ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/14
     ᠦᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃      ᠣᠶᠢᠯᠠᠭᠠᠭᠰᠠᠨ ᠢᠶᠠᠷ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠬᠤ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢᠭᠡᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠶᠢᠵᠦ᠂ ᠮᠥᠨ ᠴᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠪᠣᠳᠠᠲᠠᠢ ᠠᠵᠢᠯᠯᠠᠭ᠎ᠠ ᠪᠠᠶᠢᠵᠦ᠂ ᠮᠠᠨ ᠤ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠪᠥᠬᠦ ᠲᠠᠯ᠎ᠠ ᠪᠠᠷ ᠠᠭᠤᠰᠤᠯᠴᠠᠨ ᠬᠥᠭᠵᠢᠬᠦ ᠰᠢᠨ᠎ᠡ ᠴᠠᠭ ᠦᠶ᠎ᠡ ᠳᠤ ᠣᠷᠣᠭᠰᠠᠨ ᠢ ᠬᠠᠷᠠᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ︽ᠨᠢᠭᠡ ᠰᠦᠯᠵᠢᠶ᠎ᠡ ᠪᠠᠷ ᠬᠠᠮᠵᠢᠯᠴᠠᠬᠤ︾ ᠥᠭᠡᠷᠡᠴᠢᠯᠡᠯᠲᠡ ᠶᠢ ᠤᠯᠠᠮ ᠠᠬᠢᠭᠤᠯᠵᠤ᠂ ᠮᠠᠨ ᠤ ᠠᠶᠢᠮᠠᠭ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠨᠠᠶᠢᠳᠠᠪᠤᠷᠢᠵᠢᠭᠤᠯᠬᠤ ᠳᠤ ᠬᠦᠴᠦᠲᠡᠢ ᠬᠥᠳᠡᠯᠭᠡᠬᠦ ᠬᠦᠴᠦᠨ ᠬᠠᠩᠭᠠᠬᠤ ᠪᠤᠯᠤᠨ᠎ᠠ᠃                                                ᠣᠷᠴᠢᠭᠤᠯᠣᠭᠴᠢ᠄ ᠣᠶᠣᠩᠬᠤᠸᠠᠷ  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号