2023 ᠣᠨ ᠳᠤ ᠮᠠᠨ ᠤ ᠠᠶᠢᠮᠠᠭ ᠤᠨ ᠭᠠᠳᠠᠭᠠᠳᠤ ᠠᠷᠠᠯᠵᠢᠶᠠᠨ ᠤ ᠶᠡᠷᠦᠩᠬᠡᠢ ᠦᠷᠳᠡᠭ ᠵᠠᠭᠤᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/3/13
     2023 ᠣᠨ ᠳᠤ᠂ ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠠᠶᠢᠵᠦ᠂ ᠪᠣᠭᠤᠮᠲᠠ ᠶᠢᠨ ᠪᠦᠷᠢᠳᠬᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2023 ᠣᠨ ᠤ ᠰᠢᠯᠢ ᠶᠢᠨ ᠭᠤᠣᠯ ᠠᠶᠢᠮᠠᠭ ︵ᠡᠷᠢᠶᠡᠨ ᠬᠤᠳᠠ ᠶᠢ ᠪᠠᠭᠲᠠᠭᠠᠨ᠎ᠠ︶᠎ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 115.6 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠠᠳᠠᠯᠢ ᠬᠤᠭᠤᠴᠠᠭᠠᠨ ᠤ ᠬᠢ ᠠᠴᠠ 62.6%᠎ ᠪᠠᠷ ᠨᠡᠮᠡᠭᠳᠡᠵᠦ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 32.2 ᠵᠠᠭᠤᠨ ᠤ ᠨᠢᠭᠡᠴᠢ ᠦᠨᠳᠦᠷ ᠪᠠᠶᠢᠪᠠ᠃      ᠰᠢᠯᠢ ᠶᠢᠨ ᠭᠤᠣᠯ ᠠᠶᠢᠮᠠᠭ ᠭᠠᠵᠠᠷ ᠵᠦᠢ ᠪᠠ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ︽ᠨᠢᠭᠡ ᠪᠦᠰᠡ ᠨᠢᠭᠡ ᠵᠠᠮ︾  ᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠨᠡᠪᠳᠡᠷᠡᠯ ᠵᠠᠮ︾ ᠎ ᠤᠨ ᠱᠤᠭᠤᠮ ᠢ ᠥᠷᠭᠡᠳᠬᠡᠨ ᠭᠡᠮᠵᠢᠶ᠎ᠠ ᠶᠢ ᠨᠡᠮᠡᠭᠳᠡᠭᠦᠯᠭᠦ ᠳᠤ ᠦᠢᠯᠡᠴᠢᠯᠡᠪᠡ᠃ 2023 ᠣᠨ ᠳᠤ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠤᠬᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 3294 ᠪᠠᠶᠢᠵᠤ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 335 ᠲᠦᠮᠡᠨ ᠲᠣᠨ ᠳᠤ ᠬᠦᠷᠴᠦ᠂ ᠪᠠᠷᠠᠭᠠᠨ ᠤ ᠦᠷᠳᠡᠭ 513 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 30%᠂ 30.29%᠂ 37.39%᠎ ᠪᠠᠷ ᠨᠡᠮᠡᠭᠳᠡᠪᠡ᠃ 2013 ᠣᠨ ᠳᠤ ︽ᠷᠦᠩ ᠧᠦ︾ ᠠᠩᠬᠠᠳᠠᠭᠴᠢ ᠵᠢᠰᠢᠶᠠᠨ ᠤ ᠴᠤᠪᠤᠭ᠎ᠠ ᠲᠡᠷᠭᠡ ᠨᠡᠪᠲᠡᠷᠡᠭᠰᠡᠨ ᠠᠴᠠ ᠨᠠᠭᠠᠰᠢ᠂ ᠵᠢᠰᠢᠶᠠᠨ ᠤ ᠴᠤᠪᠤᠭ᠎ᠠ ᠲᠡᠷᠭᠡᠨ ᠤ ᠱᠤᠭᠤᠮ 2 ᠵᠤᠷᠪᠤᠰ ᠪᠠᠶᠢᠭᠰᠠᠨ  ᠠᠴᠠ ᠪᠠᠨ ᠨᠡᠮᠡᠭᠳᠡᠭᠡᠳ 70 ᠵᠤᠷᠪᠤᠰ ᠪᠣᠯᠵᠤ᠂ ᠬᠠᠮᠤᠭ ᠤᠨ ᠠᠩᠬ᠎ᠠ ᠭᠠᠷ ᠤᠲᠠᠰᠤ᠂ ᠺᠣᠮᠫᠢᠦ᠋ᠲ᠋ᠧᠷ ᠵᠡᠷᠭᠡ IT ᠪᠦᠳᠦᠭᠡᠭᠳᠡᠭᠦᠨ ᠢ ᠲᠡᠭᠡᠭᠡᠪᠦᠷᠢᠯᠡᠵᠦ ᠪᠠᠶᠢᠬᠰᠠᠨ ᠠᠴᠠ ᠪᠠᠨ ᠠᠭᠠᠵᠢᠮ ᠢᠶᠠᠷ ᠮᠠᠰᠢᠨ ᠲᠡᠷᠭᠡ ᠵᠢᠴᠢ ᠰᠡᠯᠪᠢᠭ ᠲᠣᠨᠤᠭ᠂ ᠮᠠᠰᠢᠨ ᠴᠠᠬᠢᠯᠭᠠᠨ ᠮᠠᠰᠢᠨ ᠲᠥᠬᠦᠭᠡᠷᠦᠮᠵᠢ᠂ ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠢ ᠵᠦᠢᠯ ᠢ ᠲᠡᠭᠡᠭᠡᠪᠦᠷᠢᠯᠡᠭᠦ ᠪᠤᠯᠵᠠᠢ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠥᠨᠳᠥᠷ ᠪᠦᠲᠦᠮᠵᠢᠲᠡᠶ ᠰᠠᠭᠠᠳ ᠦᠭᠡᠢ ᠠᠵᠢᠯᠯᠠᠬᠤ ᠶᠢ ᠪᠠᠲᠤᠯᠠᠬᠤ ᠶᠠᠪᠤᠴᠠ ᠳᠤ᠂ ᠡᠷᠢᠶᠡᠨ ᠪᠣᠭᠤᠮᠲᠠ ᠶᠢᠨ ᠬᠢᠨ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠪᠠᠨ ᠭᠦᠨᠵᠡᠭᠡᠶᠢᠷᠡᠭᠦᠯᠵᠦ᠂ ︽ᠥᠷᠲᠡᠭᠡᠨ ᠳᠤ ᠬᠦᠷᠴᠦ ᠰᠢᠭᠤᠳ ᠲᠡᠭᠡᠭᠡᠪᠦᠷᠢᠯᠡᠭᠦ︾ ᠪᠠᠷᠠᠭᠠᠨ ᠤ ᠭᠦᠢᠯᠭᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ 7 × 24 ᠴᠠᠭ ᠤᠨ ᠤᠷᠢᠳᠴᠢᠯᠠᠨ ᠪᠤᠯᠵᠤᠬᠤ ᠲᠣᠭᠲᠠᠴᠠ ᠶᠢ ᠭᠡᠷᠡᠭᠵᠢᠭᠦᠯᠦᠨ᠂ ᠠᠯᠤᠰ ᠡᠵᠡᠮᠰᠢᠯᠳᠦ ᠸᠢᠳᠢᠤ᠋ ᠪᠠᠷ ᠬᠠᠪᠰᠤᠷᠤᠨ ᠪᠠᠶᠢᠴᠠᠭᠠᠨ ᠰᠢᠯᠭᠠᠬᠤ᠂ ᠨᠡᠭᠦᠳᠡᠯ ᠠᠷᠭ᠎ᠠ ᠪᠠᠷ ᠪᠠᠶᠢᠴᠠᠭᠠᠨ ᠰᠢᠯᠭᠠᠬᠤ ᠵᠡᠷᠭᠡ ᠬᠡᠯᠪᠡᠷᠢ ᠶᠢ ᠢᠳᠡᠪᠬᠢᠳᠠᠢ ᠭᠡᠷᠡᠭᠯᠡᠵᠦ᠂ ᠪᠣᠭᠤᠮᠲᠠ ᠪᠠᠷ ᠥᠩᠭᠡᠷᠡᠬᠦ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 260.38 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ 21.48 ᠳᠠᠬᠢᠨ ᠪᠠᠶᠢᠵᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠢ 257.29 ᠲᠦᠮᠡᠨ ᠲᠣᠨ᠂ ᠠᠳᠠᠯᠢ ᠬᠤᠭᠤᠴᠠᠭᠠᠨ ᠤ 24.9 ᠳᠠᠬᠢᠨ᠂ ᠭᠠᠳᠠᠭᠠᠳᠤ ᠳᠤ ᠭᠠᠷᠭᠠᠭᠰᠠᠨ ᠨᠢ 3.09 ᠲᠦᠮᠡᠨ ᠲᠣᠨ᠂ ᠠᠳᠠᠯᠢ ᠬᠤᠭᠤᠴᠠᠭᠠᠨ ᠤ 1.73 ᠳᠠᠬᠢᠨ ᠪᠠᠶᠢᠪᠠ᠃      ᠪᠣᠭᠤᠮᠲᠠ ᠪᠠᠷ ᠪᠠᠷᠠᠭ᠎ᠠ ᠶᠢ ᠤᠷᠤᠭᠰᠢᠲᠠᠢ ᠦᠡᠭᠭᠡᠷᠡᠭᠦᠯᠭᠦ ᠶᠢ ᠪᠠᠲᠤᠯᠠᠬᠤ ᠶᠢᠨ ᠲᠥᠯᠥᠭᠡ᠂ ᠵᠡᠭᠦᠨ ᠦᠵᠦᠮᠦᠴᠢᠨ ᠤ ᠪᠣᠭᠤᠮᠲᠠ ᠶᠢᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠭᠤᠮᠲᠠ ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠣᠯᠠᠨ ᠵᠦᠢᠯ ᠤᠨ ᠬᠡᠯᠪᠡᠷᠢ ᠪᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠦᠨ᠂ ᠠᠰᠠᠭᠤᠳᠠᠯ ᠢ ᠴᠠᠭ ᠲᠤᠬᠠᠢ ᠳᠤᠨᠢ ᠲᠤᠰᠬᠠᠬᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠶᠢᠳᠪᠦᠷᠢᠯᠡᠬᠦ ᠶᠢ ᠴᠢᠷᠮᠠᠶᠢᠨ ᠪᠡᠶᠡᠯᠡᠭᠦᠯᠪᠡ᠃      ᠵᠡᠭᠦᠨ ᠦᠵᠦᠮᠦᠴᠢᠨ ᠪᠣᠭᠤᠮᠲᠠ ︽ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ︾ ᠪᠠᠷᠠᠭᠠᠨ ᠤ ᠰᠢᠨ᠎ᠠ ᠲᠡᠭᠡᠭᠡᠪᠦᠷᠢ ᠶᠢᠨ ᠵᠠᠮ ᠵᠢᠴᠢ H986 ᠪᠠᠷᠠᠭᠠᠨ ᠤ ᠲᠡᠭᠡᠭᠡᠪᠦᠷᠢ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠵᠠᠰᠠᠮᠠᠯ ᠵᠠᠮ ᠲᠡᠮᠦᠷ ᠵᠠᠮ ᠤᠨ ᠬᠤᠯᠪᠤᠭᠠᠯᠠᠨ ᠲᠡᠭᠡᠭᠡᠪᠦᠷᠢᠯᠡᠬᠦ ᠲᠣᠭᠲᠠᠴᠠ ᠬᠢᠭᠡᠳ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠥᠯᠥᠪᠯᠡᠵᠦ᠂ ︽ᠤᠷᠢᠳᠴᠢᠯᠠᠨ ᠮᠡᠳᠡᠭᠦᠯᠬᠦ + ᠲᠦᠷᠭᠡᠨ ᠣᠷᠣᠭᠤᠯᠵᠤ ᠲᠦᠷᠭᠡᠨ ᠮᠡᠳᠡᠭᠦᠯᠬᠦ + ᠳᠠᠷᠦ᠋ᠢᠬᠠᠨ ᠮᠡᠳᠡᠭᠦᠯᠵᠦ ᠳᠠᠷᠦ᠋ᠢᠬᠠᠨ ᠪᠠᠶᠢᠴᠠᠭᠠᠬᠤ︾ ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ ᠵᠠᠭᠪᠤᠷ ᠢ ᠬᠡᠷᠡᠭᠵᠢᠭᠦᠯᠦᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠷᠥᠯ ᠵᠦᠢᠯ ᠢ ᠦᠷᠭᠦᠯᠵᠢᠯᠡᠨ ᠪᠠᠶᠠᠯᠢᠭᠵᠢᠭᠤᠯᠤᠨ᠂ ᠭᠠᠳᠠᠭᠠᠳᠤ ᠡᠴᠡ‌ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠣᠭᠲᠠᠭᠤᠨ ᠨᠡᠮᠡᠭᠳᠡᠯ ᠢ ᠪᠠᠳᠤᠯᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号