ᠮᠠᠨ ᠤ ᠠᠶᠢᠮᠠᠭ ᠮᠠᠯᠵᠢᠬᠤ ᠳᠠᠷᠢᠶᠠᠯᠠᠬᠤ ᠤᠷᠤᠨ ᠳᠤ ᠴᠢᠮᠡᠭᠡ ᠬᠤᠯᠪᠤᠭᠠᠨ ᠤ ᠳᠤᠬᠢᠶ᠎ᠠ ᠨᠡᠪᠳᠡᠷᠡᠭᠦᠯᠬᠦ ᠶᠢ ᠪᠦᠬᠦᠨ ᠢ ᠪᠦᠷᠬᠦᠭᠦᠯᠬᠦ ᠶᠢ ᠪᠦᠬᠦ ᠤᠷᠤᠨ ᠳᠤ ᠳᠦᠷᠦᠭᠦᠯᠡᠨ ᠪᠡᠶᠡᠯᠡᠭᠦᠯᠪᠠ
ᠨᠡᠶᠢᠲᠡᠯᠡᠭᠰᠡᠨ ᠴᠠᠭ᠄
2024/3/13
     2023 ᠤᠨ ᠤ 11 ᠰᠠᠷ᠎ᠠ ᠳᠤ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠤᠭᠠᠨ ᠤ ᠲᠤᠬᠢᠶ᠎ᠠ ᠨᠡᠪᠳᠡᠷᠡᠬᠦ ᠦᠬᠡᠢ ᠪᠠᠶᠢᠬᠰᠠᠨ ᠡᠷᠦᠬᠡ ᠳᠤ ᠴᠦᠮ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠢᠨᠵᠧᠨᠧᠷᠢᠩ ᠤᠨ ᠠᠵᠢᠯ ᠤᠷᠤᠬᠰᠢᠲᠠᠢ ᠪᠠᠶᠠᠯᠡᠭᠳᠡᠪᠡ᠃ ᠲᠤᠰ ᠢᠨᠵᠧᠨᠧᠷᠢᠩ ᠢ 2022 ᠤᠨ ᠳᠤ ᠬᠡᠷᠡᠭᠵᠢᠬᠦᠯᠦᠭᠰᠡᠨ ᠠᠴᠠ ᠨᠠᠭᠠᠰᠢ᠂ ᠮᠠᠨ ᠤ ᠠᠶᠢᠮᠠᠭ ᠨᠡᠶᠢᠲᠡ 8254.72 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠪᠦᠬᠦ ᠠᠶᠢᠮᠠᠭ ᠤᠨ 11 ᠮᠠᠯᠵᠢᠬᠤ ᠬᠤᠰᠢᠭᠤ ᠬᠤᠲᠠ ︵ᠤᠷᠤᠨ︶ ᠶᠢᠨ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠦ ᠦᠬᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠵᠦ᠂ ᠪᠦᠬᠦ ᠣᠷᠣᠨ ᠳᠤ ᠬᠠᠮᠤᠭ ᠤᠨ ᠲᠦᠷᠦᠭᠦᠨ ᠳᠤ ᠮᠠᠯᠵᠢᠬᠤ ᠲᠠᠷᠢᠶᠠᠯᠠᠬᠤ ᠣᠷᠣᠨ ᠳᠤ ᠤᠲᠠᠰᠤ ᠦᠭᠡᠢ ᠥᠷᠭᠡᠨ ᠪᠦᠰᠡᠲᠦ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠡᠢ᠃      ᠲᠤᠰ ᠢᠨᠵᠧᠨᠧᠷᠢᠩ ᠨᠢ ᠬᠢᠯᠢ ᠬᠢᠵᠠᠭᠠᠷ ᠤᠷᠤᠨ ᠤ ᠴᠢᠮᠡᠭᠡ ᠬᠤᠯᠪᠤᠭᠠᠨ ᠤ ᠲᠤᠬᠢᠶ᠎ᠠ ᠦᠬᠡᠢ ᠡᠷᠦᠬᠡ ᠳᠤ ᠴᠢᠮᠡᠭᠡ ᠬᠤᠯᠪᠤᠭᠠᠨ ᠤ ᠲᠤᠬᠢᠶ᠎ᠠ ᠪᠦᠷᠬᠦᠬᠦᠯᠵᠦ᠂ ᠦᠷᠭᠡᠨ ᠪᠦᠰᠡᠲᠦ ᠰᠦᠯᠵᠢᠶᠠᠨ ᠤ ᠪᠦᠷᠭᠦᠴᠡ ᠶᠢᠨ ᠨᠤᠷᠮ᠎ᠠ ᠶᠢ ᠳᠡᠭᠡᠭᠰᠢᠯᠡᠬᠦᠯᠤᠨ᠂ ᠬᠢᠯᠢ  ᠬᠢᠵᠠᠭᠠᠷ  ᠤᠷᠤᠨ  ᠤ  ᠮᠠᠯᠴᠢᠳ  ᠤᠨ  ᠦᠢᠯᠡᠳᠪᠦᠷᠢᠯᠡᠯ ᠠᠮᠢᠳᠤᠷᠠᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠲᠠ ᠳᠤ ᠬᠦᠴᠦᠨ ᠨᠡᠮᠡᠷᠢᠯᠡᠭᠰᠡᠨ ᠶᠤᠮ᠃      ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤᠨ ᠤ ᠡᠩᠬᠡᠪᠤᠯᠠᠭ ᠭᠠᠴᠠᠭᠠᠨ ᠤ ᠮᠠᠯᠴᠢᠨ ᠬᠠᠰᠪᠢᠯᠢᠭ᠌᠄ ︽ᠤᠳᠤ ᠮᠠᠨ ᠤ ᠠᠳᠡᠬᠢ ᠰᠦᠯᠵᠢᠶᠡᠨ ᠤ ᠲᠤᠬᠢᠶ᠎ᠠ ᠶᠡᠬᠡᠳᠡ ᠰᠠᠶᠢᠵᠢᠷᠠᠯ᠎ᠠ᠂  ᠲᠧᠯᠸᠢᠰ ᠢᠶᠠᠨ ᠰᠤᠨᠢᠷᠬᠠᠬᠤ ᠶᠢᠨ ᠳᠠᠭᠠᠦ ᠭᠠᠷ ᠤᠲᠠᠰᠦ ᠪᠠᠷ ᠢᠶᠠᠨ ᠰᠦᠯᠵᠢᠶᠡᠨ ᠳᠤ ᠭᠠᠷᠴᠦ ᠬᠡᠷᠡᠭᠴᠡᠭᠡ ᠲᠠᠢ ᠮᠡᠳᠡᠭᠡ ᠵᠠᠩᠭᠢ ᠪᠠᠨ ᠬᠠᠶᠢᠵᠦ ᠪᠤᠯᠤᠨ᠎ᠠ᠂ ᠡᠭᠦᠨ ᠠᠴᠠ ᠭᠠᠳᠠᠨ᠎ᠠ᠂ ᠰᠦᠯᠵᠢᠶᠡᠨ ᠠᠴᠠ ᠪᠠᠷᠠᠭ᠎ᠠ ᠲᠠᠸᠠᠷ ᠬᠤᠳᠠᠯᠳᠤᠨ ᠠᠪᠬᠤ᠂ ᠮᠠᠯᠵᠢᠬᠤ ᠦᠢᠯᠡᠳᠪᠦᠷᠢᠯᠡᠯ ᠤᠨ ᠬᠢᠨᠠᠨ ᠡᠵᠡᠮᠳᠡᠬᠦᠷ ᠮᠠᠰᠢᠨ ᠢᠶᠠᠷ ᠢᠶᠠᠨ ᠮᠠᠯ ᠤᠨᠤᠭ᠎ᠠ ᠪᠠᠨ ᠪᠠᠶᠢᠡᠭᠭᠤ ᠦᠵᠡᠵᠦ ᠬᠠᠷᠠᠵᠦ ᠪᠠᠶᠢᠬᠤ ᠳᠤ ᠪᠦᠷ ᠮᠠᠰᠢ ᠳᠦᠭᠦᠮ ᠪᠤᠯᠵᠠᠢ︾ ᠭᠡᠵᠦ ᠪᠠᠶᠠᠷᠲᠠᠶᠢᠬᠠᠨ ᠶᠠᠷᠢᠨ᠎ᠠ᠃      ᠣᠶᠢᠯᠠᠭᠠᠭᠰᠠᠨ ᠢᠶᠠᠷ᠂ ᠰᠢᠯᠤᠭᠤᠨ ᠬᠥᠬᠡ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠤᠭᠠᠨ ᠤ ᠲᠤᠬᠢᠶ᠎ᠠ ᠨᠡᠪᠳᠡᠷᠡᠬᠦ ᠦᠬᠡᠢ ᠡᠷᠦᠬᠡ ᠳᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠢᠨᠵᠧᠨᠧᠷᠢᠩ ᠳᠤ ᠨᠡᠶᠢᠲᠡ 657 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠰᠦᠯᠵᠢᠶ᠎ᠡ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠦ 5 ᠤᠲᠠᠰᠤ ᠦᠭᠡᠢ ᠭᠤᠣᠯ ᠥᠷᠲᠡᠭᠡ᠂ 37 ᠳᠠᠮᠵᠢᠭᠤᠯᠤᠨ ᠲᠠᠷᠬᠠᠭᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 142.31 ᠺᠢᠯᠤᠮᠧᠲᠷ ᠤᠨ ᠭᠡᠷᠡᠯᠯᠢᠭ ᠤᠲᠠᠰᠦ ᠲᠠᠲᠠᠵᠤ᠂ 6 ᠰᠤᠮᠤ ᠪᠠᠯᠭᠠᠰᠤ ᠶᠢᠨ 29 ᠭᠠᠴᠠᠭᠠᠨ ᠤ 325 ᠴᠢᠮᠡᠭᠡ ᠬᠤᠯᠪᠤᠭᠠᠨ ᠤ ᠲᠤᠬᠢᠶ᠎ᠠ ᠦᠬᠡᠢ ᠡᠷᠦᠬᠡ ᠳᠤ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠭᠦ ᠶᠢᠨ ᠬᠠᠮᠲᠦ ᠷᠠᠳᠢᠣ᠋ ᠲᠧᠯᠸᠢᠰ ᠤᠨ ᠲᠤᠬᠢᠶ᠎ᠠ ᠨᠡᠪᠲᠡᠷᠡᠬᠦᠯᠬᠦ ᠶᠢ ᠪᠡᠶᠡᠯᠡᠬᠦᠯᠪᠡ᠃      ᠬᠢᠯᠢ ᠬᠢᠵᠠᠭᠠᠷ ᠤᠷᠤᠨ ᠤ ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠬᠦ ᠪᠠ ᠷᠠᠳᠢᠣ᠋ ᠲᠧᠯᠸᠢᠰ ᠤᠨ ᠲᠤᠬᠢᠶ᠎ᠠ ᠦᠬᠡᠢ ᠣᠷᠣᠨ ᠳᠤ ᠴᠢᠮᠡᠭᠡ ᠬᠤᠯᠪᠤᠭᠠᠨ ᠤ ᠲᠤᠬᠢᠶ᠎ᠠ ᠶᠢ ᠪᠦᠷᠬᠦᠭᠦᠯᠬᠦ ᠶᠢᠨ ᠲᠥᠯᠥᠭᠡ᠂ 2022 ᠣᠨ ᠠᠴᠠ ᠡᠬᠢᠯᠡᠨ᠂ ᠮᠠᠨ ᠤ ᠠᠶᠢᠮᠠᠭ ᠣᠳᠣ ᠶᠢᠨ ᠪᠠᠶᠢᠭ᠎ᠠ ᠷᠠᠳᠢᠣ᠋ ᠲᠧᠯᠸᠢᠰ ᠤᠨ ᠰᠦᠯᠵᠢᠶ᠎ᠡ ᠶᠢ ᠠᠰᠢᠭᠯᠠᠬᠤ ᠶᠢᠨ ᠬᠠᠮᠲᠦ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠰᠢᠯᠢ ᠶᠢᠨ ᠬᠤᠲᠠ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠤᠯᠠᠭᠠᠢ ᠬᠠᠮᠢᠶᠠᠷᠤᠯᠲᠠ ᠶᠢᠨ ᠣᠷᠣᠨ᠂ ᠡᠷᠢᠶᠡᠨ ᠬᠤᠲᠠ ᠵᠡᠷᠭᠡ 11 ᠮᠠᠯᠵᠢᠬᠤ ᠬᠤᠰᠢᠭᠤ ᠬᠤᠲᠠ ︵ᠤᠷᠤᠨ︶ ᠶᠢᠨ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠤ ᠦᠭᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠵᠦ᠂ ᠨᠡᠶᠢᠲᠡ 62 ᠤᠲᠠᠰᠤ ᠦᠭᠡᠢ ᠭᠤᠣᠯ ᠥᠷᠲᠡᠭᠡ᠂ 392 ᠳᠠᠮᠵᠢᠭᠤᠯᠤᠨ ᠲᠠᠷᠬᠠᠭᠠᠬᠤ ᠥᠷᠲᠡᠭᠡ ᠪᠠᠶᠢᠭᠤᠯᠵᠤ᠂ 876 ᠺᠢᠯᠤᠮᠧᠲᠷ ᠤᠨ ᠭᠡᠷᠡᠯᠯᠢᠭ ᠤᠲᠠᠰᠦ ᠲᠠᠲᠠᠵᠦ᠂ 56 ᠰᠠᠭᠤᠷᠢ ᠥᠷᠲᠡᠭᠡ ᠶᠢᠨ ᠪᠠᠭᠲᠠᠭᠠᠮᠵᠢ ᠶᠢ ᠥᠷᠭᠡᠳᠬᠡᠠ᠂ ᠭᠠᠷ ᠤᠲᠠᠰᠤᠨ ᠤ ᠳᠣᠬᠢᠶ᠎ᠠ  ᠦᠭᠡᠢ ᠣᠷᠣᠨ ᠤ ᠬᠡᠷᠡᠭᠯᠡᠭᠴᠢ ᠳᠤ ᠥᠷᠭᠡᠨ ᠪᠦᠰᠡᠲᠦ ᠰᠦᠯᠵᠢᠶ᠎ᠡ ᠶᠢᠨ ᠪᠦᠷᠬᠦᠭᠦᠯᠭᠦ ᠰᠢᠰᠲ᠋ᠧᠮ ᠢ ᠪᠦᠷᠢᠯᠳᠦᠭᠦᠯᠵᠦ ᠦᠭᠴᠠᠢ᠃      ᠠᠶᠢᠮᠠᠭ ᠤᠨ ᠭᠤᠣᠯᠳᠠᠯᠭ᠎ᠠ ᠲᠠᠢ ᠵᠠᠰᠠᠮᠠᠯ ᠵᠠᠮ ᠳᠠᠭᠠᠤ ᠶᠢᠨ ᠭᠠᠵᠠᠷ ᠤᠷᠤᠨ ᠤ ᠭᠠᠷ ᠤᠲᠠᠰᠤᠨ ᠤ ᠳᠣᠬᠢᠶ᠎ᠠ ᠠᠨᠠᠢ᠂ ᠲᠣᠭᠲᠠᠭᠤᠨ ᠪᠤᠰᠤ᠂ ᠴᠢᠮᠡᠭᠡ ᠬᠤᠯᠪᠣᠭᠠᠨ ᠤ ᠲᠤᠬᠢᠶ᠎ᠠ ᠨᠡᠪᠲᠡᠷᠡᠵᠦ ᠲᠡᠶᠢᠯᠦᠭᠡ ᠦᠬᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ 2022 ᠣᠨ ᠠᠴᠠ ᠨᠠᠭᠠᠰᠢ᠂ ᠮᠠᠨ ᠤ ᠠᠶᠢᠮᠠᠭ ᠤᠯᠤᠰ ᠮᠤᠵᠢ ᠶᠢᠨ ᠵᠠᠰᠠᠮᠠᠯ ᠵᠠᠮ ᠤᠨ ᠭᠤᠣᠯ ᠱᠤᠭᠤᠮ ︵ᠬᠤᠶᠠᠳᠤᠭᠠᠷ ᠳᠡᠰ ᠠᠴᠠ ᠳᠡᠭᠡᠭᠰᠢᠬᠢ︶  ᠤᠨ ᠴᠢᠮᠡᠭᠡ ᠬᠤᠯᠪᠣᠭᠠᠨ ᠤ ᠲᠤᠬᠢᠶ᠎ᠠ ᠦᠬᠡᠢ ᠬᠡᠰᠡᠭ ᠲᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠨᠡᠶᠢᠲᠡ 12413 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠠᠶᠢᠮᠠᠭ ᠤᠨ 19 ᠭᠤᠣᠯ ᠪᠣᠯᠬᠤ ᠵᠠᠰᠠᠮᠠᠯ ᠵᠠᠮ ᠤᠨ ᠭᠤᠣᠯ ᠱᠤᠭᠤᠮ ᠳᠤ 102 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠤ᠂ 60 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠥᠭᠡᠷᠡᠴᠢᠯᠡᠨ ᠪᠠᠶᠢᠭᠤᠯᠵᠤ᠂ ᠵᠠᠮ ᠬᠠᠷᠢᠯᠴᠠᠭᠠᠨ ᠤ ᠱᠤᠭᠤᠮ ᠳᠠᠭᠠᠤ ᠶᠢᠨ ᠴᠢᠮᠡᠭᠡ ᠬᠤᠯᠪᠣᠭᠠᠨ ᠤ ᠲᠤᠬᠢᠶ᠎ᠠ ᠦᠬᠡᠢ ᠨᠡᠶᠢᠲᠡ 129 ᠬᠡᠰᠡᠭ ᠲᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠵᠦ᠂ ᠤᠯᠤᠰ ᠮᠤᠵᠢ ᠶᠢᠨ ᠵᠠᠰᠠᠮᠠᠯ ᠵᠠᠮ ᠤᠨ ᠭᠤᠣᠯ ᠱᠤᠭᠤᠮ ︵ᠬᠤᠶᠠᠳᠤᠭᠠᠷ ᠳᠡᠰ ᠠᠴᠠ ᠳᠡᠭᠡᠭᠰᠢᠬᠢ︶ ᠳᠤ ᠴᠢᠮᠡᠭᠡ ᠬᠤᠯᠪᠣᠭᠠᠨ ᠤ ᠳᠣᠬᠢᠶ᠎ᠠ ᠶᠢ ᠪᠦᠲᠦᠮᠵᠢᠲᠡᠶ ᠪᠦᠷᠬᠦᠭᠦᠯᠪᠡ᠃        
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号