ᠪᠦᠬᠦ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠳᠤ ᠫᠠᠶᠢᠰᠠ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/3/13
     ᠦᠢᠷ᠎ᠠ ᠶᠢᠨ ᠡᠳᠦᠷ᠂ ︽ᠯᠧᠢ  ᠹᠧᠩ ᠠᠴᠠ ᠰᠤᠷᠤᠯᠴᠠᠬᠤ · ᠪᠣᠯᠪᠠᠰᠤᠨ ᠤ ᠦᠢᠯᠡᠳᠦᠯᠬᠡ ᠶᠢᠨ ᠠᠵᠢᠯᠯᠠᠭ᠎ᠠ︾ ᠭᠤᠣᠯ ᠰᠡᠳᠦᠪᠲᠦ ᠠᠵᠢᠯᠯᠠᠭ᠎ᠠ ᠵᠢᠴᠢ ᠪᠦᠬᠦ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠳᠤ ᠫᠠᠶᠢᠰᠠ ᠣᠯᠭᠤᠬᠤ ᠶᠣᠰᠣᠯᠠᠯ ᠶᠠᠪᠤᠭᠳᠠᠪᠠ᠃      ᠮᠠᠨ ᠤ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠬᠡ ᠠᠯᠬᠤᠮ ᠴᠢᠩᠭᠠᠳᠬᠠᠬᠤ ᠶᠢᠨ ᠲᠦᠯᠦᠭᠡ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠥᠬᠦ ᠠᠶᠢᠮᠠᠭ ᠤᠨ ᠲᠦᠷᠦᠭᠦᠤ ᠪᠦᠯᠦᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠢ ᠡᠷᠡᠮᠡᠯᠵᠡᠵᠦ ᠨᠡᠷᠡᠯᠡᠬᠦ ᠡᠵᠢᠯ ᠢ ᠥᠷᠨᠢᠭᠦᠯᠵᠦ᠂ ᠰᠠᠯᠠᠭ᠎ᠠ ᠮᠥᠴᠢᠷ ᠤᠨ ᠲᠠᠨᠢᠯᠴᠠᠭᠤᠯᠭ᠎ᠠ᠂ ᠬᠢᠨᠠᠨ ᠰᠢᠯᠭᠠᠷᠠᠭᠤᠯᠤᠯᠲᠠ ᠪᠠᠷ ᠳᠡᠮᠵᠢᠭᠤᠯᠤᠨ᠂ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠵᠡᠷᠭᠡ ᠶᠢ ᠶᠡᠷᠦᠩᠬᠡᠶᠢᠯᠡᠨ ᠪᠣᠳᠣᠯᠬᠢᠯᠠᠬᠰᠠᠨ ᠢᠶᠠᠷ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ︽ᠠᠨᠠᠷ ᠤᠨ ᠦᠷ᠎ᠡ ᠡᠮᠴᠢᠯᠡᠭᠡᠨ ᠤ ᠭᠡᠷ ᠪᠦᠯᠢ︾ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠵᠡᠷᠭᠡ 6 ᠨᠢᠭᠡᠴᠢ ᠨᠢ ᠪᠥᠬᠦ ᠠᠶᠢᠮᠠᠭ ᠤᠨ ᠲᠦᠷᠦᠭᠦᠤ ᠪᠦᠯᠦᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠦᠨᠡᠯᠡᠭᠳᠡᠵᠠᠢ᠃ 5 ᠭᠠᠷᠤᠢ ᠵᠢᠯ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠠᠶᠢᠮᠠᠭ ᠨᠢᠭᠡᠨᠲᠡ 13 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ 97 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ 1049 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠎ ᠤᠨ ᠪᠦᠷᠬᠦᠬᠦ ᠨᠣᠷᠮ᠎ᠠ 100%᠎ ᠳᠤ ᠬᠥᠷᠴᠠᠢ᠃                                               ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号