ᠯᠥᠸᠧ ᠴᠢᠩ ᠲᠥᠯᠥᠭᠡᠯᠡᠭᠴᠢ᠄ ᠡᠯᠡᠰᠤ ᠮᠠᠩᠬ᠎ᠠ ᠶᠢ ᠵᠠᠰᠠᠨ ᠰᠢᠨᠡᠳᠭᠡᠵᠦ ᠨᠡᠶᠢᠰᠯᠡᠯ ᠬᠤᠳᠠ ᠶᠢᠨ ᠦᠵᠡᠮᠵᠢᠳᠥ ᠰᠠᠶᠢᠬᠠᠨ ︽ᠠᠷᠤ ᠶᠢᠨ ᠴᠡᠴᠡᠷᠯᠢᠭ︾ ᠪᠣᠯᠭᠠᠨᠠᠮ
ᠨᠡᠶᠢᠲᠡᠯᠡᠭᠰᠡᠨ ᠴᠠᠭ᠄
2024/3/10
     ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ᠂ ᠤᠯᠤᠰ ᠢᠶᠠᠨ ᠬᠦᠴᠦᠷᠭᠡᠭᠵᠢᠬᠦᠯᠬᠦ ᠪᠦᠲᠦᠭᠡᠨ ᠪᠠᠶᠢᠭᠤᠯᠤᠯᠲᠠ ᠳᠤ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠳᠤ ᠬᠤᠯᠪᠤᠬᠳᠠᠨ᠎ᠠ᠃      ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠬᠡᠷᠬᠢᠨ ᠰᠠᠶᠢᠲᠤᠷ ᠠᠰᠢᠭᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ︽ᠪᠣᠬᠢᠷᠲᠤᠯ ᠦᠭᠡᠢ ᠬᠤᠪᠢᠷᠠᠯᠲᠠ︾  ᠶᠢ ᠪᠡᠶᠡᠯᠡᠭᠦᠯᠬᠦ ᠪᠤᠢ︖ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠢ ᠬᠡᠷᠬᠢᠨ ᠰᠠᠶᠢᠲᠤᠷ ᠪᠠᠳᠠᠷᠠᠭᠤᠯᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠬᠡᠷᠬᠢᠨ ᠰᠠᠶᠢᠲᠤᠷ ᠬᠢᠬᠦ ᠪᠤᠢ︖      ᠡᠨᠡ ᠪᠣᠯ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠤᠨ ᠭᠤᠣᠯᠳᠠᠯᠭ᠎ᠠ ᠲᠠᠢ ᠪᠣᠳᠣᠯᠬᠢᠯᠠᠵᠤ ᠪᠠᠶᠢᠭ᠎ᠠ ᠠᠰᠠᠭᠤᠳᠠᠯ ᠮᠥᠨ᠂ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠲᠡᠷᠡ ᠶᠡᠭᠡ ᠬᠤᠷᠠᠯ ᠳᠤ 14 ᠬᠤᠪᠢ ᠰᠠᠨᠠᠯ ᠰᠠᠨᠠᠭᠤᠯᠭ᠎ᠠ ᠳᠡᠪᠰᠢᠭᠦᠯᠦᠭᠰᠡᠨ ᠪᠠᠶᠢᠨ᠎ᠠ᠃      2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠵᠣᠬᠢᠶᠠᠨ ᠪᠠᠶᠢᠭᠤᠯᠬᠤ︾ ︽ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠰᠠᠭᠤᠷᠢᠨ ᠪᠠ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ︾ ᠪᠠᠶᠢᠷᠢᠯᠠᠭᠤᠯᠤᠯᠲᠠ ᠶᠢ ᠳᠤᠷᠠᠳᠤᠭᠰᠠᠨ ᠨᠢ ᠪᠡᠭᠡᠵᠢᠩ ᠳᠤ ᠬᠤᠷᠠᠯ ᠳᠤ ᠣᠷᠣᠯᠴᠠᠵᠦ ᠪᠠᠶᠢᠭ᠎ᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠤᠨ ᠤᠷᠮ᠎ᠠ ᠵᠣᠷᠢᠭ ᠢ ᠶᠡᠬᠡᠳᠡ ᠬᠦᠪᠴᠢᠯᠡᠵᠠᠢ᠃      ︽ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠳᠦ ᠦᠶ᠎ᠠ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠪᠤᠳᠠᠲᠠᠢ ᠬᠢᠬᠦ︾ ᠭᠤᠣᠯ ᠰᠡᠳᠦᠪ ᠤᠨ ᠲᠣᠭᠤᠷᠢᠨ ᠳᠤ ᠯᠥᠸᠧ ᠴᠢᠩ ᠰᠢᠯᠢ ᠶᠢᠨ ᠭᠤᠣᠯ ᠠᠶᠢᠮᠠᠭ ᠤᠨ ᠣᠳᠣᠬᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠃      ᠯᠥᠸᠧ ᠴᠢᠩ ᠬᠡᠯᠡᠬᠦ ᠳᠡᠭᠡᠨ᠂ ᠥᠪᠥᠷ ᠮᠣᠩᠭᠤᠯ ᠤᠨ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾᠂ ᠢᠯᠠᠩᠭᠤᠶ᠎ᠠ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ ᠢ ᠠᠬᠢᠭᠤᠯᠬᠤ  ᠤᠯᠤᠰ ᠲᠥᠷᠥ ᠶᠢᠨ ᠵᠣᠭᠰᠣᠴᠠ ᠪᠠ ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ︽1+1>2︾  ᠤᠨ  ᠦᠷ᠎ᠡ ᠪᠦᠲᠦᠮᠵᠢ ᠶᠢ ᠪᠣᠶ ᠪᠣᠯᠭᠠᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠵᠡᠷᠭᠡᠪᠡᠷ ᠭᠥᠷᠳᠡᠬᠦ ᠶᠢ ᠪᠡᠶᠡᠯᠡᠭᠦᠯᠵᠦ᠂ ᠮᠥᠨ ᠴᠦ ᠰᠢᠯᠢ ᠶᠢᠨ ᠭᠤᠣᠯ ᠠᠶᠢᠮᠠᠭ ᠤᠨ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠪᠠ ︽ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠭᠠᠷᠳᠠᠴᠠ ᠬᠠᠩᠭᠠᠭᠰᠠᠨ ᠪᠠᠶᠢᠨ᠎ᠠ ᠭᠡᠵᠠᠢ᠃      ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠭᠰᠠᠨ ᠪᠠᠶᠢᠳᠠᠯ ᠠᠴᠠ ᠦᠵᠡᠪᠡᠯ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠪᠣᠯ ᠮᠠᠨ ᠤ ᠤᠯᠤᠰ ᠤᠨ ᠲᠦᠷᠪᠡᠨ ᠶᠡᠭᠡ ᠡᠯᠡᠰᠦᠷᠬᠡᠭ ᠭᠠᠵᠠᠷ ᠤᠨ ᠳᠤᠮᠳᠠ ᠪᠡᠭᠡᠵᠢᠩ ᠲᠢᠶᠠᠨᠵᠢᠨ ᠠᠴᠠ ᠬᠠᠮᠤᠭ ᠤᠨ ᠣᠶᠢᠷ᠎ᠠ ᠪᠠᠶᠢᠭ᠎ᠠ ᠡᠯᠡᠰᠦᠷᠬᠡᠭ ᠭᠠᠵᠠᠷ ᠪᠣᠯᠣᠨ᠎ᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠭᠤᠣᠯ ᠭᠤᠯᠣᠮᠲᠠ ᠪᠠ ᠳᠠᠭᠠᠷᠢᠨ ᠥᠩᠭᠡᠷᠡᠬᠦ ᠣᠷᠣᠨ ᠪᠣᠯᠣᠨ᠎ᠠ᠂ 81.4% ᠶᠢᠨ ᠲᠠᠯᠠᠪᠠᠢ ᠨᠢ ᠰᠢᠯᠢ ᠶᠢᠨ ᠭᠤᠣᠯ ᠠᠶᠢᠮᠠᠭ ᠲᠤ ᠲᠠᠷᠬᠠᠵᠤ᠂ ᠰᠢᠯᠢ ᠶᠢᠨ ᠭᠤᠣᠯ ᠠᠶᠢᠮᠠᠭ ᠲᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ 2010 ᠣᠨ ᠠᠴᠠ ᠨᠠᠭᠠᠰᠢ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠡᠶᠢᠳᠡ 231 ᠲᠦᠮᠡᠨ ᠮᠦ ᠪᠠᠭᠠᠰᠴᠤ᠂ ᠨᠡᠭᠦᠳᠡᠯ ᠪᠠ ᠬᠠᠭᠠᠰ ᠲᠣᠭᠲᠠᠮᠠᠯ ᠡᠯᠡᠰᠦᠷᠬᠡᠭ ᠭᠠᠵᠠᠷ ᠤᠨ ᠲᠠᠯᠠᠪᠠᠢ 447 ᠲᠦᠮᠡᠨ ᠮᠦ ᠪᠠᠭᠠᠰᠴᠠᠢ᠃      ᠤᠯᠤᠰ ᠤᠨ ︽ᠤᠮᠠᠷᠠᠲᠤ ᠶᠢᠨ ᠭᠤᠷᠪᠠᠨ ᠣᠷᠣᠨ︾   ᠤ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠣᠰᠣᠭᠠᠷ᠂ 2023 ᠣᠨ  ᠠᠴᠠ 2030 ᠣᠨ ᠪᠣᠯᠲᠠᠯᠠᠬᠢ ᠵᠠᠰᠠᠯᠲᠠ ᠶᠢᠨ ᠶᠡᠷᠦᠩᠬᠡᠢ ᠡᠭᠦᠷᠭᠡ 3710 ᠲᠦᠮᠡᠨ ᠮᠦ ᠪᠠᠶᠢᠵᠦ᠂ ᠡᠭᠦᠨ ᠳᠤ 2023 ᠣᠨ ᠳᠤ 109.5 ᠲᠦᠮᠡᠨ ᠮᠦ ᠲᠠᠯᠠᠪᠠᠢ ᠶᠢ ᠵᠠᠰᠠᠬᠤ ᠡᠭᠦᠷᠭᠡ ᠶᠢ ᠨᠢᠭᠡᠨᠲᠡ ᠪᠡᠶᠡᠯᠡᠭᠦᠯᠵᠦ᠂ 2024 ᠣᠨ ᠳᠤ 1.65 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠨᠲᠡ ᠨᠠᠶᠢᠳᠠᠪᠤᠷᠢᠵᠢᠭᠤᠯᠵᠦ᠂ 71.45 ᠲᠦᠮᠡᠨ ᠮᠦ ᠲᠠᠯᠠᠪᠠᠢ ᠶᠢ ᠵᠠᠰᠠᠬᠤ ᠪᠠᠷ ᠲᠦᠯᠦᠪᠯᠡᠵᠦ ᠪᠠᠶᠢᠨ᠎ᠠ᠃      ᠣᠲᠣ ᠦᠶ᠎ᠡ ᠶᠢᠨ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ   ᠠᠴᠠ ᠦᠵᠡᠪᠡᠯ᠂ ᠰᠢᠯᠢ ᠶᠢᠨ ᠭᠤᠣᠯ ᠠᠶᠢᠮᠠᠭ ᠪᠣᠯ ᠤᠯᠤᠰ  ᠠᠴᠠ ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ 14 ᠳ᠋ᠦᠩᠰᠢᠭᠤᠷ ᠲᠣᠨ ᠤ ᠲᠠᠰ ᠤᠨ ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ᠂ 9 ᠮᠢᠩᠭᠠᠨ ᠲᠦᠮᠡᠨ ᠺᠢᠯᠣᠸᠠᠲ ᠤᠨ ᠲᠠᠰ ᠤᠨ ᠲᠣᠮᠣ ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ᠂ 9 ᠲᠣᠮᠣ ᠬᠡᠯᠪᠡᠷᠢ ᠶᠢᠨ ᠣᠲᠣ ᠦᠶ᠎ᠡ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠨᠢᠭᠡ ᠪᠠᠶᠢᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 3536 ᠲᠦᠮᠡᠨ ᠺᠢᠯᠣᠸᠠᠲ ᠲᠤ ᠬᠦᠷᠴᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 1007 ᠳ᠋ᠦᠩᠰᠢᠭᠤᠷ ᠭᠷᠡᠳᠦ᠋ᠰ ᠲᠤ ᠬᠦᠷᠴᠡᠢ᠃      ᠰᠠᠯᠬᠢᠨ ᠬᠦᠴᠦᠨ ᠤ ᠴᠠᠬᠢᠯᠭᠠᠨ ᠤ ᠲᠤᠨᠤᠬᠯᠠᠯ ᠦᠢᠯᠡᠳᠬᠦ ᠠᠵᠤ ᠠᠬᠤᠶᠢᠯᠠᠯ 12 ᠪᠠᠶᠢᠵᠦ᠂ ᠰᠠᠯᠬᠢᠨ ᠬᠦᠴᠦᠨ ᠤ ᠴᠠᠬᠢᠯᠭᠠᠨ ᠤ ᠭᠤᠣᠯ ᠮᠠᠰᠢᠨ ᠤ ᠦᠢᠯᠡᠳᠪᠦᠷᠢᠯᠡᠬᠦ ᠴᠢᠳᠠᠪᠤᠷᠢ ᠵᠢᠯ ᠳᠤ 3000 ᠰᠠᠤᠷᠢ ᠪᠠᠶᠢᠵᠤ᠂ 1385 ᠰᠠᠤᠷᠢ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢ ᠪᠣᠳᠠᠲᠠᠢ ᠦᠢᠯᠡᠳᠪᠦᠷᠢᠯᠡᠨ ᠪᠣᠷᠣᠯᠠᠭᠤᠯᠵᠤ᠂ ᠴᠥᠮ ᠪᠥᠬᠦ ᠣᠷᠣᠨ ᠤ ᠲᠡᠷᠢᠭᠦᠨ ᠳᠤ ᠣᠷᠣᠪᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠠᠯᠭᠢ ᠭᠡᠷᠡᠯ ᠤᠨ ᠡᠬᠢ ᠪᠠᠶᠠᠯᠢᠭ ᠡᠯᠪᠡᠭ ᠪᠠᠶᠢᠵᠤ᠂ 4500 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠨᠡᠭᠡᠭᠡᠨ ᠬᠥᠭᠵᠢᠭᠦᠯᠵᠦ᠂ 5000 ᠲᠦᠮᠡᠨ ᠺᠢᠯᠣᠸᠠᠲ ᠠᠴᠠ ᠳᠡᠭᠡᠭᠰᠢᠬᠢ ᠬᠡᠷᠡᠯᠴᠢ ᠴᠡᠨᠡᠭ ᠢ ᠨᠡᠭᠡᠭᠡᠨ ᠬᠥᠭᠵᠢᠭᠦᠯᠵᠦ ᠪᠣᠯᠣᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠥᠰᠥᠯ︾  ᠤᠨ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠯᠢ ᠶᠢᠨ ᠭᠤᠣᠯ ᠠᠶᠢᠮᠠᠭ 2024 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 270 ᠲᠦᠮᠡᠨ ᠺᠢᠯᠣᠸᠠᠲ ᠤᠨ ᠲᠥᠷᠥᠯ ᠵᠦᠢᠯ ᠤᠨ ᠠᠩᠬ᠎ᠠ ᠠᠯᠬᠤᠮ ᠤᠨ ᠭᠠᠵᠠᠷ ᠰᠣᠩᠭᠤᠬᠤ  ᠠᠵᠢᠯ ᠢ ᠨᠢᠭᠡᠨᠲᠡ ᠪᠡᠶᠡᠯᠡᠭᠦᠯᠵᠦ᠂ ᠠᠮᠢ ᠠᠬᠤᠢ ᠶᠢᠨ ᠤᠯᠠᠭᠠᠨ ᠱᠤᠭᠤᠮ᠂ ᠦᠨᠳᠦᠰᠦᠨ ᠨᠤᠲᠤᠭ ᠪᠡᠯᠴᠢᠭᠡᠷ ᠪᠠ ᠤᠯᠤᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠦᠪᠵᠢᠭᠦᠯᠭᠡ ᠶᠢᠨ ᠣᠷᠣᠨ  ᠠᠴᠠ ᠵᠠᠶᠢᠯᠠᠰᠬᠢᠵᠦ᠂ ᠬᠠᠮᠤᠭ ᠤᠨ ᠲᠠᠷᠠᠬᠠᠢ ᠪᠤᠲᠠᠷᠬᠠᠢ᠂ ᠵᠠᠰᠠᠬᠤ ᠳᠤ ᠬᠠᠮᠤᠭ ᠤᠨ ᠬᠦᠴᠢᠷᠲᠡᠢ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠬᠠᠮᠤᠭ ᠤᠨ ᠳᠣᠣᠷ᠎ᠠ 131 ᠲᠦᠮᠡᠨ ᠮᠦ ᠨᠡᠭᠦᠳᠡᠯ ᠡᠯᠡᠰᠦᠷᠬᠡᠭ ᠭᠠᠵᠠᠷ ᠢ ᠤᠷᠢᠳᠠᠪᠠᠷ ᠥᠨᠳᠥᠷ ᠪᠠᠷᠢᠮᠵᠢᠶ᠎ᠠ ᠪᠠᠷ ᠵᠠᠰᠠᠬᠤ ᠪᠠᠷ ᠲᠦᠯᠦᠪᠯᠡᠵᠦ ᠪᠠᠶᠢᠨ᠎ᠠ᠃      ᠰᠢᠯᠢ ᠶᠢᠨ ᠭᠤᠣᠯ ᠠᠶᠢᠮᠠᠭ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠰᠠᠯᠬᠢ ᠭᠡᠷᠡᠯ ᠤᠨ ᠲᠥᠷᠥᠯ  ᠵᠦᠢᠯ  ᠤᠨ  ᠠᠰᠢᠭ  ᠣᠷᠣᠯᠭ᠎ᠠ ᠶᠢ ᠵᠣᠬᠢᠰᠲᠠᠢ ᠲᠤᠬᠢᠷᠠᠭᠤᠯᠤᠨ ᠡᠯᠡᠰᠦᠷᠬᠡᠭ ᠭᠠᠵᠠᠷ ᠢ ᠵᠠᠰᠠᠬᠤ ᠳᠤ ᠬᠡᠷᠡᠭᠯᠡᠵᠦ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠡᠯᠡᠰᠦᠷᠬᠡᠭ ᠭᠠᠵᠠᠷ ᠤᠨ ᠴᠢᠨᠠᠷ ᠰᠠᠶᠢᠲᠠᠢ ᠰᠠᠯᠬᠢ ᠭᠡᠷᠡᠯ ᠤᠨ ᠡᠬᠢ ᠪᠠᠶᠠᠯᠢᠭ ᠢ ᠪᠡᠯᠡ ᠮᠥᠩᠭᠦ ᠪᠣᠯᠭᠠᠨ ᠬᠤᠪᠢᠷᠠᠭᠤᠯᠵᠤ᠂ ᠣᠯᠠᠨ ᠡᠰᠢᠵᠢᠭᠰᠡᠨ᠂ ᠨᠡᠶᠢᠭᠡᠮᠴᠢᠯᠡᠭᠰᠡᠨ ᠣᠷᠣᠭᠤᠯᠤᠯᠲᠠ ᠶᠢ ᠪᠡᠶᠡᠯᠡᠭᠦᠯᠵᠦ ᠪᠣᠯᠬᠤ ᠮᠥᠷᠲᠡᠭᠡᠨ ᠪᠠᠰᠠ ᠭᠠᠵᠠᠷ ᠲᠦᠷᠢᠶᠡᠰᠦᠯᠡᠨ ᠡᠯᠡᠰᠦ ᠶᠢ ᠵᠠᠰᠠᠬᠤ᠂ ᠭᠠᠵᠠᠷ ᠰᠢᠷᠣᠢ ᠶᠢᠨ ᠨᠥᠬᠦᠪᠦᠷᠢ ᠥᠭᠬᠦ ᠵᠡᠷᠭᠡ ᠵᠠᠭᠪᠤᠷ ᠢ ᠬᠡᠷᠡᠭᠯᠡᠨ᠂ ᠮᠠᠯᠴᠢᠨ ᠲᠠᠷᠢᠶᠠᠴᠢᠨ ᠢ ᠡᠯᠡᠰᠦᠷᠬᠡᠭ ᠭᠠᠵᠠᠷ ᠠᠴᠠ ᠰᠢᠯᠵᠢᠭᠦᠯᠦᠨ ᠭᠠᠷᠭᠠᠵᠤ᠂ ᠢᠨᠵᠧᠨᠧᠷᠢᠩ ᠤᠨ ᠵᠠᠰᠠᠯᠲᠠ᠂ ᠠᠶᠠᠨᠳᠠᠭᠠᠨ ᠤ ᠰᠡᠷᠭᠦᠯᠲᠠ ᠵᠡᠷᠭᠡ ᠶᠢ ᠬᠠᠷᠢᠯᠴᠠᠨ ᠤᠶᠠᠯᠳᠤᠭᠤᠯᠵᠤ᠂ ᠡᠯᠡᠰᠦᠷᠬᠡᠭ  ᠭᠠᠵᠠᠷ  ᠤᠨ  ᠵᠠᠰᠠᠯᠲᠠ ᠶᠢᠨ  ᠦᠷᠭᠦᠯᠵᠢᠯᠡᠬᠦᠶᠢᠴᠡ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠦᠨᠳᠦᠰᠦᠨ ᠠᠴᠠ ᠨᠢ ᠪᠠᠲᠤᠯᠠᠬᠤ ᠪᠣᠯᠣᠨ᠎ᠠ᠃      ᠯᠥᠸᠧ ᠴᠢᠩ᠂ ᠳᠡᠭᠡᠷᠡᠬᠢ ᠠᠵᠢᠯ ᠤᠳ ᠢ ᠨᠠᠶᠢᠳᠠᠪᠤᠷᠢᠵᠢᠭᠤᠯᠬᠤ ᠳᠤ᠂ ᠰᠢᠯᠢ ᠶᠢᠨ ᠭᠤᠣᠯ ᠠᠶᠢᠮᠠᠭ ᠲᠤ ᠣᠳᠣᠬᠠᠨ ᠳᠤ ᠪᠠᠰᠠ ᠵᠠᠷᠢᠮ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠤᠯᠤᠰ ᠤᠨ ᠲᠠᠯ᠎ᠠ ᠠᠴᠠ ᠠᠩᠬᠠᠷᠤᠯ ᠪᠠ ᠳᠡᠮᠵᠢᠯᠭᠡ ᠦᠵᠡᠭᠦᠯᠬᠦ ᠴᠢᠬᠤᠯᠠᠲᠠᠢ᠄ ᠰᠢᠯᠢ ᠶᠢᠨ ᠭᠤᠣᠯ ᠠᠶᠢᠮᠠᠭ ᠤᠨ ᠲᠤᠰ ᠭᠠᠵᠠᠷ ᠤᠨ ᠰᠢᠩᠭᠡᠭᠡᠬᠦ ᠪᠠ ᠬᠦᠷᠭᠡᠬᠦ ᠴᠢᠳᠠᠪᠤᠷᠢ ᠬᠢᠵᠠᠭᠠᠷ ᠲᠠᠢ ᠪᠠᠶᠢᠵᠥ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠢᠵᠢ ᠪᠦᠷᠢᠳᠦᠭᠰᠡᠨ ᠰᠢᠨ᠎ᠡ ᠡᠨᠧᠷᠭᠢ ᠶᠢᠨ ᠲᠦᠷᠦᠯ ᠵᠦᠢᠯ ᠢ ᠦᠷᠭᠦᠯᠵᠢᠯᠡᠨ ᠠᠬᠢᠭᠤᠯᠤᠨ ᠬᠡᠷᠡᠭᠵᠢᠭᠦᠯᠬᠦ ᠶᠢ ᠬᠢᠵᠠᠭᠠᠷᠯᠠᠵᠤ ᠪᠤᠢ︔ ᠭᠠᠳᠠᠭᠰᠢ ᠬᠦᠷᠭᠡᠬᠦ ᠴᠢᠳᠠᠪᠤᠷᠢ ᠠᠴᠠ ᠦᠵᠡᠪᠡᠯ᠂ ᠣᠷᠣᠨ ᠤ ᠳᠣᠲᠣᠷᠠᠬᠢ ᠴᠠᠬᠢᠯᠭᠠᠨ ᠬᠦᠷᠭᠡᠬᠦ ᠴᠢᠳᠠᠪᠤᠷᠢ ᠬᠦᠷᠦᠯᠴᠡᠬᠦ ᠦᠭᠡᠢ ᠪᠠᠶᠢᠵᠤ᠂ ᠨᠢᠭᠡᠨᠲᠡ ᠪᠠᠶᠢᠭ᠎ᠠ ᠨᠡᠪᠲᠡᠷᠡᠬᠦ ᠵᠠᠮ ᠨᠢ ᠨᠢᠭᠡᠨᠲᠡ ᠴᠠᠬᠢᠯᠭᠠᠨ ᠡᠭᠦᠰᠬᠡᠭᠴᠢ ᠶᠢᠨ ᠬᠦᠷᠭᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠣᠯᠵᠠᠢ ᠭᠡᠪᠡ᠃      ᠯᠥᠸᠧ ᠴᠢᠩ ᠰᠠᠨᠠᠭᠤᠯᠬᠤ ᠳᠠᠭᠠᠨ᠄ ᠤᠯᠤᠰ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠠᠬᠢ ︽ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ  ᠡᠾᠧᠪᠸᠢ ᠬᠦᠷᠬᠦ ᠴᠠᠬᠢᠯᠭᠠᠨ ᠳᠠᠮᠵᠢᠭᠤᠯᠬᠤ ᠵᠠᠮ ᠤᠨ ᠪᠦᠲᠦᠭᠡᠨ ᠪᠠᠶᠢᠭᠤᠯᠤᠯᠲᠠ ᠶᠢ ᠰᠤᠳᠤᠯᠤᠨ ᠠᠬᠢᠭᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠴᠡᠪᠡᠷ ᠡᠨᠧᠷᠭᠢ  ᠶᠢᠨ ᠰᠠᠭᠤᠷᠢᠨ ᠭᠠᠵᠠᠷ ᠪᠣᠯᠣᠨ ᠰᠠᠯᠬᠢ ᠭᠡᠷᠡᠯ ᠢᠶᠠᠷ ᠡᠯᠡᠰᠦ  ᠶᠢ ᠵᠠᠰᠠᠬᠤ ᠬᠤᠶᠠᠷ ᠲᠠᠯ᠎ᠠ ᠠᠴᠠ ᠪᠣᠳᠣᠯᠬᠢᠯᠠᠨ᠂ ᠭᠠᠳᠠᠭᠰᠢ ᠬᠦᠷᠭᠡᠬᠦ ᠰᠢᠨ᠎ᠡ ᠵᠠᠮ ᠱᠤᠭᠤᠮ ᠤᠨ ᠰᠤᠳᠤᠯᠤᠯᠲᠠ ᠪᠣᠯᠣᠨ ᠲᠦᠯᠦᠪᠵᠢᠬᠦᠯᠭᠡ ᠳᠤ ᠤᠷᠤᠭᠤᠯᠤᠨ ᠪᠦᠲᠦᠭᠡᠨ ᠪᠠᠶᠢᠭᠤᠯᠬᠤ ᠶᠢ ᠡᠷᠲᠡᠬᠡᠨ ᠥᠷᠨᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠲᠡ ᠶᠢᠨ ᠲᠠᠶᠢᠯᠠᠯᠳᠤᠭᠠᠨ ᠤ ᠢᠯᠠᠯᠲᠠ  ᠶᠢ ᠣᠯᠬᠤ ᠡᠨᠡ ᠬᠦ ᠴᠢᠬᠤᠯᠠ ᠶᠡᠭᠡ ᠤᠯᠤᠰ ᠲᠥᠷᠥ  ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡᠯ ᠵᠤᠬᠢᠨ᠎ᠠ ᠭᠡᠵᠠᠢ᠃                                            ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号