ᠵᠠᠩ ᠪᠠᠢ ᠴᠧᠩ ᠳᠤᠮᠳᠠᠳᠤ ᠤᠯᠤᠰ ᠤᠨ ᠴᠢᠯᠠᠭᠤᠨ ᠲᠤᠰᠤᠨ ᠤ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠣᠮᠫᠠᠨᠢ ᠶᠢᠨ ᠬᠢᠨ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠳᠤᠮᠳᠠᠳᠤ ᠤᠯᠤᠰ ᠤᠨ ᠴᠢᠯᠠᠭᠤᠨ ᠲᠤᠰᠤᠨ ᠤ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠭᠦᠢᠴᠡᠳᠭᠡᠬᠦ ᠬᠡᠷᠡᠭ ᠮᠡᠳᠡᠭᠴᠢ ᠶᠠᠩ  ᠵᠢᠶᠧ ᠨᠠᠷ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠤᠯᠪᠤᠬᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠵᠠᠩ ᠪᠠᠢ ᠴᠧᠩ ᠵᠢᠭᠠᠬᠤ ᠳᠠᠭᠠᠨ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠥᠪᠥᠷ ᠮᠣᠩᠭᠤᠯ ᠤᠨ ᠪᠣᠷᠤᠯᠠᠭᠤᠯᠭ᠎ᠠ ᠎ ᠶᠢᠨ ᠺᠣᠮᠫᠠᠨᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠭᠡᠷ ᠢᠷᠡᠵᠡᠶ᠃ ᠳᠤᠮᠳᠠᠳᠤ ᠤᠯᠤᠰ ᠤᠨ ᠴᠢᠯᠠᠭᠤᠨ ᠲᠤᠰᠤᠨ ᠤ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠺᠣᠮᠫᠠᠨᠢ ᠶᠢᠨ ᠬᠢᠨ ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠯᠢ ᠶᠢᠨ ᠭᠤᠣᠯ ᠠᠶᠢᠮᠠᠭ ᠯᠤᠭ᠎ᠠ ᠶᠢᠨ ᠵᠣᠯᠭᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠣᠯᠣᠨ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠵᠡᠷᠭᠡ ᠬᠦᠷᠢᠶᠡᠨ ᠳᠤ ᠨᠡᠩ ᠤᠯᠠᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠲᠠᠰᠤᠷᠠᠯᠲᠠ ᠦᠭᠡᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠠᠢ᠃      ᠶᠠᠩ ᠵᠢᠶᠧ ᠢᠯᠡᠷᠬᠡᠶᠢᠯᠡᠬᠦ ᠎ ᠳᠡᠭᠡᠨ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠬᠠᠷᠢᠯᠴᠠᠭ᠎ᠠ ᠪᠠᠨ ᠦᠷᠭᠦᠯᠵᠢᠯᠡᠨ  ᠴᠢᠩᠭᠠᠳᠬᠠᠵᠤ᠂ ᠬᠠᠮᠲᠤᠷᠠᠯᠴᠠᠭᠠᠨ ᠤ ᠶᠠᠪᠤᠳᠠᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠠᠢ᠃      ᠠᠶᠢᠮᠠᠭ ᠤᠨ ᠳᠡᠳ᠋ ᠳᠠᠷᠤᠭ᠎ᠠ ᠶᠠᠩ ᠯᠢ ᠶᠠᠷᠢᠯᠴᠠᠬᠤ ᠬᠤᠷᠠᠯ ᠳᠤ ᠣᠷᠣᠯᠴᠠᠪᠠ᠃                                               ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号