᠨ | ᠳᠤᠬᠠᠢ ᠦᠭᠡ ᠭᠡᠯᠡᠪᠡ᠃ ᠯᠥᠸᠧ ᠴᠢᠩ ᠵᠠᠬᠢᠷᠭ᠎ᠠ ᠶᠢᠨ ᠠᠯᠪᠠᠨ ᠭᠡᠷ ᠤᠨ ᠠᠵᠢᠯ ᠤᠨ ᠦᠷ᠎ᠡ ᠪᠦᠲᠦᠮᠵᠢ ᠪᠠ ᠭᠤᠣᠯ | ᠰᠡᠳᠦᠪᠲᠦ ᠬᠥᠮᠦᠵᠢᠯ ᠤᠨ ᠣᠯᠣᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠵᠠᠭᠢᠷᠭ᠎ᠠ ᠶᠢᠨ ᠠᠯᠪᠠᠨ ᠭᠡᠷ | ᠵᠠᠬᠢᠷᠭ᠎ᠠ ᠶᠢᠨ ᠡᠳᠦᠷ ᠲᠤᠲᠤᠮ ᠤᠨ ᠬᠡᠷᠡᠭ ᠡᠷᠬᠢᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠡᠷᠬᠡᠪᠰᠢ | ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠥᠨᠳᠥᠷ | ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠬᠡᠪ ᠴᠢᠨᠠᠷ ᠴᠢᠩᠭ᠎ᠠ᠂ ᠤᠨᠤᠯ ᠤᠨ ᠬᠡᠪ ᠪᠣᠯᠪᠠᠰᠤᠷᠠᠯ | ᠴᠢᠩᠭ᠎ᠠ᠂ ᠬᠠᠷᠢᠭᠤᠴᠠᠯᠭ᠎ᠠ ᠡᠭᠦᠷᠭᠡᠯᠡᠯ ᠴᠢᠩᠭ᠎ᠠ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠴᠢᠩᠭ᠎ᠠ᠂ | ᠰᠠᠬᠢᠯᠭ᠎ᠠ ᠪᠠᠲᠤ ᠣᠪᠣᠷ ᠰᠤᠷᠲᠠᠯ ᠴᠢᠩᠭ᠎ᠠ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠠᠶᠢᠭᠤᠯᠭ᠎ᠠ ᠶᠢᠨ | ᠥᠷᠭᠡᠨ ᠣᠯᠠᠨ ᠨᠠᠮ ᠤᠨ ᠭᠡᠰᠢᠭᠦᠨ ᠪᠣᠯᠣᠨ ᠺᠠᠳ᠋ᠷᠴᠤᠳ ᠰᠢᠨ᠎ᠡ ᠪᠠᠶᠢᠳᠠᠯ ᠰᠢᠨ᠎ᠡ ᠡᠭᠦᠷᠭᠡ ᠪᠣᠯᠣᠨ ᠪᠦᠬᠦ | ᠠᠶᠢᠮᠠᠭ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠ ᠲᠡᠦᠬᠡ ᠶᠢᠨ ᠡᠭᠦᠷᠭᠡᠲᠦ ᠰᠡᠳᠬᠢᠯᠭᠡ ᠪᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠯᠪᠠᠨ ᠭᠡᠷ ᠤᠨ | ᠡᠯ᠎ᠡ ᠵᠦᠢᠯ ᠤᠨ ᠠᠵᠢᠯ ᠳᠤ ᠣᠷᠣᠯᠴᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠠᠮᠵᠢᠨ ᠵᠦᠪᠯᠡᠭᠦ᠂ | ᠱᠠᠯᠠᠪᠳᠠᠭᠤᠯᠤᠨ ᠪᠠᠶᠢᠴᠠᠭᠠᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠡᠭᠦᠷᠭᠡ ᠴᠢᠳᠠᠪᠭᠢ ᠶᠢᠨ ᠦᠢᠯᠡᠳᠦᠯ ᠢᠶᠠᠨ | ᠨᠠᠩ ᠰᠠᠶᠢᠲᠤᠷ ᠪᠠᠳᠠᠷᠠᠭᠤᠯᠵᠤ᠂ ︽ᠭᠤᠷᠪᠠ ᠳᠤ ᠦᠢᠯᠡᠴᠢᠯᠡᠬᠦ︾ ᠴᠢᠳᠠᠪᠤᠷᠢ ᠶᠢᠨ ᠬᠢᠷᠢ ᠲᠦᠪᠰᠢᠨ ᠢᠶᠠᠨ ᠦᠨᠡᠨ ᠬᠦ | ᠳᠡᠭᠡᠭᠰᠢᠯᠡᠭᠦᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠶᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠳᠤ ᠨᠠᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠣᠭᠴᠢ᠄ ᠣᠶᠣᠩᠬᠤᠸᠠᠷ | |