ᠰᠡᠷᠭᠦᠯᠡᠩ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠪᠦᠬᠦ ᠳᠠᠯ᠎ᠠ ᠪᠠᠷ ᠰᠠᠶᠢᠲᠤᠷ ᠭᠡᠷᠡᠭᠵᠢᠭᠦᠯᠤᠨ᠎ᠠ
ᠨᠡᠶᠢᠲᠡᠯᠡᠭᠰᠡᠨ ᠴᠠᠭ᠄
2024/2/8
     ᠣᠶᠢᠷ᠎ᠠ ᠳᠤ᠂ ᠠᠶᠢᠮᠠᠭ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠡᠷᠭᠦᠯᠡᠩ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠬᠢᠨ ᠰᠠᠶᠢᠲᠤᠷ ᠬᠡᠷᠡᠭᠵᠢᠭᠦᠯᠬᠦ ᠲᠤᠬᠠᠢ ᠰᠣᠷᠪᠤᠯᠵᠢᠯᠠᠭ᠎ᠠ ᠬᠦᠯᠢᠶᠡᠬᠦ ᠳᠡᠭᠡᠨ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︿ᠪᠦᠰᠡᠯᠡᠯᠲᠡ ᠰᠢᠪᠲᠤᠯᠬᠤ﹀ ᠢᠨᠵᠧᠨᠧᠷᠢᠩ ᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠵᠦ᠂ ᠰᠢᠨ᠎ᠡ ᠠᠵᠤ ᠦᠢᠯᠡᠰ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠪᠤᠶᠢᠵᠢᠭᠤᠯᠤᠨ᠎ᠠ᠃ ᠮᠠᠨ ᠤ ᠠᠶᠢᠮᠠᠭ ᠰᠢᠨ᠎ᠡ ᠡᠨᠧᠷᠭᠢ᠂ ᠡᠭᠦᠯᠳᠡᠷ ᠪᠤᠶᠢᠵᠢᠭᠤᠯᠬᠤ᠂ ᠠᠮᠢ ᠠᠬᠤᠢ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠴᠢᠨᠠᠷ ᠰᠠᠶᠢᠲᠠᠢ ᠬᠡᠷᠡᠭᠵᠢᠭᠦᠯᠬᠦ ᠶᠢᠨ ᠬᠠᠮᠲᠤ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠮᠠᠨ ᠤ ᠠᠶᠢᠮᠠᠭ ᠲᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠥᠭᠵᠢᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ ᠭᠡᠪᠡ᠃      ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠰᠢᠪᠳᠤᠯᠤᠯᠳᠠ ᠶᠢᠨ ᠴᠡᠭ ᠪᠣᠯᠭᠠᠵᠤ᠂ ︽ᠬᠤᠣᠰ ᠪᠠᠶᠢᠴᠠᠭᠠᠯᠲᠠ᠂ ᠬᠤᠣᠰ ᠦᠢᠯᠡᠴᠢᠯᠡᠭᠡ︾ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠠᠵᠤ ᠠᠬᠤᠶᠢᠯᠠᠯᠲᠠᠨ ᠤ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠦᠨ᠂ ᠤᠴᠠᠯᠢᠬᠳᠦ ᠦᠢᠯᠡᠴᠢᠯᠡᠭᠡ ᠪᠠ ᠵᠢᠯᠣᠭᠤᠳᠤᠯᠭ᠎ᠠ ᠬᠠᠩᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠦᠬᠡᠷ ᠤᠨ ᠰᠢᠨ᠎ᠡ ᠡᠭᠦᠯᠳᠡᠷ ᠢ ᠪᠤᠶᠢᠵᠢᠭᠤᠯᠬᠤ᠂ ᠰᠥᠨᠢᠳ ᠬᠤᠨᠢᠨ ᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠵᠡᠷᠭᠡ ᠲᠠᠯ᠎ᠠ ᠶᠢᠨ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠪᠡ᠃ 2023 ᠣᠨ ᠤ ᠰᠡᠭᠦᠯᠴᠢ ᠪᠤᠯᠳᠠᠯ᠎ᠠ᠂ ᠮᠠᠨ ᠤ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 54 ᠪᠣᠯᠵᠤ᠂ ᠪᠥᠬᠦ ᠵᠢᠯ ᠳᠤ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠡᠶᠢᠲᠡ 76 ᠪᠣᠯᠪᠠ︔ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ 107 ᠪᠠᠶᠢᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠮᠦᠡᠭᠭᠦ 1.01 ᠳ᠋ᠦᠩᠰᠢᠭᠤᠷ ᠲᠥᠭᠦᠷᠢᠭ᠂ ᠮᠡᠷᠭᠡᠵᠢᠯ ᠤᠨ ᠠᠷᠠᠯᠵᠢᠶᠠᠨ ᠤ ᠦᠷᠳᠡᠭ 4758.2 ᠲᠦᠮᠡᠨ ᠲᠥᠭᠦᠷᠢᠭ ᠲᠤ ᠬᠦᠷᠴᠡᠢ᠃      2024 ᠣᠨ ᠳᠤ᠂ ᠮᠠᠨ ᠤ ᠠᠶᠢᠮᠠᠭ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠨᠢᠭᠡ ᠪᠦᠯᠦᠭ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠥᠷᠥᠯ ᠵᠦᠢᠯ ᠢ ᠴᠢᠨᠠᠷ ᠰᠠᠶᠢᠲᠠᠢ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠭᠦᠴᠦᠯᠡᠨ᠎ᠠ᠃ ᠦᠷ᠎ᠡ ᠶᠢᠨ ᠦᠢᠯᠡᠰ᠂ ᠰᠠᠭᠠᠯᠢ ᠶᠢᠨ ᠦᠢᠯᠡᠰ᠂ ᠡᠪᠡᠰᠦᠨ ᠤ ᠦᠢᠯᠡᠰ᠂ ᠲᠣᠨᠣᠭᠯᠠᠯ ᠤᠶᠢᠯᠡᠳᠬᠦ ᠦᠢᠯᠡᠰ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠬᠢᠲᠠᠳ ᠡᠮ ᠡᠮᠨᠡᠯᠭᠡ ᠵᠡᠷᠭᠡ ᠲᠤᠯᠭᠠᠭᠤᠷᠢ ᠠᠵᠤ ᠦᠢᠯᠡᠰ ᠤᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠪᠠ ᠵᠢᠱᠢᠶ᠎ᠡ ᠦᠵᠡᠭᠦᠯᠬᠦ ᠶᠢ ᠥᠷᠨᠢᠭᠦᠯᠵᠦ᠂ ᠬᠡᠷᠡᠭᠯᠡᠭᠡᠨ ᠤ ᠮᠡᠷᠭᠡᠵᠢᠯ ᠬᠢᠭᠡᠳ ᠰᠤᠳᠤᠯᠤᠨ ᠨᠡᠭᠡᠭᠡᠬᠦ ᠲᠥᠷᠥᠯ ᠵᠦᠢᠯ ᠪᠠ ᠮᠠᠩᠯᠠᠶᠢᠯᠠᠬᠤ ᠴᠢᠨᠠᠷᠳᠠᠢ ᠴᠢᠬᠤᠯᠠ ᠶᠡᠭᠡ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠥᠨᠳᠥᠷ ᠲᠦᠪᠰᠢᠨ ᠢᠶᠠᠷ ᠰᠢᠨ᠎ᠡ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠵᠤ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠠᠶᠢᠭᠤᠯᠤᠯᠲᠠ ᠪᠠ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃        
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号