2023 ᠣᠨ ᠳᠤ᠂ ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠣᠭᠤᠯᠤᠯᠲᠠ ᠭᠠᠷᠭᠠᠯᠲᠠ ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠠᠶᠢᠵᠦ᠂ | ᠪᠣᠭᠤᠮᠲᠠ ᠶᠢᠨ ᠪᠦᠷᠢᠳᠬᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2023 ᠣᠨ ᠤ ᠰᠢᠯᠢ ᠶᠢᠨ ᠭᠤᠣᠯ | ᠠᠶᠢᠮᠠᠭ ︵ᠡᠷᠢᠶᠡᠨ ᠬᠤᠳᠠ ᠶᠢ ᠪᠠᠭᠲᠠᠭᠠᠨ᠎ᠠ︶ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠦᠷᠳᠡᠭ 115.6 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠠᠳᠠᠯᠢ | ᠬᠤᠭᠤᠴᠠᠭᠠᠨ ᠤ ᠬᠢ ᠠᠴᠠ 62.6% ᠪᠠᠷ ᠨᠡᠮᠡᠭᠳᠡᠵᠦ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 32.2 ᠵᠠᠭᠤᠨ ᠤ ᠨᠢᠭᠡᠴᠢ ᠦᠨᠳᠦᠷ ᠪᠠᠶᠢᠪᠠ᠃ | ᠰᠢᠯᠢ ᠶᠢᠨ ᠭᠤᠣᠯ ᠠᠶᠢᠮᠠᠭ ᠭᠠᠵᠠᠷ ᠵᠦᠢ ᠪᠠ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠨᠡᠪᠳᠡᠷᠡᠯ ᠵᠠᠮ︾ ᠤᠨ ᠱᠤᠭᠤᠮ ᠢ ᠥᠷᠭᠡᠳᠬᠡᠨ | ᠭᠡᠮᠵᠢᠶ᠎ᠠ ᠶᠢ ᠨᠡᠮᠡᠭᠳᠡᠭᠦᠯᠭᠦ ᠳᠤ ᠦᠢᠯᠡᠴᠢᠯᠡᠪᠡ᠃ 2023 ᠣᠨ ᠳᠤ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ | ᠭᠠᠷᠤᠬᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 3294 ᠪᠠᠶᠢᠵᠤ᠂ ᠪᠠᠷᠠᠭ᠎ᠠ | ᠲᠡᠭᠡᠭᠡᠪᠦᠷᠢᠯᠡᠭᠰᠡᠨ ᠬᠡᠮᠵᠢᠶ᠎ᠡ 335 ᠲᠦᠮᠡᠨ ᠲᠣᠨ ᠳᠤ ᠬᠦᠷᠴᠦ᠂ ᠪᠠᠷᠠᠭᠠᠨ ᠤ ᠦᠷᠳᠡᠭ 513 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 30%᠂ 30.29%᠂ 37. | 39% ᠪᠠᠷ ᠨᠡᠮᠡᠭᠳᠡᠪᠡ᠃ 2013 ᠣᠨ ᠳᠤ ︽ᠷᠦᠩ ᠧᠦ︾ ᠠᠩᠬᠠᠳᠠᠭᠴᠢ ᠵᠢᠰᠢᠶᠠᠨ ᠤ ᠴᠤᠪᠤᠭ᠎ᠠ ᠲᠡᠷᠭᠡ | ᠨᠡᠪᠲᠡᠷᠡᠭᠰᠡᠨ ᠠᠴᠠ ᠨᠠᠭᠠᠰᠢ᠂ ᠵᠢᠰᠢᠶᠠᠨ ᠤ ᠴᠤᠪᠤᠭ᠎ᠠ ᠲᠡᠷᠭᠡᠨ ᠤ ᠱᠤᠭᠤᠮ 2 ᠵᠤᠷᠪᠤᠰ ᠪᠠᠶᠢᠭᠰᠠᠨ ᠠᠴᠠ ᠪᠠᠨ | ᠨᠡᠮᠡᠭᠳᠡᠭᠡᠳ 70 ᠵᠤᠷᠪᠤᠰ ᠪᠣᠯᠵᠤ᠂ ᠬᠠᠮᠤᠭ ᠤᠨ ᠠᠩᠬ᠎ᠠ ᠭᠠᠷ ᠤᠲᠠᠰᠤ᠂ ᠺᠣᠮᠫᠢᠦ᠋ᠲ᠋ᠧᠷ ᠵᠡᠷᠭᠡ IT | ᠪᠦᠳᠦᠭᠡᠭᠳᠡᠭᠦᠨ ᠢ ᠲᠡᠭᠡᠭᠡᠪᠦᠷᠢᠯᠡᠵᠦ ᠪᠠᠶᠢᠬᠰᠠᠨ ᠠᠴᠠ ᠪᠠᠨ ᠠᠭᠠᠵᠢᠮ ᠢᠶᠠᠷ ᠮᠠᠰᠢᠨ ᠲᠡᠷᠭᠡ ᠵᠢᠴᠢ ᠰᠡᠯᠪᠢᠭ ᠲᠣᠨᠤᠭ᠂ | ᠮᠠᠰᠢᠨ ᠴᠠᠬᠢᠯᠭᠠᠨ ᠮᠠᠰᠢᠨ ᠲᠥᠬᠦᠭᠡᠷᠦᠮᠵᠢ᠂ ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠢ | ᠵᠦᠢᠯ ᠢ ᠲᠡᠭᠡᠭᠡᠪᠦᠷᠢᠯᠡᠭᠦ ᠪᠤᠯᠵᠠᠢ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠥᠨᠳᠥᠷ | ᠪᠦᠲᠦᠮᠵᠢᠲᠡᠶ ᠰᠠᠭᠠᠳ ᠦᠭᠡᠢ ᠠᠵᠢᠯᠯᠠᠬᠤ ᠶᠢ ᠪᠠᠲᠤᠯᠠᠬᠤ ᠶᠠᠪᠤᠴᠠ ᠳᠤ᠂ ᠡᠷᠢᠶᠡᠨ ᠪᠣᠭᠤᠮᠲᠠ ᠶᠢᠨ ᠬᠢᠨ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠪᠠᠨ ᠭᠦᠨᠵᠡᠭᠡᠶᠢᠷᠡᠭᠦᠯᠵᠦ᠂ ︽ᠥᠷᠲᠡᠭᠡᠨ ᠳᠤ ᠬᠦᠷᠴᠦ ᠰᠢᠭᠤᠳ | ᠲᠡᠭᠡᠭᠡᠪᠦᠷᠢᠯᠡᠭᠦ︾ ᠪᠠᠷᠠᠭᠠᠨ ᠤ ᠭᠦᠢᠯᠭᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ 7 × 24 ᠴᠠᠭ ᠤᠨ | ᠤᠷᠢᠳᠴᠢᠯᠠᠨ ᠪᠤᠯᠵᠤᠬᠤ ᠲᠣᠭᠲᠠᠴᠠ ᠶᠢ ᠭᠡᠷᠡᠭᠵᠢᠭᠦᠯᠦᠨ᠂ ᠠᠯᠤᠰ ᠡᠵᠡᠮᠰᠢᠯᠳᠦ ᠸᠢᠳᠢᠤ᠋ ᠪᠠᠷ ᠬᠠᠪᠰᠤᠷᠤᠨ | ᠪᠠᠶᠢᠴᠠᠭᠠᠨ ᠰᠢᠯᠭᠠᠬᠤ᠂ ᠨᠡᠭᠦᠳᠡᠯ ᠠᠷᠭ᠎ᠠ ᠪᠠᠷ ᠪᠠᠶᠢᠴᠠᠭᠠᠨ ᠰᠢᠯᠭᠠᠬᠤ ᠵᠡᠷᠭᠡ ᠬᠡᠯᠪᠡᠷᠢ ᠶᠢ ᠢᠳᠡᠪᠬᠢᠳᠠᠢ ᠭᠡᠷᠡᠭᠯᠡᠵᠦ᠂ | ᠪᠣᠭᠤᠮᠲᠠ ᠪᠠᠷ ᠥᠩᠭᠡᠷᠡᠬᠦ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ᠂ ᠵᠡᠭᠦᠨ ᠬᠠᠲᠠᠪᠴᠢ ᠪᠣᠭᠤᠮᠲᠠ ᠶᠢᠨ | ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 260.38 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ 21.48 ᠳᠠᠬᠢᠨ ᠪᠠᠶᠢᠵᠦ᠂ ᠡᠭᠦᠨ ᠳᠤ ᠭᠠᠳᠠᠭᠠᠳᠤ ᠠᠴᠠ | ᠣᠷᠣᠭᠤᠯᠤᠭᠰᠠᠨ ᠨᠢ 257.29 ᠲᠦᠮᠡᠨ ᠲᠣᠨ᠂ ᠠᠳᠠᠯᠢ ᠬᠤᠭᠤᠴᠠᠭᠠᠨ ᠤ 24.9 ᠳᠠᠬᠢᠨ᠂ ᠭᠠᠳᠠᠭᠠᠳᠤ ᠳᠤ | ᠭᠠᠷᠭᠠᠭᠰᠠᠨ ᠨᠢ 3.09 ᠲᠦᠮᠡᠨ ᠲᠣᠨ᠂ ᠠᠳᠠᠯᠢ ᠬᠤᠭᠤᠴᠠᠭᠠᠨ ᠤ 1.73 ᠳᠠᠬᠢᠨ ᠪᠠᠶᠢᠪᠠ᠃ | ᠪᠣᠭᠤᠮᠲᠠ ᠪᠠᠷ ᠪᠠᠷᠠᠭ᠎ᠠ ᠶᠢ ᠤᠷᠤᠭᠰᠢᠲᠠᠢ ᠦᠡᠭᠭᠡᠷᠡᠭᠦᠯᠭᠦ ᠶᠢ ᠪᠠᠲᠤᠯᠠᠬᠤ ᠶᠢᠨ ᠲᠥᠯᠥᠭᠡ᠂ ᠵᠡᠭᠦᠨ | ᠦᠵᠦᠮᠦᠴᠢᠨ ᠤ ᠪᠣᠭᠤᠮᠲᠠ ᠶᠢᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠭᠤᠮᠲᠠ | ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠣᠯᠠᠨ ᠵᠦᠢᠯ ᠤᠨ ᠬᠡᠯᠪᠡᠷᠢ ᠪᠠᠷ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠦᠨ᠂ ᠠᠰᠠᠭᠤᠳᠠᠯ ᠢ ᠴᠠᠭ ᠲᠤᠬᠠᠢ ᠳᠤᠨᠢ ᠲᠤᠰᠬᠠᠬᠤ᠂ | ᠠᠰᠠᠭᠤᠳᠠᠯ ᠢ ᠨᠢᠭᠡᠳᠦᠭᠡᠷ ᠹᠷᠣᠨᠲ ᠲᠤ ᠰᠶᠢᠳᠪᠦᠷᠢᠯᠡᠬᠦ ᠶᠢ ᠴᠢᠷᠮᠠᠶᠢᠨ ᠪᠡᠶᠡᠯᠡᠭᠦᠯᠪᠡ᠃ | ᠵᠡᠭᠦᠨ ᠦᠵᠦᠮᠦᠴᠢᠨ ᠪᠣᠭᠤᠮᠲᠠ ︽ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ︾ ᠪᠠᠷᠠᠭᠠᠨ ᠤ ᠰᠢᠨ᠎ᠠ | ᠲᠡᠭᠡᠭᠡᠪᠦᠷᠢ ᠶᠢᠨ ᠵᠠᠮ ᠵᠢᠴᠢ H986 ᠪᠠᠷᠠᠭᠠᠨ ᠤ ᠲᠡᠭᠡᠭᠡᠪᠦᠷᠢ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠵᠠᠰᠠᠮᠠᠯ ᠵᠠᠮ ᠲᠡᠮᠦᠷ ᠵᠠᠮ ᠤᠨ ᠬᠤᠯᠪᠤᠭᠠᠯᠠᠨ | ᠲᠡᠭᠡᠭᠡᠪᠦᠷᠢᠯᠡᠬᠦ ᠲᠣᠭᠲᠠᠴᠠ ᠬᠢᠭᠡᠳ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠲᠥᠯᠥᠪᠯᠡᠵᠦ᠂ ︽ᠤᠷᠢᠳᠴᠢᠯᠠᠨ ᠮᠡᠳᠡᠭᠦᠯᠬᠦ + ᠲᠦᠷᠭᠡᠨ ᠣᠷᠣᠭᠤᠯᠵᠤ ᠲᠦᠷᠭᠡᠨ | ᠮᠡᠳᠡᠭᠦᠯᠬᠦ + ᠳᠠᠷᠦ᠋ᠢᠬᠠᠨ ᠮᠡᠳᠡᠭᠦᠯᠵᠦ ᠳᠠᠷᠦ᠋ᠢᠬᠠᠨ ᠪᠠᠶᠢᠴᠠᠭᠠᠬᠤ︾ ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ | ᠵᠠᠭᠪᠤᠷ ᠢ ᠬᠡᠷᠡᠭᠵᠢᠭᠦᠯᠦᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠷᠥᠯ ᠵᠦᠢᠯ ᠢ | ᠦᠷᠭᠦᠯᠵᠢᠯᠡᠨ ᠪᠠᠶᠠᠯᠢᠭᠵᠢᠭᠤᠯᠤᠨ᠂ ᠭᠠᠳᠠᠭᠠᠳᠤ ᠡᠴᠡᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢᠨ ᠲᠣᠭᠲᠠᠭᠤᠨ ᠨᠡᠮᠡᠭᠳᠡᠯ ᠢ ᠪᠠᠳᠤᠯᠠᠪᠠ᠃ |