ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
     3 ᠰᠠᠷ᠎ᠠ ᠶᠢᠨ 10 ᠤ ᠡᠳᠦᠷ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠡᠭᠦᠷᠭᠡ ᠶᠢ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠤᠨᠢᠨ ᠳᠡᠭᠡᠷ᠎ᠡ ᠨᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠶᠢᠳᠪᠦᠷᠢᠯᠡᠵᠦ᠂ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠬᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠡᠬᠢᠭᠤᠯᠵᠦ᠂ ᠪᠦᠬᠦ ᠠᠶᠢᠮᠠᠭ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠢᠭᠡᠳᠦᠮᠡᠯ ᠹᠷᠣᠨᠲ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃      ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠶᠢᠨ ᠠᠵᠢᠯ ᠤᠨ ᠵᠥᠪᠯᠡᠯ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠡᠯ᠎ᠡ ᠬᠤᠰᠢᠭᠤ ᠰᠢᠶᠠᠨ ᠬᠤᠲᠠ ︵ᠤᠷᠤᠨ︶  ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠣᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠬᠠᠷᠢᠭᠤᠴᠠᠯᠭᠠᠲᠠᠨ ᠵᠢᠴᠢ ᠠᠶᠢᠮᠠᠭ ᠤᠨ ᠨᠢᠭᠡᠳᠦᠮᠡᠯ ᠹᠷᠣᠨᠲ ᠤᠨ ᠰᠢᠰᠲ᠋ᠧᠮ ᠤᠨ ᠨᠢᠭᠡᠴᠢ ᠶᠢᠨ ᠪᠥᠬᠦ ᠺᠠᠳ᠋ᠷᠴᠤᠳ ᠬᠤᠷᠠᠯ ᠳᠤ ᠣᠷᠣᠯᠴᠠᠵᠠᠢ᠃                                               ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号