ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/15
     3 ᠰᠠᠷ᠎ᠠ ᠶᠢᠨ 14᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠵᠦ᠂ ᠲᠤᠰᠬᠠᠢ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠤᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠤᠷᠤᠯᠴᠠᠯᠭ᠎ᠠ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠮᠠᠷᠠᠲᠤ ᠬᠢᠯᠢ ᠶᠢᠨ ᠰᠣᠶᠣᠯ ᠤᠨ ᠥᠪ ᠤᠨ ᠰᠤᠳᠤᠯᠭᠠᠨ ᠤ ᠲᠥᠪ ᠤᠨ ᠡᠷᠬᠢᠯᠡᠭᠴᠢ ᠴᠧᠨ ᠶᠦᠩ ᡁᠢ ᠫᠷᠤᠹᠧᠰᠰᠤᠷ  ︽ᠰᠣᠶᠣᠯ ᠤᠨ ᠥᠪ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠳᠤᠬᠠᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠳᠠᠷᠠᠭ᠎ᠠ ᠨᠢ᠂ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠵᠦ᠂ ᠠᠶᠢᠮᠠᠭ ᠤᠨ ᠤᠳᠤᠷᠢᠳᠤᠯᠭ᠎ᠠ ᠸᠠᠩ ᠶᠦᠩ ᠮᠢᠩ᠂ ᠵᠤᠤ  ᠳᠤ  ᠶᠦᠩ᠂ ᠪᠦᠦ  ᠯᠢ  ᠬᠤᠸᠠ᠂ ᠵᠠᠩ ᠰᠢᠶᠣᠣ ᠵᠢᠶᠦ᠋ᠨ᠂ ᠶᠠᠩ ᠯᠢ ᠳᠠᠷᠠᠭᠠᠯᠠᠨ ᠰᠠᠨᠠᠯ ᠢᠶᠠᠨ ᠰᠤᠯᠢᠯᠴᠠᠬᠤ ᠦᠭᠡ ᠭᠡᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠤᠰᠤᠳ ᠪᠦᠷᠢᠯᠳᠦᠭᠦᠨ ᠪᠢᠴᠢᠭ ᠤᠨ ᠭᠡᠯᠪᠡᠷᠢ ᠪᠠᠷ  ᠮᠠᠲ᠋ᠧᠷᠢᠶᠠᠯ ᠢᠶᠠᠨ ᠲᠤᠰᠢᠶᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠠᠭᠠᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠳᠣᠬᠢᠴᠢᠯᠠᠭᠰᠠᠨ ᠰᠢᠯᠢ ᠶᠢᠨ ᠭᠤᠣᠯ ᠢ ᠪᠦᠲᠦᠭᠡᠨ ᠪᠠᠶᠢᠭᠤᠯᠬᠤ ᠳᠤ ᠬᠦᠴᠦᠲᠡᠢ ᠳᠡᠮᠵᠢᠯᠭᠡ ᠪᠣᠯᠣᠨ ᠤᠶᠤᠨ ᠰᠠᠨᠠᠭᠠᠨ ᠤ ᠬᠦᠴᠦᠨ ᠬᠠᠩᠭᠠᠬᠤ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠢ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠮᠠᠨ ᠤ ᠠᠶᠢᠮᠠᠭ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠦᠢᠯᠡᠰ ᠤᠨ ᠴᠢᠨᠠᠷ ᠰᠠᠶᠢᠲᠠᠢ ᠭᠦᠭᠵᠢᠯᠳᠡ ᠶᠢ ᠦᠨᠡᠨ ᠭᠦ ᠠᠬᠢᠭᠤᠯᠬᠤ ᠭᠡᠷᠡᠭᠳᠡᠢ ᠭᠡᠪᠡ᠃      ᠲᠤᠰᠬᠠᠢ ᠰᠡᠳᠦᠪᠲᠦ ᠲᠠᠶᠢᠯᠤᠮᠵᠢ ᠶᠢ ᠸᠢᠳᠢᠤ᠋ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号