ᠮᠠᠨ ᠤ ᠠᠶᠢᠮᠠᠭ ᠪᠦᠳᠦᠮᠵᠢᠳᠠᠢ ᠠᠷᠭ᠎ᠠ ᠭᠡᠮᠵᠢᠶ᠎ᠠ ᠠᠪᠴᠦ ᠮᠠᠯ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠵᠦ ᠪᠠᠶᠢᠨ᠎ᠠ
ᠨᠡᠶᠢᠲᠡᠯᠡᠭᠰᠡᠨ ᠴᠠᠭ᠄
2024/3/14
     2023 ᠣᠨ ᠳᠤ᠂ ᠮᠠᠨ ᠤ ᠠᠶᠢᠮᠠᠭ ᠮᠠᠯ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠭᠦ ᠳᠠᠯ᠎ᠠ ᠪᠠᠷ ᠰᠢᠨᠵᠢᠯᠡᠬᠦ ᠤᠬᠠᠭᠠᠨᠴᠢ ᠪᠦᠳᠤᠮᠵᠢᠳᠡᠢ ᠠᠷᠭ᠎ᠠ ᠬᠡᠮᠵᠢᠶ᠎ᠠ ᠠᠪᠴᠤ᠂ ᠪᠷᠦ᠋ᠼᠧᠯ ᠡᠪᠡᠳᠴᠢᠨ ᠳᠡᠯᠭᠡᠷᠡᠬᠦ ᠶᠢ ᠪᠦᠳᠤᠮᠵᠢᠳᠡᠢ ᠬᠤᠷᠢᠬᠯᠠᠪᠠ᠃      ᠠᠶᠢᠮᠠᠭ ᠤᠨ ᠵᠠᠬᠢᠷᠭ᠎ᠠ ᠪᠦᠬᠦ ᠠᠶᠢᠮᠠᠭ ᠤᠨ ᠮᠠᠯ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠭᠦ ᠠᠵᠢᠯ ᠤᠨ ᠲᠦᠰᠦᠪ ᠵᠢᠴᠢ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠳᠤᠬᠳᠠᠭᠠᠨ ᠭᠡᠷᠡᠭᠵᠢᠭᠦᠯᠬᠦ ᠶᠢᠨ ᠬᠠᠮᠳᠤ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠠᠶᠢᠮᠠᠭ᠂ ᠬᠤᠰᠢᠭᠤ ᠰᠢᠶᠠᠨ᠂ ᠰᠤᠮᠤ ᠪᠠᠯᠭᠠᠰᠤᠨ ᠤ ᠭᠤᠤᠯᠳᠠᠯᠭ᠎ᠠ ᠲᠠᠢ ᠠᠵᠢᠯ ᠳᠤ ᠤᠷᠤᠭᠤᠯᠵᠤ᠂ ᠨᠢᠭᠡᠳᠤᠯᠳᠡᠢ ᠬᠠᠮᠢᠶᠠᠷᠤᠯᠳᠠ ᠳᠤᠬᠢᠷᠠᠭᠤᠯᠤᠯᠳᠠ ᠬᠢᠵᠤ᠂ ᠡᠯ᠎ᠠ ᠭᠤᠬᠴᠤᠭᠠᠨ ᠤ ᠠᠵᠢᠯ ᠤᠨ ᠤᠷᠤᠬᠰᠢᠳᠡᠢ ᠶᠠᠪᠤᠬᠳᠠᠬᠤ ᠶᠢ ᠪᠠᠳᠤᠯᠠᠬᠰᠠᠨ ᠪᠠᠶᠢᠨ᠎ᠠ᠃ ᠡᠬᠦᠨ ᠤ ᠬᠠᠮᠳᠤ ᠳᠡᠭᠡᠳᠤ ᠱᠠᠳᠤᠨ ᠤ ᠠᠮᠢᠳᠠᠨ ᠤ ᠬᠢᠵᠢᠭ ᠭᠡᠮ ᠢ ᠰᠡᠷᠬᠡᠶᠢᠯᠡᠬᠦ ᠨᠦᠬᠦᠪᠦᠷᠢ ᠮᠦᠡᠭᠭᠦ ᠶᠢᠨ ᠰᠠᠭᠤᠷᠢᠨ ᠳᠡᠭᠡᠷ᠎ᠠ᠂ 2023 ᠤᠨ ᠳᠤ ᠠᠶᠢᠮᠠᠭ ᠠᠴᠠ 385.2 ᠲᠦᠮᠡᠨ ᠲᠦᠭᠦᠷᠢᠭ ᠤᠨ ᠭᠠᠴᠠᠭ᠎ᠠ ᠳᠤᠰᠬᠤᠨ ᠤ ᠬᠢᠵᠢᠭ ᠰᠡᠷᠬᠡᠶᠢᠯᠡᠭᠴᠢ ᠶᠢᠨ ᠠᠵᠢᠯ ᠤᠨ ᠨᠦᠬᠦᠪᠦᠷᠢ᠂ 66 ᠲᠦᠮᠡᠨ ᠲᠦᠭᠦᠷᠢᠭ ᠤᠨ ᠪᠷᠦ᠋ᠼᠧᠯ ᠡᠪᠡᠳᠴᠢᠨ ᠤ ᠠᠷᠭ᠎ᠠ ᠴᠢᠨᠠᠷ ᠲᠠᠢ ᠮᠠᠯ ᠢ ᠠᠯᠠᠵᠤ ᠰᠶᠢᠳᠪᠦᠷᠢᠯᠡᠬᠦ ᠨᠦᠬᠦᠪᠦᠷᠢ ᠮᠦᠡᠭᠭᠦ ᠶᠢ ᠪᠠᠭᠤᠯᠭᠠᠵᠤ᠂ ᠡᠯ᠎ᠠ ᠬᠤᠰᠢᠭᠤ ᠰᠢᠶᠠᠨ ᠬᠤᠳᠠ ︵ᠤᠷᠤᠨ︶ ᠪᠤᠳᠠᠳᠡᠢ ᠳᠤᠬᠢᠷᠠᠭᠤᠯᠤᠭᠰᠠᠨ ᠵᠠᠷᠤᠳᠠᠯ ᠢᠶᠠᠨ ᠦᠨᠳᠤᠰᠤᠯᠡᠨ᠂ ᠪᠷᠦ᠋ᠼᠧᠯ ᠡᠪᠡᠳᠴᠢᠨ ᠢ ᠰᠡᠷᠬᠡᠶᠢᠯᠡᠨ ᠡᠵᠡᠮᠳᠡᠭᠦ ᠠᠵᠢᠯ ᠤᠨ ᠤᠷᠤᠬᠰᠢᠳᠡᠢ ᠶᠠᠪᠤᠬᠳᠠᠬᠤ ᠶᠢ ᠪᠠᠳᠤᠯᠠᠪᠠ᠃      ᠮᠠᠨ ᠤ ᠠᠶᠢᠮᠠᠭ ᠮᠠᠯ ᠤᠨ ᠪᠷᠦ᠋ᠼᠧᠯ ᠡᠪᠡᠳᠴᠢᠨ ᠢ ᠳᠤᠰᠬᠠᠢ ᠲᠦᠷᠦᠯ ᠢᠶᠠᠷ ᠬᠢᠨᠡᠨ ᠬᠡᠮᠵᠢᠬᠦ᠂ ᠪᠷᠦ᠋ᠼᠧᠯ ᠡᠪᠡᠳᠴᠢᠨ ᠢ ᠰᠡᠷᠬᠡᠶᠢᠯᠡᠬᠦ ᠵᠡᠷᠭᠡ ᠠᠵᠢᠯ ᠢ ᠢᠳᠡᠪᠬᠢᠳᠡᠢ ᠦᠷᠨᠢᠬᠦᠯᠵᠤ ᠳᠡᠵᠢᠬᠡᠨ ᠦᠷᠡᠵᠢᠬᠦᠯᠬᠦ ᠡᠷᠤᠬᠡ᠂ ᠬᠡᠪᠴᠢᠶᠡᠵᠢᠭᠰᠡᠨ ᠳᠡᠵᠢᠬᠡᠨ ᠦᠷᠡᠵᠢᠬᠦᠯᠬᠦ ᠡᠷᠤᠬᠡ᠂ ᠠᠮᠢᠳᠤ ᠮᠠᠯ ᠤᠨ ᠰᠤᠯᠢᠯᠴᠠᠭᠠᠨ ᠤ ᠵᠠᠬ᠎ᠠ᠂ ᠠᠯᠠᠵᠤ ᠨᠢᠳᠤᠯᠬᠤ ᠳᠠᠯᠠᠪᠠᠢ ᠵᠡᠷᠭᠡ ᠭᠤᠤᠯ ᠳᠠᠯᠠᠪᠠᠢ ᠴᠡᠭ ᠲᠤ ᠪᠠᠶᠢᠴᠠᠭᠠᠯᠳᠠ ᠬᠢᠭᠰᠡᠨ ᠤ ᠬᠠᠮᠳᠤ ᠪᠷᠦ᠋ᠼᠧᠯ ᠡᠪᠡᠳᠴᠢᠨ ᠤ ᠠᠷᠭ᠎ᠠ ᠴᠢᠨᠠᠷ ᠲᠠᠢ ᠮᠠᠯ ᠢ ᠴᠠᠭ ᠳᠤᠬᠠᠢ ᠳᠤᠨᠢ ᠰᠶᠢᠳᠪᠦᠷᠢᠯᠡᠨ᠂ ᠬᠢᠵᠢᠭ ᠤᠨ ᠡᠬᠢ ᠰᠤᠷᠪᠦᠯᠵᠢ ᠶᠢ ᠳᠠᠰᠤᠯᠬᠤ ᠶᠢ ᠪᠠᠳᠤᠯᠠᠪᠠ ᠃ 2023 ᠤᠨ ᠳᠤ᠂ ᠪᠦᠬᠦ ᠠᠶᠢᠮᠠᠭ ᠢᠶᠠᠷ ᠢᠶᠠᠨ ᠠᠷᠭ᠎ᠠ ᠴᠢᠨᠠᠷ ᠲᠠᠢ 532 ᠬᠤᠨᠢ᠂ 20 ᠦᠬᠡᠷ ᠢ ᠰᠶᠢᠳᠪᠦᠷᠢᠯᠡᠨ᠂ ᠨᠡᠶᠢᠳᠡ 656 ᠳᠡᠵᠢᠬᠡᠨ ᠦᠷᠡᠵᠢᠬᠦᠯᠬᠦ ᠡᠷᠤᠬᠡ ᠶᠢᠨ ᠮᠠᠯ ᠤᠨᠤᠭ᠎ᠠ ᠳᠤ ᠠᠷᠢᠭᠤᠳᠬᠠᠯ ᠬᠢᠵᠤ᠂ 35.5 ᠳᠤᠨ ᠠᠷᠢᠭᠤᠳᠬᠠᠬᠤ ᠡᠮ ᠬᠡᠷᠡᠭᠯᠡᠵᠤ᠂ 509.1 ᠲᠦᠮᠡᠨ ᠬᠠᠪᠳᠠᠭᠠᠢ ᠲᠦᠷᠪᠡᠯᠵᠢᠨ ᠮᠧᠲᠷ ᠳᠠᠯᠠᠪᠠᠢ ᠶᠢ ᠠᠷᠢᠭᠤᠳᠬᠠᠪᠠ᠃      ᠡᠬᠦᠨ ᠤ ᠬᠠᠮᠳᠤ ᠪᠦᠬᠦ ᠠᠶᠢᠮᠠᠭ ᠤᠨ ᠡᠯ᠎ᠠ ᠭᠠᠵᠠᠷ ᠤᠨ ᠬᠢᠨ ᠤᠯᠠᠨ ᠠᠷᠭ᠎ᠠ ᠭᠡᠯᠪᠡᠷᠢ ᠶᠢᠨ ᠤᠬᠠᠭᠤᠯᠭ᠎ᠠ ᠬᠢᠵᠦ᠂ ᠪᠷᠦ᠋ᠼᠧᠯ ᠡᠪᠡᠳᠴᠢᠨ ᠤ ᠬᠤᠤᠷ ᠬᠦᠨᠦᠬᠡᠯ ᠵᠢᠴᠢ ᠰᠡᠷᠭᠡᠶᠢᠯᠡᠨ ᠡᠵᠡᠮᠳᠡᠭᠦ ᠮᠡᠳᠡᠯᠬᠡ ᠶᠢ ᠦᠷᠭᠡᠨ ᠢᠶᠠᠷ ᠤᠬᠠᠭᠤᠯᠪᠠ᠃ ᠦᠨᠳᠤᠰᠤᠨ ᠱᠠᠳᠤᠨ ᠳᠤ ᠬᠦᠨᠵᠡᠭᠡᠶᠢᠷᠡᠨ᠂ ᠮᠠᠯᠴᠢᠨ ᠳᠠᠷᠢᠶᠠᠴᠢᠨ ᠳᠤ ᠲᠦᠯ ᠳᠤᠰᠴᠤ ᠪᠤᠶᠢᠵᠢᠭᠤᠯᠬᠤ ᠦᠶ᠎ᠠ ᠶᠢᠨ ᠬᠢᠵᠢᠭ ᠢ ᠰᠡᠷᠬᠡᠶᠢᠯᠡᠬᠦ ᠬᠠᠮᠢᠶ᠎ᠠ ᠪᠦᠬᠦᠢ ᠮᠡᠳᠡᠯᠬᠡ ᠶᠢ ᠳᠠᠶᠢᠯᠪᠦᠷᠢᠯᠠᠬᠤ ᠶᠢᠨ ᠬᠠᠮᠳᠤ ᠵᠠᠭᠤᠴᠢᠯᠠᠭᠤᠷ ᠢᠶᠠᠷ ᠳᠠᠮᠵᠢᠭᠤᠯᠤᠨ 42 ᠤᠳᠠᠭᠠᠨ ᠤ ᠪᠷᠦ᠋ᠼᠧᠯ ᠡᠪᠡᠳᠴᠢᠨ ᠢ ᠰᠡᠷᠬᠡᠶᠢᠯᠡᠨ ᠡᠵᠡᠮᠳᠡᠬᠦ ᠤᠬᠠᠭᠤᠯᠭ᠎ᠠ ᠬᠢᠵᠥ᠂ 6.64 ᠲᠦᠮᠡᠨ ᠤᠬᠠᠭᠤᠯᠭ᠎ᠠ ᠶᠢᠨ ᠳᠡᠪᠳᠡᠷ᠂ 1.84 ᠲᠦᠮᠡᠨ ᠬᠤᠪᠢ ᠤᠬᠠᠭᠤᠯᠭ᠎ᠠ ᠶᠢᠨ ᠪᠤᠳᠠᠰ ᠳᠠᠷᠬᠠᠭᠠᠬᠰᠠᠨ ᠪᠠᠶᠢᠨ᠎ᠠ᠃ ᠪᠠᠰᠠ ᠪᠷᠦ᠋ᠼᠧᠯ ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠤᠨ ᠮᠡᠷᠭᠡᠵᠢᠯ ᠤᠨ ᠪᠤᠯᠪᠠᠰᠤᠷᠠᠯ ᠦᠷᠨᠢᠬᠦᠯᠵᠤ᠂ ᠪᠦᠬᠦ ᠠᠶᠢᠮᠠᠭ ᠲᠤ 29 ᠬᠤᠭᠤᠴᠠᠭᠠᠨ ᠤ ᠮᠡᠷᠭᠡᠵᠢᠯ ᠤᠨ ᠪᠤᠯᠪᠠᠰᠤᠷᠠᠯ ᠬᠢᠵᠤ᠂ 1957 ᠬᠦᠮᠦᠨ ᠤᠳᠠᠭᠠᠨ ᠤ ᠮᠠᠯ ᠤᠨ ᠡᠮᠴᠢ᠂ ᠬᠢᠵᠢᠭ ᠰᠡᠷᠭᠡᠶᠢᠯᠡᠭᠴᠢ ᠳᠤ ᠪᠤᠯᠪᠠᠰᠤᠷᠠᠯ ᠬᠦᠷᠳᠡᠭᠡᠵᠠᠢ᠃      ᠳᠠᠷᠠᠭᠠᠴᠢ ᠶᠢᠨ ᠠᠯᠬᠤᠮ ᠳᠤ ᠶᠡᠷᠦᠩᠬᠡᠶᠢᠯᠡᠨ ᠰᠡᠷᠭᠡᠶᠢᠯᠡᠵᠤ ᠡᠵᠡᠮᠳᠡᠬᠦ ᠠᠷᠭ᠎ᠠ ᠬᠡᠮᠵᠢᠶ᠎ᠠ ᠶᠢ ᠦᠷᠬᠦᠯᠵᠢᠯᠡᠨ ᠪᠠᠷᠢᠮᠳᠠᠯᠠᠬᠤ ᠶᠢᠨ ᠬᠠᠮᠳᠤ ᠪᠷᠦ᠋ᠼᠧᠯ ᠡᠪᠡᠳᠴᠢᠨ ᠤ ᠰᠢᠨ᠎ᠠ ᠬᠡᠯᠪᠡᠷᠢ ᠶᠢᠨ ᠳᠠᠷᠢᠯᠭ᠎ᠠ ᠶᠢ ᠲᠦᠬᠡᠮᠡᠯᠵᠢᠬᠦᠯᠦᠨ ᠬᠡᠷᠡᠭᠯᠡᠵᠤ᠂ ᠬᠦᠢᠯᠬᠡᠬᠡᠨ ᠤ ᠭᠤᠬᠴᠤᠭ᠎ᠠ ᠶᠢᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠪᠦᠬᠦ ᠠᠶᠢᠮᠠᠭ ᠤᠨ ᠮᠠᠯ ᠠᠵᠤ ᠠᠬᠤᠢ ᠶᠢᠨ ᠴᠢᠨᠠᠷ ᠰᠠᠶᠢᠳᠡᠢ ᠬᠦᠭᠵᠢᠯᠳᠡ ᠶᠢ ᠪᠠᠳᠤᠯᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号