ᠨᠢᠳᠤᠨᠤᠨ ᠠᠴᠠ ᠨᠠᠭᠠᠰᠢ᠂ ᠮᠠᠯ ᠤᠨ ᠦᠨ᠎ᠡ ᠬᠠᠩᠰᠢ ᠶᠢᠨ ᠪᠠᠭᠤᠷᠠᠯᠳᠠ ᠨᠢ ᠮᠠᠯᠴᠢᠳ ᠤᠨ ᠤᠷᠤᠯᠭ᠎ᠠ ᠶᠢ | ᠨᠦᠯᠦᠭᠡᠯᠡᠭᠰᠡᠨ ᠪᠤᠯᠪᠠᠴᠤ ᠰᠢᠯᠤᠭᠤᠨ ᠬᠦᠬᠡ ᠬᠤᠰᠢᠭᠤᠨ ᠤ ᠰᠠᠶᠢᠨᠬᠤᠳᠳᠤᠭ ᠰᠤᠮᠤᠨ ᠤ ᠨᠠᠷᠠᠰᠤᠳᠤ ᠭᠠᠴᠠᠭᠠᠨ ᠤ | 16 ᠮᠠᠯᠵᠢᠬᠤ ᠡᠷᠦᠬᠡ ᠨᠢ 198 ᠬᠤᠨᠢ ᠪᠤᠯᠤᠨ 32 ᠦᠬᠡᠷ ᠢᠶᠠᠨ ᠺᠤᠮᠫᠠᠨᠢ ᠳᠤ ᠪᠤᠷᠤᠯᠠᠭᠤᠯᠵᠦ᠂ ᠪᠤᠰᠤᠳ | ᠭᠠᠵᠠᠷ ᠬᠤᠳᠠᠯᠳᠤᠭᠰᠠᠨ ᠠᠴᠠ ᠢᠯᠡᠭᠦᠦ 60000 ᠲᠦᠭᠦᠷᠢᠭ ᠤᠨ ᠤᠷᠤᠯᠭ᠎ᠠ ᠤᠯᠵᠠᠢ᠃ ︽ᠺᠤᠮᠫᠠᠨᠢ ᠳᠤ | ᠬᠤᠳᠠᠯᠳᠤᠭᠰᠠᠨ ᠠᠴᠠ ᠦᠬᠡᠷ ᠬᠤᠨᠢᠨ ᠤ ᠦᠨ᠎ᠡ ᠦᠨᠳᠦᠷ ᠮᠦᠷᠳᠡᠭᠡᠨ ᠺᠤᠮᠫᠠᠨᠢ ᠪᠠᠰᠠ ᠨᠢᠭᠡᠳᠦᠯᠳᠡᠢ | ᠲᠡᠭᠡᠭᠡᠪᠦᠷᠢᠯᠡᠵᠤ ᠮᠠᠯᠴᠢᠳ ᠤᠨ ᠲᠡᠭᠡᠭᠡᠪᠦᠷᠢ ᠶᠢᠨ ᠮᠦᠩᠬᠦ ᠶᠢ ᠴᠤ ᠠᠷᠪᠢᠯᠠᠪᠠ᠃ ᠬᠤᠶᠢᠰᠢᠳᠠ ᠺᠤᠮᠫᠠᠨᠢ ᠶᠢᠨ | ᠡᠵᠡᠩᠨᠡᠯᠳᠡ ᠰᠠᠶᠢᠨ ᠪᠤᠯ᠂ ᠮᠠᠯᠴᠢᠳ ᠦᠬᠡᠷ ᠬᠤᠨᠢ ᠪᠠᠨ ᠪᠤᠷᠤᠯᠠᠭᠤᠯᠬᠤ ᠳᠤ ᠵᠠᠬ᠎ᠠ ᠲᠡᠯᠭᠡᠭᠦᠷ ᠤᠨ ᠨᠦᠯᠦᠭᠡ ᠶᠢ | ᠶᠡᠭᠡ ᠬᠦᠷᠳᠡᠬᠦ ᠦᠭᠡᠢ ᠮᠦᠷᠳᠡᠭᠡᠨ ᠭᠡᠷ ᠤᠨ ᠡᠭᠦᠳᠡᠨ ᠠᠴᠠ ᠪᠠᠨ ᠮᠠᠯ ᠢᠶᠠᠨ ᠦᠨᠳᠦᠷ ᠦᠨ᠎ᠡ ᠪᠠᠷ ᠬᠤᠳᠠᠯᠳᠤᠵᠤ | ᠲᠡᠶᠢᠯᠦᠨ᠎ᠡ︾ ᠭᠡᠵᠤ ᠲᠤᠰ ᠭᠠᠴᠠᠭᠠᠨ ᠤ ᠮᠠᠯᠴᠢᠨ ᠵᠢᠪᠬᠤᠯᠠᠩ ᠶᠠᠷᠢᠨ᠎ᠠ᠃ | ᠮᠠᠯᠴᠢᠨ ᠵᠢᠪᠬᠤᠯᠠᠩ ᠤᠨ ᠬᠡᠯᠡᠵᠤ ᠪᠠᠶᠢᠭ᠎ᠠ ᠺᠤᠮᠫᠠᠨᠢ ᠪᠤᠯ ᠰᠠᠶᠢᠨᠬᠤᠳᠳᠤᠭ ᠰᠤᠮᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠠᠴᠠ ᠲᠤᠯᠤᠭᠠᠶᠢᠯᠠᠨ᠂ ᠪᠦᠬᠦ ᠰᠤᠮᠤᠨ ᠤ 12 ᠭᠠᠴᠠᠭ᠎ᠠ ᠶᠢᠨ ᠬᠠᠮᠳᠤ ᠶᠢᠨ ᠠᠵᠤ ᠠᠬᠤᠢ ᠶᠢᠨ | ᠬᠤᠷᠠᠮᠳᠤᠯ ᠢ ᠨᠢᠭᠡᠳᠦᠯᠳᠡᠢ ᠲᠦᠯᠦᠪᠵᠢᠬᠦᠯᠦᠨ᠂ ᠠᠮᠢᠳᠤ ᠮᠠᠯ ᠬᠤᠳᠠᠯᠳᠤᠨ ᠠᠪᠴᠤ ᠪᠤᠷᠤᠯᠠᠭᠤᠯᠬᠤ᠂ ᠠᠯᠠᠵᠤ | ᠨᠢᠳᠦᠯᠤᠨ ᠡᠳ᠋ᠰᠢᠬᠦᠯᠬᠦ᠂ ᠪᠤᠷᠤᠯᠠᠭᠤᠯᠬᠤ ᠪᠠ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠶᠢ ᠨᠢᠭᠡ | ᠴᠤᠭᠴᠠᠵᠢᠭᠤᠯᠤᠨ ᠪᠠᠶᠢᠭᠤᠯᠤᠭᠰᠠᠨ ︽ᠦᠪᠦᠷ ᠮᠤᠩᠭᠤᠯ ᠤᠨ ᠰᠠᠶᠢᠨ ᠲᠠᠷᠢᠶᠠᠯᠠᠩ ᠮᠠᠯ ᠠᠵᠤ ᠠᠬᠤᠢ ᠶᠢᠨ | ᠬᠢᠵᠠᠭᠠᠷᠳᠤ ᠺᠤᠮᠫᠠᠨᠢ︾ ᠪᠤᠯᠤᠨ᠎ᠠ᠃ ᠲᠡᠳᠡ ᠬᠤᠨᠢ ᠪᠦᠷᠢ ᠶᠢ ᠵᠠᠬ᠎ᠠ ᠲᠡᠯᠭᠡᠭᠦᠷ ᠤᠨ ᠦᠨ᠎ᠡ ᠠᠴᠠ 60 — | 100 ᠲᠦᠭᠦᠷᠢᠭ ᠦᠨᠳᠦᠷ᠂ ᠦᠬᠡᠷ ᠪᠦᠷᠢ ᠶᠢ 800 — 1500 ᠲᠦᠭᠦᠷᠢᠭ ᠦᠨᠳᠦᠷ ᠦᠨ᠎ᠡ ᠪᠠᠷ | ᠮᠠᠯᠴᠢᠳ ᠠᠴᠠ ᠬᠤᠳᠠᠯᠳᠤᠨ ᠠᠪᠴᠤ᠂ ᠡᠳ᠋ᠰᠢᠬᠦᠯᠦᠨ ᠪᠤᠯᠪᠠᠰᠤᠷᠠᠭᠤᠯᠵᠤ ᠪᠤᠷᠤᠯᠠᠭᠤᠯᠪᠠ᠃ ᠺᠤᠮᠫᠠᠨᠢ ᠨᠢ ᠨᠢᠳᠤᠨᠤᠨ | ᠵᠢᠯ ᠤᠨ 10 ᠰᠠᠷ᠎ᠠ ᠳᠤ ᠡᠵᠡᠩᠨᠡᠯᠳᠡ ᠪᠠᠨ ᠡᠬᠢᠯᠡᠭᠦᠯᠦᠭᠰᠡᠨ ᠠᠴᠠ ᠨᠠᠭᠠᠰᠢ᠂ ᠪᠦᠬᠦ ᠰᠤᠮᠤᠨ ᠤ ᠮᠠᠯᠴᠢᠳ ᠤᠨ 600 | ᠭᠠᠷᠤᠢ ᠬᠤᠨᠢ᠂ 60 ᠭᠠᠷᠤᠢ ᠦᠬᠡᠷ ᠢ ᠬᠤᠳᠠᠯᠳᠤᠨ ᠠᠪᠴᠤ ᠡᠳ᠋ᠰᠢᠬᠦᠯᠦᠨ ᠪᠤᠯᠪᠠᠰᠤᠷᠠᠭᠤᠯᠵᠤ᠂ ᠮᠠᠯᠴᠢᠳ ᠤᠨ | ᠤᠷᠤᠯᠭ᠎ᠠ ᠶᠢ 16 ᠲᠦᠮᠡᠨ ᠲᠦᠭᠦᠷᠢᠭ ᠨᠡᠮᠡᠭᠳᠡᠬᠦᠯᠪᠡ᠃ | ᠴᠠᠭᠠᠨ ᠰᠠᠷ᠎ᠠ ᠠᠴᠠ ᠡᠮᠦᠨᠡᠬᠡᠨ᠂ ᠲᠤᠰ ᠺᠤᠮᠫᠠᠨᠢ ᠶᠢᠨ ᠡᠷᠬᠢᠯᠡᠵᠤ ᠪᠠᠶᠢᠭ᠎ᠠ ︽ᠰᠠᠶᠢᠨ︾ ᠲᠠᠷᠢᠶᠠᠯᠠᠩ ᠮᠠᠯ | ᠠᠵᠤ ᠠᠬᠤᠢ ᠶᠢᠨ ᠰᠢᠭᠤᠳ ᠪᠤᠷᠤᠯᠠᠭᠤᠯᠭ᠎ᠠ ᠶᠢᠨ ᠲᠡᠯᠭᠡᠭᠦᠷ ᠲᠤ᠂ ᠠᠵᠢᠯᠳᠠᠳ ᠦᠬᠡᠷ ᠬᠤᠨᠢᠨ ᠮᠢᠬ᠎ᠠ ᠶᠢ ᠬᠡᠰᠡᠭᠯᠡᠨ | ᠪᠤᠭᠤᠳᠠᠯᠯᠠᠵᠤ ᠶᠠᠭᠠᠷᠠᠯᠳᠤᠨ᠎ᠠ᠂ ᠰᠢᠨ᠎ᠡ ᠰᠤᠷᠭᠤᠭ ᠦᠬᠡᠷ ᠬᠤᠨᠢᠨ ᠮᠢᠬ᠎ᠠ ᠪᠤᠯᠤᠨ ᠨᠠᠷᠢᠯᠢᠭ ᠰᠠᠶᠢᠬᠠᠨ ᠪᠤᠭᠤᠳᠠᠯ | ᠪᠠᠭᠯᠠᠭ᠎ᠠ ᠨᠢ ᠬᠡᠷᠡᠭᠯᠡᠭᠴᠢᠳ ᠲᠤ ᠶᠡᠬᠡᠪᠡᠷ ᠲᠠᠭᠠᠯᠠᠭᠳᠠᠵᠤ᠂ ᠲᠡᠯᠭᠡᠭᠦᠷ ᠲᠤ ᠮᠢᠬ᠎ᠠ ᠬᠤᠳᠠᠯᠳᠤᠨ ᠠᠪᠬᠤ ᠪᠠᠷ ᠢᠷᠡᠭᠦ | ᠬᠦᠮᠦᠰ ᠤᠯᠠᠰᠢᠷᠠᠵᠦ᠂ ᠪᠤᠷᠤᠯᠠᠭᠤᠯᠭ᠎ᠠ ᠮᠠᠰᠢ ᠰᠠᠶᠢᠨ ᠪᠠᠶᠢᠯ᠎ᠠ᠃ ᠡᠭᠦᠨ ᠠᠴᠠ ᠭᠠᠳᠠᠨ᠎ᠠ᠂ ᠲᠤᠰ ᠺᠤᠮᠫᠠᠨᠢ ᠨᠢ ᠪᠠᠰᠠ | ᠬᠤᠨᠢᠨ ᠮᠢᠬ᠎ᠠ ᠪᠤᠷᠤᠯᠠᠭᠤᠯᠬᠤ ᠬᠤᠶᠠᠷ ᠰᠢᠭᠤᠳ ᠡᠵᠡᠩᠨᠡᠬᠦ ᠲᠡᠯᠭᠡᠭᠦᠷ ᠪᠤᠯᠤᠨ ᠨᠢᠭᠡ ᠬᠠᠯᠠᠭᠤᠨ ᠲᠤᠭᠤᠭᠠᠨ ᠤ | ᠭᠠᠵᠠᠷ ᠡᠷᠬᠢᠯᠡᠵᠤ᠂ ᠭᠠᠵᠠᠷ ᠤᠷᠤᠨ ᠳᠠᠭᠠᠨ ᠦᠬᠡᠷ ᠬᠤᠨᠢᠨ ᠮᠢᠬ᠎ᠠ ᠬᠤᠳᠠᠯᠳᠤᠬᠤ ᠬᠤᠰᠢᠭᠤᠴᠢ ᠲᠡᠯᠭᠡᠭᠦᠷ | ᠪᠠᠶᠢᠭᠤᠯᠤᠬᠰᠠᠨ ᠤ ᠬᠠᠮᠳᠤ ᠴᠤᠤᠷᠢᠶ᠎ᠠ᠂ ᠸᠢᠴᠠᠲ ᠵᠡᠷᠭᠡ ᠲᠠᠪᠴᠡᠩ ᠢᠶᠠᠷ ᠰᠦᠯᠵᠢᠶᠡᠨ ᠲᠡᠭᠡᠷ᠎ᠡ ᠪᠤᠷᠤᠯᠠᠭᠤᠯᠵᠤ᠂ | ᠬᠠᠮᠳᠤ ᠶᠢᠨ ᠠᠵᠤ ᠠᠬᠤᠢ ᠶᠢᠨ ᠤᠷᠤᠯᠭ᠎ᠠ ᠪᠤᠯᠤᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠪᠡ᠃ ᠤᠳᠤ ᠪᠤᠯᠳᠠᠯ᠎ᠠ᠂ | ᠨᠡᠶᠢᠳᠡ 4.5 ᠲᠤᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠢ ᠪᠤᠷᠤᠯᠠᠭᠤᠯᠵᠤ᠂ 32 ᠲᠦᠮᠡᠨ | ᠲᠦᠭᠦᠷᠢᠭ ᠤᠨ ᠪᠤᠷᠤᠯᠠᠭᠤᠯᠭ᠎ᠠ ᠶᠢᠨ ᠦᠷᠳᠡᠭ ᠡᠭᠦᠳᠪᠡ᠃ | ᠤᠶᠢᠯᠠᠭᠠᠭᠰᠠᠨ ᠢᠶᠠᠷ᠂ ᠲᠤᠰ ᠺᠤᠮᠫᠠᠨᠢ ᠶᠢᠨ ᠦᠢᠯᠡᠳᠪᠦᠷᠢᠯᠡᠭᠰᠡᠨ ᠦᠬᠡᠷ ᠬᠤᠨᠢᠨ ᠮᠢᠬ᠎ᠠ ᠶᠢᠨ | ᠪᠦᠳᠦᠭᠡᠭᠳᠡᠭᠦᠨ ᠨᠢ ᠪᠡᠭᠡᠵᠢᠩ᠂ ᠱᠠᠨᠳᠦ᠋ᠩ᠂ ᠵᠢᠶᠠᠩᠰᠤ ᠵᠢᠴᠢ ᠤᠷᠤᠨ ᠤ ᠲᠤᠳᠤᠷᠠᠬᠢ ᠡᠯ᠎ᠡ ᠠᠶᠢᠮᠠᠭ ᠬᠤᠳᠠ ᠳᠤ | ᠪᠤᠷᠤᠯᠠᠭᠤᠯᠤᠭᠳᠠᠵᠤ᠂ ᠺᠤᠮᠫᠠᠨᠢ ᠶᠢᠨ ᠵᠠᠭᠪᠤᠷ ᠤᠨ ᠲᠠᠶᠢᠴᠢᠯᠠᠯ ᠲᠤᠤᠷ᠎ᠠ᠂ ᠮᠠᠯᠴᠢᠳ ᠤᠨ ᠤᠷᠤᠯᠭ᠎ᠠ ᠶᠢᠨ ᠨᠡᠮᠡᠭᠳᠡᠯ᠂ | ᠭᠠᠴᠠᠭᠠᠨ ᠤ ᠬᠠᠮᠳᠤ ᠶᠢᠨ ᠠᠵᠤ ᠠᠬᠤᠢ ᠶᠢᠨ ᠠᠰᠢᠭ ᠬᠦᠷᠳᠡᠬᠦ ᠶᠢ ᠠᠬᠢᠭᠤᠯᠵᠠᠢ᠃ ︽ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠢ ᠲᠦᠭᠡᠮᠡᠯᠵᠢᠬᠦᠯᠬᠦ ᠪᠠ ᠬᠠᠨᠭ᠍ᠭᠠᠯᠭ᠎ᠠ ᠶᠢ ᠪᠠᠳᠤᠯᠠᠬᠤ ᠲᠦᠪ ᠤᠨ ᠬᠠᠷᠢᠭᠤᠴᠠᠯᠭᠠᠳᠠᠨ ᠠᠴᠠ | ᠮᠠᠯ ᠤᠨ ᠬᠢᠵᠢᠭ ᠭᠡᠮ ᠳᠤ ᠪᠠᠶᠢᠴᠠᠭᠠᠯᠳᠠ ᠬᠢᠵᠤ᠂ ᠤᠯᠠᠭᠠᠨ ᠢᠳᠡᠭᠡᠨ ᠤ ᠪᠦᠳᠦᠭᠡᠭᠳᠡᠭᠦᠨ ᠤ ᠠᠮᠤᠷ ᠲᠦᠪᠰᠢᠨ ᠢ | ᠪᠠᠳᠤᠯᠠᠭᠰᠠᠨ ᠰᠠᠭᠤᠷᠢᠨ ᠲᠡᠭᠡᠷ᠎ᠠ᠂ ᠰᠢᠯᠤᠭᠤᠨ ᠬᠦᠬᠡ ᠬᠤᠰᠢᠭᠤᠨ ᠤ ᠵᠧᠩ ᠡᠾᠧ ᠤᠯᠠᠭᠠᠨ ᠢᠳᠡᠭᠡᠨ ᠤ | ᠪᠦᠳᠦᠭᠡᠭᠳᠡᠭᠦᠨ ᠤ ᠬᠢᠵᠠᠭᠠᠷᠳᠤ ᠺᠤᠮᠫᠠᠨᠢ ᠳᠤ ᠨᠠᠶᠢᠳᠠᠨ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠵᠤ᠂ ᠮᠠᠯ ᠤᠨ ᠠᠰᠢᠭ | ᠰᠢᠮ᠎ᠠ ᠶᠢᠨ ᠪᠦᠳᠦᠭᠡᠭᠳᠡᠭᠦᠨ ᠤ ᠶᠠᠰᠤ ᠴᠢᠨᠠᠷ ᠪᠤᠯᠤᠨ ᠪᠤᠷᠤᠯᠠᠭᠤᠯᠭ᠎ᠠ ᠶᠢ ᠪᠠᠳᠤᠯᠠᠵᠤ ᠪᠠᠶᠢᠨ᠎ᠠ︾ ᠭᠡᠵᠤ | ᠰᠠᠶᠢᠨᠬᠤᠳᠳᠤᠭ ᠰᠤᠮᠤᠨ ᠤ ᠨᠠᠮ ᠤᠨ ᠬᠤᠷᠢᠶᠠᠨ ᠤ ᠱᠦᠵᠢ ᠲᠤᠷᠵᠢ ᠶᠠᠷᠢᠯ᠎ᠠ᠃ |