ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠢᠳᠤᠨᠤᠨ | ᠵᠢᠯ ᠤᠨ ᠰᠡᠭᠦᠯᠴᠢ ᠳᠤ᠂ ᠮᠠᠨ ᠤ ᠠᠶᠢᠮᠠᠭ ᠪᠦᠬᠦ ᠣᠷᠣᠨ ᠳᠤ ᠳᠦᠷᠦᠭᠦᠯᠡᠨ ᠪᠦᠬᠦ ᠠᠶᠢᠮᠠᠭ ᠤᠨ ᠭᠡᠷ ᠪᠠᠶᠢᠰᠢᠩ | ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ | ᠠᠰᠠᠭᠤᠳᠠᠯ ᠢ ᠰᠶᠢᠳᠪᠦᠷᠢᠯᠡᠪᠡ᠃ 2018 ᠣᠨ ᠳᠤ ᠮᠠᠨ ᠤ ᠠᠶᠢᠮᠠᠭ ᠭᠡᠷ ᠪᠠᠶᠢᠰᠢᠩ ᠭᠠᠵᠠᠷ ᠬᠥᠷᠥᠩᠭᠡ ᠶᠢᠨ | ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ | ᠡᠬᠢᠯᠡᠨ ᠰᠶᠢᠳᠪᠦᠷᠢᠯᠡᠭᠰᠡᠨ ᠠᠴᠠ ᠨᠠᠭᠠᠰᠢ᠂ ᠪᠥᠬᠦ ᠠᠶᠢᠮᠠᠭ ᠤᠨ ᠬᠢᠨ ᠲᠡᠦᠬᠡᠨ ᠠᠴᠠ ᠦᠯᠡᠳᠡᠭᠳᠡᠵᠦ ᠢᠷᠡᠭᠰᠡᠨ | ᠣᠷᠣᠨ ᠰᠠᠭᠤᠴᠠ ᠶᠢᠨ ᠲᠥᠷᠥᠯ ᠵᠦᠢᠯ ᠢ ᠨᠡᠶᠢᠲᠡ 73530 ᠶᠢ ᠪᠠᠶᠢᠴᠠᠭᠠᠨ ᠭᠠᠷᠭᠠᠵᠤ᠂ ᠨᠢᠭᠡᠨᠲᠡ | 67949 ᠶᠢ ᠨᠢ ᠰᠶᠢᠳᠪᠦᠷᠢᠯᠡᠵᠦ᠂ ᠪᠡᠶᠡᠯᠡᠭᠦᠯᠦᠭᠰᠡᠨ ᠨᠣᠷᠮ᠎ᠠ ᠨᠢ 92.4% ᠳᠤ ᠬᠥᠷᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ | ᠥᠭᠡᠷᠡᠴᠢᠯᠡᠯᠲᠡ ᠵᠡᠷᠭᠡ ᠬᠤᠯᠪᠤᠬᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠲᠥᠷᠥᠯ ᠵᠦᠢᠯ ᠤᠨ | ᠰᠢᠨᠵᠢ ᠴᠢᠨᠠᠷ ᠢ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ᠂ ᠭᠠᠷ ᠭᠦᠢᠴᠡᠳᠬᠡᠯ ᠨᠢ ᠪᠦᠷᠢᠨ ᠪᠤᠰᠤ ᠵᠡᠷᠭᠡ | ᠠᠰᠠᠭᠤᠳᠠᠯ ᠢ ᠰᠶᠢᠳᠪᠦᠷᠢᠯᠡᠵᠦ᠂ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠭᠡᠷ ᠪᠠᠶᠢᠰᠢᠩ ᠭᠠᠵᠠᠷ | ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠠᠰᠠᠭᠤᠳᠠᠯ ᠢ ᠰᠶᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾ ︽ᠰᠢᠯᠢ ᠶᠢᠨ ᠭᠤᠣᠯ | ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠦᠨᠡᠮᠯᠡᠯ ᠠᠪᠬᠤ ᠳᠤ | ᠬᠦᠴᠢᠷᠲᠡᠢ ᠠᠰᠠᠭᠤᠳᠠᠯ ᠢ ᠰᠶᠢᠳᠪᠦᠷᠢᠯᠡᠬᠦ ᠬᠡᠷᠡᠭᠵᠢᠭᠦᠯᠬᠦ ᠲᠥᠰᠥᠯ︾ ᠵᠡᠷᠭᠡ ᠶᠢ ᠵᠠᠯᠭᠠᠭ᠎ᠠ ᠪᠠᠷ ᠲᠣᠭᠲᠠᠭᠠᠨ | ᠳᠠᠷᠤᠮᠠᠯᠯᠠᠨ ᠲᠠᠷᠬᠠᠭᠠᠵᠦ᠂ ᠵᠦᠢᠯ ᠵᠤᠷᠪᠤᠰ ᠳᠠᠷᠠᠭᠠᠯᠠᠨ ᠪᠠᠶᠢᠳᠠᠯ ᠢ ᠣᠶᠢᠯᠠᠭᠠᠬᠤ ᠶᠢᠨ ᠬᠠᠮᠲᠤ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠳᠤ ᠴᠢᠭᠯᠡᠭᠦᠯᠦᠨ᠂ ᠳᠤᠲᠠᠭᠤ ᠶᠢ ᠭᠥᠯᠢᠶᠡᠨ ᠠᠪᠴᠤ ᠰᠶᠢᠳᠪᠦᠷᠢᠯᠡᠬᠦ ᠵᠡᠷᠭᠡ | ᠣᠯᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠠᠪᠴᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ | ᠵᠦᠢᠯ ᠤᠨ ᠭᠠᠷ ᠭᠦᠢᠴᠡᠳᠬᠡᠯ ᠨᠢ ᠪᠦᠷᠢᠨ ᠪᠤᠰᠤ ᠪᠠᠶᠢᠬᠤ ᠠᠰᠠᠭᠤᠳᠠᠯ ᠢ ᠰᠶᠢᠳᠪᠦᠷᠢᠯᠡᠵᠠᠢ᠃ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠲᠦᠭᠵᠢᠷᠡᠯ ᠤᠨ | ᠠᠰᠠᠭᠤᠳᠠᠯ᠂ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠶᠢᠳᠪᠦᠷᠢᠯᠡᠬᠦ ᠶᠢᠨ ᠬᠠᠮᠲᠤ ᠨᠡᠭᠡᠭᠡᠨ | ᠬᠥᠭᠵᠢᠭᠦᠯᠦᠯᠲᠠ ᠶᠢᠨ ᠠᠵᠤ ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠤᠬᠰᠠᠨ ᠤᠯᠠᠨ ᠲᠦᠮᠡᠨ ᠲᠠᠢ | ᠶᠠᠷᠢᠯᠴᠠᠵᠤ᠂ ᠰᠶᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠴᠤ᠂ ᠠᠰᠠᠭᠤᠳᠠᠯ ᠤᠨ ᠡᠬᠡ ᠲᠠᠩᠰᠠ ᠶᠢ ᠭᠠᠷᠭᠠᠵᠦ᠂ | ᠦᠯᠡᠳᠡᠭᠳᠡᠯ ᠲᠦᠷᠦᠯ ᠵᠦᠢᠯ ᠢ ᠰᠶᠢᠳᠪᠦᠷᠢᠯᠡᠬᠦ ᠠᠬᠢᠴᠠ ᠶᠢ ᠲᠦᠷᠭᠡᠳᠬᠡᠪᠡ᠃ ᠪᠥᠬᠦ ᠠᠶᠢᠮᠠᠭ ᠤᠨ ᠡᠯ᠎ᠡ ᠬᠤᠰᠢᠭᠤ | ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠰᠢᠭᠤᠳ ᠬᠠᠷᠢᠶ᠎ᠠ | ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠤᠶᠢᠮ᠎ᠠ | ᠵᠥᠷᠢᠴᠡᠯ ᠠᠰᠠᠭᠤᠳᠠᠯ ᠢ ᠰᠶᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠭᠤᠷᠪᠠᠨ | ᠬᠦᠴᠢᠷ︾᠂ ᠨᠢᠭᠡ ᠭᠡᠷ ᠪᠠᠶᠢᠰᠢᠩ ᠢ ᠣᠯᠠᠨ ᠬᠤᠳᠠᠯᠳᠤᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ | ᠬᠤᠯᠪᠣᠭᠳᠠᠬᠤ᠂ ᠰᠠᠭᠤᠷᠢ ᠲᠦᠬᠦᠭᠡᠷᠦᠮᠵᠢ ᠲᠡᠭᠦᠯᠳᠡᠷ ᠪᠤᠰᠤ ᠵᠡᠷᠭᠡ ᠡᠯ᠎ᠡ ᠲᠥᠷᠥᠯ ᠤᠨ ᠵᠥᠷᠢᠴᠡᠯ ᠠᠰᠠᠭᠤᠳᠠᠯ ᠢ | ᠰᠢᠰᠲ᠋ᠧᠮ ᠲᠠᠢ ᠰᠶᠢᠳᠪᠦᠷᠢᠯᠡᠵᠠᠢ᠃ | ᠮᠠᠨ ᠤ ᠠᠶᠢᠮᠠᠭ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠬᠢᠭᠤᠯᠬᠤ ᠲᠣᠭᠲᠠᠴᠠ ᠶᠢ | ᠪᠦᠷᠢᠨᠰᠢᠭᠦᠯᠦᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠣᠷᠣᠰᠢᠵᠤ ᠪᠠᠶᠢᠭ᠎ᠠ ᠭᠡᠷ ᠪᠠᠶᠢᠰᠢᠩ ᠭᠠᠵᠠᠷ | ᠬᠥᠷᠥᠩᠭᠡ ᠶᠢᠨ ᠲᠥᠷᠥᠯ ᠵᠦᠢᠯ ᠤᠨ ᠭᠠᠷ ᠭᠦᠢᠴᠡᠳᠬᠡᠯ ᠢ ᠪᠦᠷᠢᠨᠰᠢᠭᠦᠯᠬᠦ᠂ ᠤᠷᠢᠳᠴᠢᠯᠠᠨ ᠬᠤᠳᠠᠯᠳᠤᠬᠤ ᠶᠢ ᠬᠢᠨᠠᠨ | ᠵᠥᠪᠰᠢᠶᠡᠷᠡᠬᠦ᠂ ᠪᠠᠷᠢᠯᠭ᠎ᠠ ᠶᠢᠨ ᠠᠬᠢᠴᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ᠂ ᠪᠡᠯᠡ | ᠮᠥᠩᠭᠦ ᠶᠢᠨ ᠬᠡᠷᠡᠭᠯᠡᠯᠲᠡ ᠵᠡᠷᠭᠡ ᠪᠣᠶ ᠪᠦᠬᠦᠢ ᠭᠤᠭᠴᠤᠭ᠎ᠠ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠡᠵᠡᠩᠨᠡᠯᠲᠡ ᠶᠢᠨ ᠪᠠᠶᠢᠳᠠᠯ ᠪᠠ ᠠᠶᠤᠯ ᠲᠦᠭᠰᠢᠭᠦᠷᠢ ᠶᠢ ᠨᠢᠭᠡᠳ ᠨᠢᠭᠡ ᠪᠠᠷ ᠵᠢᠭᠰᠠᠭᠠᠨ | ᠪᠠᠶᠢᠴᠠᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠱᠠᠯᠠᠪᠳᠠᠭᠤᠯᠪᠠ᠃ | 2022 ᠣᠨ ᠳᠤ᠂ ᠮᠠᠨ ᠤ ᠠᠶᠢᠮᠠᠭ ︽︿ᠰᠢᠯᠢ ᠶᠢᠨ ᠭᠤᠣᠯ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠭᠡᠷ ᠪᠠᠶᠢᠰᠢᠩ ᠤᠨ ︿ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ﹀ ᠶᠢ | ᠠᠬᠢᠭᠤᠯᠬᠤ ᠲᠤᠷᠰᠢᠯᠲᠠ ᠶᠢᠨ ᠲᠥᠰᠥᠯ﹀ ᠢ ᠳᠠᠷᠤᠮᠠᠯᠯᠠᠨᠲ᠋ᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠬᠦᠯᠬᠦ᠂ ᠪᠥᠬᠦ ᠲᠠᠯ᠎ᠠ ᠪᠠᠷ ᠠᠬᠢᠭᠤᠯᠬᠤ ᠠᠷᠭ᠎ᠠ | ᠮᠠᠶ᠋ᠢᠭ ᠢᠶᠠᠷ ︽ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠠᠵᠢᠯ ᠢ ᠥᠷᠨᠢᠭᠦᠯᠪᠡ︔ | 2023 ᠣᠨ ᠳᠤ᠂ ᠪᠥᠬᠦ ᠠᠶᠢᠮᠠᠭ ᠤᠨ ᠬᠡᠪᠴᠢᠶᠡᠨ ᠳᠤ ︽ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ | ᠤᠯᠭᠤᠬᠤ︾ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠪᠥᠬᠦ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠪᠤᠶᠤ | ᠪᠠᠶᠢᠭᠤᠯᠵᠤ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠴᠥᠮ ︽ | ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠬᠡᠪᠴᠢᠶᠡᠨ ᠳᠤ ᠣᠷᠣᠭᠤᠯᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ | ᠦᠨᠳᠦᠰᠦᠨ ᠠᠴᠠ ᠨᠢ ᠰᠶᠢᠳᠪᠦᠷᠢᠯᠡᠵᠠᠢ᠃ |