ᠮᠠᠨ ᠤ ᠠᠶᠢᠮᠠᠭ ᠪᠥᠬᠦ ᠣᠷᠣᠨ ᠳᠤ ᠳᠦᠷᠦᠭᠦᠯᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ  ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠰᠶᠢᠳᠪᠦᠷᠢᠯᠡᠪᠡ
ᠨᠡᠶᠢᠲᠡᠯᠡᠭᠰᠡᠨ ᠴᠠᠭ᠄
2024/3/13
     ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠢᠳᠤᠨᠤᠨ ᠵᠢᠯ ᠤᠨ ᠰᠡᠭᠦᠯᠴᠢ ᠳᠤ᠂ ᠮᠠᠨ ᠤ ᠠᠶᠢᠮᠠᠭ ᠪᠦᠬᠦ ᠣᠷᠣᠨ ᠳᠤ ᠳᠦᠷᠦᠭᠦᠯᠡᠨ ᠪᠦᠬᠦ ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠰᠶᠢᠳᠪᠦᠷᠢᠯᠡᠪᠡ᠃ 2018 ᠣᠨ ᠳᠤ ᠮᠠᠨ ᠤ ᠠᠶᠢᠮᠠᠭ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠡᠬᠢᠯᠡᠨ ᠰᠶᠢᠳᠪᠦᠷᠢᠯᠡᠭᠰᠡᠨ ᠠᠴᠠ ᠨᠠᠭᠠᠰᠢ᠂ ᠪᠥᠬᠦ ᠠᠶᠢᠮᠠᠭ ᠤᠨ ᠬᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠲᠥᠷᠥᠯ ᠵᠦᠢᠯ ᠢ ᠨᠡᠶᠢᠲᠡ 73530᠎ ᠶᠢ ᠪᠠᠶᠢᠴᠠᠭᠠᠨ ᠭᠠᠷᠭᠠᠵᠤ᠂ ᠨᠢᠭᠡᠨᠲᠡ 67949᠎ ᠶᠢ ᠨᠢ ᠰᠶᠢᠳᠪᠦᠷᠢᠯᠡᠵᠦ᠂ ᠪᠡᠶᠡᠯᠡᠭᠦᠯᠦᠭᠰᠡᠨ ᠨᠣᠷᠮ᠎ᠠ ᠨᠢ 92.4%᠎ ᠳᠤ ᠬᠥᠷᠪᠡ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠬᠤᠯᠪᠤᠬᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠲᠥᠷᠥᠯ ᠵᠦᠢᠯ ᠤᠨ ᠰᠢᠨᠵᠢ ᠴᠢᠨᠠᠷ ᠢ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ᠂ ᠭᠠᠷ ᠭᠦᠢᠴᠡᠳᠬᠡᠯ ᠨᠢ ᠪᠦᠷᠢᠨ ᠪᠤᠰᠤ ᠵᠡᠷᠭᠡ ᠠᠰᠠᠭᠤᠳᠠᠯ ᠢ ᠰᠶᠢᠳᠪᠦᠷᠢᠯᠡᠵᠦ᠂ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠰᠠᠭᠤᠳᠠᠯ ᠢ ᠰᠶᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾ ︽ᠰᠢᠯᠢ ᠶᠢᠨ ᠭᠤᠣᠯ ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠦᠨᠡᠮᠯᠡᠯ ᠠᠪᠬᠤ ᠳᠤ ᠬᠦᠴᠢᠷᠲᠡᠢ ᠠᠰᠠᠭᠤᠳᠠᠯ ᠢ ᠰᠶᠢᠳᠪᠦᠷᠢᠯᠡᠬᠦ ᠬᠡᠷᠡᠭᠵᠢᠭᠦᠯᠬᠦ ᠲᠥᠰᠥᠯ︾ ᠵᠡᠷᠭᠡ ᠶᠢ ᠵᠠᠯᠭᠠᠭ᠎ᠠ ᠪᠠᠷ ᠲᠣᠭᠲᠠᠭᠠᠨ ᠳᠠᠷᠤᠮᠠᠯᠯᠠᠨ ᠲᠠᠷᠬᠠᠭᠠᠵᠦ᠂ ᠵᠦᠢᠯ ᠵᠤᠷᠪᠤᠰ ᠳᠠᠷᠠᠭᠠᠯᠠᠨ ᠪᠠᠶᠢᠳᠠᠯ ᠢ ᠣᠶᠢᠯᠠᠭᠠᠬᠤ ᠶᠢᠨ ᠬᠠᠮᠲᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠴᠢᠭᠯᠡᠭᠦᠯᠦᠨ᠂ ᠳᠤᠲᠠᠭᠤ ᠶᠢ ᠭᠥᠯᠢᠶᠡᠨ ᠠᠪᠴᠤ ᠰᠶᠢᠳᠪᠦᠷᠢᠯᠡᠬᠦ ᠵᠡᠷᠭᠡ ᠣᠯᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠠᠪᠴᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠭᠠᠷ ᠭᠦᠢᠴᠡᠳᠬᠡᠯ ᠨᠢ ᠪᠦᠷᠢᠨ ᠪᠤᠰᠤ ᠪᠠᠶᠢᠬᠤ ᠠᠰᠠᠭᠤᠳᠠᠯ ᠢ ᠰᠶᠢᠳᠪᠦᠷᠢᠯᠡᠵᠠᠢ᠃      ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠲᠦᠭᠵᠢᠷᠡᠯ ᠤᠨ ᠠᠰᠠᠭᠤᠳᠠᠯ᠂ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠶᠢᠳᠪᠦᠷᠢᠯᠡᠬᠦ ᠶᠢᠨ ᠬᠠᠮᠲᠤ ᠨᠡᠭᠡᠭᠡᠨ ᠬᠥᠭᠵᠢᠭᠦᠯᠦᠯᠲᠠ ᠶᠢᠨ ᠠᠵᠤ ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠤᠬᠰᠠᠨ ᠤᠯᠠᠨ ᠲᠦᠮᠡᠨ ᠲᠠᠢ ᠶᠠᠷᠢᠯᠴᠠᠵᠤ᠂ ᠰᠶᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠴᠤ᠂ ᠠᠰᠠᠭᠤᠳᠠᠯ ᠤᠨ ᠡᠬᠡ ᠲᠠᠩᠰᠠ ᠶᠢ ᠭᠠᠷᠭᠠᠵᠦ᠂ ᠦᠯᠡᠳᠡᠭᠳᠡᠯ ᠲᠦᠷᠦᠯ ᠵᠦᠢᠯ ᠢ ᠰᠶᠢᠳᠪᠦᠷᠢᠯᠡᠬᠦ ᠠᠬᠢᠴᠠ ᠶᠢ ᠲᠦᠷᠭᠡᠳᠬᠡᠪᠡ᠃ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠤᠶᠢᠮ᠎ᠠ ᠵᠥᠷᠢᠴᠡᠯ ᠠᠰᠠᠭᠤᠳᠠᠯ ᠢ ᠰᠶᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠭᠤᠷᠪᠠᠨ ᠬᠦᠴᠢᠷ︾᠂ ᠨᠢᠭᠡ ᠭᠡᠷ ᠪᠠᠶᠢᠰᠢᠩ ᠢ ᠣᠯᠠᠨ ᠬᠤᠳᠠᠯᠳᠤᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠰᠠᠭᠤᠷᠢ ᠲᠦᠬᠦᠭᠡᠷᠦᠮᠵᠢ ᠲᠡᠭᠦᠯᠳᠡᠷ ᠪᠤᠰᠤ ᠵᠡᠷᠭᠡ ᠡᠯ᠎ᠡ ᠲᠥᠷᠥᠯ ᠤᠨ ᠵᠥᠷᠢᠴᠡᠯ ᠠᠰᠠᠭᠤᠳᠠᠯ ᠢ ᠰᠢᠰᠲ᠋ᠧᠮ ᠲᠠᠢ ᠰᠶᠢᠳᠪᠦᠷᠢᠯᠡᠵᠠᠢ᠃      ᠮᠠᠨ ᠤ ᠠᠶᠢᠮᠠᠭ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠣᠷᠣᠰᠢᠵᠤ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠭᠠᠷ ᠭᠦᠢᠴᠡᠳᠬᠡᠯ ᠢ ᠪᠦᠷᠢᠨᠰᠢᠭᠦᠯᠬᠦ᠂ ᠤᠷᠢᠳᠴᠢᠯᠠᠨ ᠬᠤᠳᠠᠯᠳᠤᠬᠤ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠠᠬᠢᠴᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ᠂ ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠣᠶ ᠪᠦᠬᠦᠢ ᠭᠤᠭᠴᠤᠭ᠎ᠠ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠩᠨᠡᠯᠲᠡ ᠶᠢᠨ ᠪᠠᠶᠢᠳᠠᠯ ᠪᠠ ᠠᠶᠤᠯ ᠲᠦᠭᠰᠢᠭᠦᠷᠢ ᠎ ᠶᠢ  ᠨᠢᠭᠡᠳ  ᠨᠢᠭᠡ  ᠪᠠᠷ  ᠵᠢᠭᠰᠠᠭᠠᠨ  ᠪᠠᠶᠢᠴᠠᠭᠠᠵᠤ᠂ ᠠᠵᠤ  ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠪᠠ᠃      2022 ᠣᠨ ᠳᠤ᠂ ᠮᠠᠨ ᠤ ᠠᠶᠢᠮᠠᠭ ︽︿ᠰᠢᠯᠢ ᠶᠢᠨ ᠭᠤᠣᠯ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ︿ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ﹀᠎ ᠶᠢ ᠠᠬᠢᠭᠤᠯᠬᠤ ᠲᠤᠷᠰᠢᠯᠲᠠ ᠶᠢᠨ ᠲᠥᠰᠥᠯ﹀ ᠎ ᠢ  ᠳᠠᠷᠤᠮᠠᠯᠯᠠᠨ‌‍ᠲ᠋ᠠᠷᠬᠠᠭᠠᠬᠤ ᠲᠤᠬᠠᠢ ᠮᠡᠳᠡᠭᠳᠡᠯ︾᠎ ᠢ  ᠳᠠᠷᠤᠮᠠᠯᠯᠠᠨ ᠲᠠᠷᠬᠠᠭᠠᠵᠤ᠂ ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠬᠦᠯᠬᠦ᠂ ᠪᠥᠬᠦ ᠲᠠᠯ᠎ᠠ ᠪᠠᠷ ᠠᠬᠢᠭᠤᠯᠬᠤ ᠠᠷᠭ᠎ᠠ ᠮᠠᠶ᠋ᠢᠭ ᠢᠶᠠᠷ ︽ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠠᠵᠢᠯ ᠢ ᠥᠷᠨᠢᠭᠦᠯᠪᠡ︔ 2023 ᠣᠨ ᠳᠤ᠂ ᠪᠥᠬᠦ ᠠᠶᠢᠮᠠᠭ ᠤᠨ ᠬᠡᠪᠴᠢᠶᠡᠨ ᠳᠤ ︽ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠪᠥᠬᠦ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠪᠤᠶᠤ ᠪᠠᠶᠢᠭᠤᠯᠵᠤ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠴᠥᠮ ︽ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠬᠡᠪᠴᠢᠶᠡᠨ ᠳᠤ ᠣᠷᠣᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠶᠢᠳᠪᠦᠷᠢᠯᠡᠵᠠᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号