ᠲᠠᠪᠠᠭᠤᠯᠢᠭ ᠢᠶᠠᠨ ᠪᠠᠳᠠᠷᠠᠭᠤᠯᠵᠥ ᠬᠤᠸᠠᠰᠢ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠠᠬᠢᠭᠤᠯᠤᠨᠠᠮ
ᠨᠡᠶᠢᠲᠡᠯᠡᠭᠰᠡᠨ ᠴᠠᠭ᠄
2024/3/15
     2023 ᠤᠨ ᠳᠤ ᠶᠠᠪᠤᠭᠳᠠᠭᠰᠠᠨ ᠪᠦᠬᠦ ᠠᠶᠢᠮᠠᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠦᠨᠢᠷ ᠰᠦᠷᠦᠭ ᠤᠨ ᠠᠳᠠᠯᠢᠳᠬᠠᠨ ᠰᠢᠯᠭᠠᠷᠠᠭᠤᠯᠤᠯᠲᠠ ᠳᠤ᠂ ᠰᠦᠨᠢᠳ ᠵᠡᠬᠦᠨ ᠬᠤᠰᠢᠭᠤᠨ ᠤ ︽ᠴᠠᠭᠠᠨᠬᠠᠳᠠ ᠮᠠᠯ ᠠᠵᠦ ᠠᠬᠤᠢ ᠶᠢᠨ ᠲᠤᠰᠬᠠᠢ ᠬᠤᠷᠰᠢᠶᠠᠵᠢᠯ︾ ᠤᠨ ᠪᠤᠶᠢᠵᠢᠭᠤᠯᠤᠭᠰᠠᠨ ᠨᠢᠬᠡ ᠬᠤᠸᠠᠰᠢ ᠡᠷ᠎ᠡ ᠲᠤᠭᠤᠯ 8.8 ᠲᠦᠮᠡᠡ ᠲᠦᠭᠦᠷᠢᠭ ᠢᠶᠠᠷ ᠲᠤᠬᠠᠢ ᠶᠢᠨ ᠲᠠᠯᠠᠪᠠᠢ ᠶᠢᠨ ᠬᠠᠮᠤᠭ ᠤᠨ ᠦᠨᠳᠦᠷ ᠦᠨ᠎ᠡ ᠳᠤ ᠬᠦᠷᠴᠦ᠂ ᠮᠠᠨ ᠤ ᠠᠶᠢᠮᠠᠭ ᠤᠨ ᠦᠨᠢᠷ ᠰᠦᠷᠦᠭ ᠤᠨ ᠠᠳᠠᠯᠢᠳᠬᠠᠨ ᠰᠢᠯᠭᠠᠷᠠᠭᠤᠯᠤᠯᠲᠠ ᠶᠢᠨ ᠠᠷᠠᠯᠵᠢᠶ᠎ᠠ ᠪᠦᠲᠦᠭᠰᠡᠨ ᠦᠨ᠎ᠡ ᠶᠢᠨ ᠰᠢᠨ᠎ᠡ ᠲᠡᠮᠳᠡᠭᠯᠡᠯ ᠢ ᠡᠬᠦᠳᠴᠠᠢ᠃ ︽ᠴᠠᠭᠠᠨᠬᠠᠳᠠ ᠮᠠᠯ ᠠᠵᠦ ᠠᠬᠤᠢ ᠶᠢᠨ ᠲᠤᠰᠬᠠᠢ ᠬᠤᠷᠰᠢᠶᠠᠵᠢᠯ︾ 2017 ᠤᠨ ᠠᠴᠠ ᠡᠬᠢᠯᠡᠨ ᠬᠤᠸᠠᠰᠢ ᠦᠬᠡᠷ ᠪᠤᠶᠢᠵᠢᠭᠤᠯᠵᠦ᠂ ᠤᠳᠤᠬᠠᠨ ᠳᠤ ᠲᠡᠵᠢᠬᠡᠨ ᠦᠷᠡᠵᠢᠬᠦᠯᠬᠦ ᠬᠡᠪᠴᠢᠶ᠎ᠡ 300 ᠭᠠᠷᠤᠢ ᠪᠤᠯᠵᠦ᠂ ᠵᠢᠯ ᠪᠦᠷᠢ ᠶᠢᠨ ᠲᠤᠭᠤᠯ ᠪᠤᠷᠤᠯᠠᠭᠤᠯᠤᠭᠰᠠᠨ ᠤᠷᠤᠯᠭ᠎ᠠ 600 ᠲᠦᠮᠡᠨ ᠲᠦᠬᠦᠷᠢᠭ ᠤᠷᠴᠢᠮ ᠬᠦᠷᠴᠦ ᠪᠤᠢ᠃      2023 ᠤᠨ ᠠᠴᠠ ᠨᠠᠭᠠᠰᠢ᠂ ᠮᠠᠨ ᠤ ᠠᠶᠢᠮᠠᠭ ᠪᠠᠶᠢᠭᠠᠯᠢᠯᠢᠭ ᠪᠡᠯᠴᠢᠬᠡᠷ ᠤᠨ ᠳᠠᠪᠠᠭᠤᠯᠢᠭ ᠢᠶᠠᠨ ᠪᠦᠲᠦᠮᠵᠢᠲᠠᠢ ᠠᠰᠢᠭᠯᠠᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠬᠡᠬᠳᠡᠬᠦᠨ ᠤ ᠰᠠᠭᠤᠷᠢᠨ ᠢ ᠪᠠᠶᠢᠭᠤᠯᠬᠤ ᠶᠢᠨ ᠲᠤᠭᠤᠷᠢᠨ ᠳᠤ ᠬᠤᠸᠠᠰᠢ ᠦᠬᠡᠷ ᠤᠨ ᠰᠢᠨ᠎ᠡ ᠡᠭᠦᠯᠳᠡᠷ ᠢ ᠰᠤᠩᠭᠤᠨ ᠪᠤᠶᠢᠵᠢᠭᠤᠯᠵᠦ ᠳᠡᠯᠬᠡᠷᠡᠭᠦᠯᠬᠦ ᠶᠢ ᠠᠬᠢᠭᠤᠯᠵᠦ᠂ ᠰᠢᠯᠢᠳᠡᠭ ᠡᠬᠦᠯᠳᠡᠷ ᠢ ᠦᠷᠡᠵᠢᠬᠦᠯᠬᠦ  ᠰᠢᠰᠲ᠋ᠧᠮ ᠪᠤᠯᠤᠨ ᠪᠦᠬᠦ ᠠᠵᠦ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠮᠠᠨ ᠤ ᠠᠶᠢᠮᠠᠭ ᠢᠶᠠᠨ ᠪᠦᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠲᠤᠮᠤ᠂ ᠶᠠᠰᠤ ᠴᠢᠨᠠᠷ ᠢᠶᠠᠷ ᠬᠠᠮᠤᠭ ᠤᠨ ᠰᠢᠯᠢᠳᠡᠭ ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠪᠤᠯᠭᠠᠨ ᠪᠦᠲᠦᠬᠡᠨ ᠪᠠᠶᠢᠭᠤᠯᠬᠤ ᠪᠠᠷ ᠭᠦᠴᠦᠯᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠶᠢ ᠠᠬᠢᠭᠤᠯᠪᠠ᠃      ᠪᠦᠬᠦ ᠤᠯᠤᠰ ᠤᠨ ᠬᠤᠸᠠᠰᠢ ᠦᠬᠡᠷ ᠤᠨ ᠡᠭᠦᠯᠳᠡᠷ ᠬᠠᠨᠭ᠍ᠭᠠᠬᠤ ᠭᠤᠤᠯ ᠰᠠᠭᠤᠷᠢᠨ ᠭᠠᠵᠠᠷ ᠪᠤᠯᠤᠭᠰᠠᠨ ᠤ ᠬᠤᠪᠢ ᠳᠤ᠂ ᠤᠳᠤ ᠪᠤᠯᠲᠠᠯ᠎ᠠ᠂ ᠪᠦᠬᠦ ᠠᠶᠢᠮᠠᠭ ᠤᠨ ᠬᠤᠸᠠᠰᠢ ᠦᠬᠡᠷ ᠤᠨ ᠲᠤᠭ᠎ᠠ 1.5 ᠲᠦᠮᠡ ᠳᠤ ᠬᠦᠷᠴᠦ᠂ ᠨᠡᠶᠢᠲᠡ 26 ᠭᠤᠤᠯᠳᠠᠯᠭᠠᠲᠦ ᠰᠦᠷᠦᠭ ᠢ ᠪᠠᠶᠢᠭᠤᠯᠵᠦ᠂ ᠭᠤᠤᠯᠳᠠᠯᠭᠠᠲᠦ ᠰᠦᠷᠦᠭ ᠤᠨ ᠬᠡᠪᠴᠢᠶ᠎ᠡ ᠨᠢᠭᠡᠨᠲᠡ ᠪᠦᠬᠦ ᠤᠯᠤᠰ ᠤᠨ ᠶᠡᠷᠦᠩᠬᠡᠢ ᠬᠡᠮᠵᠢᠶ᠎ᠡ ᠶᠢᠨ 64% ᠠᠴᠠ ᠳᠡᠭᠡᠭᠰᠢᠬᠢ ᠶᠢ ᠡᠵᠡᠯᠡᠵᠦ᠂ 28 ᠲᠦᠮᠡ ᠭᠠᠷᠤᠢ ᠡᠭᠦᠯᠳᠡᠷ ᠪᠤᠶᠢᠵᠢᠭᠤᠯᠬᠤ ᠲᠤᠭ᠎ᠠ ᠪᠠᠷᠢᠮᠲᠠ ᠶᠢ ᠤᠯᠤᠰ ᠤᠨ ᠮᠢᠬᠠᠨ ᠤ ᠦᠬᠡᠷ ᠤᠨ ᠲᠤᠭ᠎ᠠ ᠪᠠᠷᠢᠮᠲᠠ ᠶᠢᠨ ᠳ᠋ᠠᠶᠢᠲ᠋ᠠ ᠬᠦᠮᠦᠷᠭᠡ ᠳᠤ ᠳᠠᠮᠵᠢᠭᠤᠯᠤᠬᠰᠠᠨ ᠪᠠᠶᠢᠨ᠎ᠠ᠃      ᠮᠠᠨ ᠤ ᠠᠶᠢᠮᠠᠭ ︽ᠰᠢᠯᠢ ᠶᠢᠨ ᠭᠤᠤᠯ ᠠᠶᠢᠮᠠᠭ ᠤᠨ ᠬᠤᠸᠠᠰᠢ ᠦᠭᠡᠷ ᠤᠨ ᠠᠵᠦ ᠦᠢᠯᠡᠰ ᠤᠨ ᠳᠠᠪᠠᠭᠤᠯᠢᠭ ᠢ ᠲᠦᠷᠭᠡᠳᠬᠡᠨ ᠪᠤᠢ ᠪᠤᠯᠭᠠᠬᠤ ᠠᠵᠢᠯ ᠤᠨ ᠲᠦᠰᠦᠯ ︵2023 — 2025 ᠤᠨ︶︾ ᠢ ᠲᠤᠭᠳᠠᠭᠠᠨ ᠨᠡᠶᠢᠲᠡᠯᠡᠵᠦ᠂ ᠮᠠᠨ ᠤ ᠠᠶᠢᠮᠠᠭ ᠤᠨ ᠬᠤᠸᠠᠰᠢ ᠦᠬᠡᠷ ᠤᠨ ᠠᠵᠦ ᠦᠢᠯᠡᠰ ᠤᠨ ᠬᠦᠭᠵᠢᠯᠲᠡ ᠶᠢᠨ ᠡᠭᠦᠯᠳᠡᠷ ᠤᠨ ᠢᠷᠡᠯᠲᠡ ᠶᠢᠨ ᠳᠠᠪᠠᠭᠤᠯᠢᠭ ᠢ ᠡᠬᠦᠳᠬᠦ ᠶᠢ ᠲᠦᠷᠭᠡᠳᠭᠡᠪᠡ᠃ ᠦᠪᠡᠷᠲᠡᠭᠡᠨ ᠵᠠᠰᠠᠬᠤ ᠤᠷᠤᠨ ᠤ  ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ ᠬᠤᠸᠠᠰᠢ ᠦᠬᠡᠷ ᠢ ᠦᠷᠬᠦᠯᠵᠢᠯᠡᠨ ᠰᠤᠩᠭᠤᠨ ᠪᠤᠶᠢᠵᠢᠭᠤᠯᠬᠤ᠂ ᠰᠢᠯᠢᠳᠡᠭ ᠡᠬᠦᠯᠳᠡᠷ ᠢ ᠦᠷᠭᠡᠳᠬᠡᠨ ᠦᠷᠡᠵᠢᠬᠦᠯᠬᠦ ᠪᠠ ᠳᠡᠯᠭᠡᠷᠡᠭᠦᠯᠤᠨ ᠬᠡᠷᠡᠭᠯᠡᠬᠦ ᠵᠡᠷᠭᠡ ᠲᠠᠯ᠎ᠠ ᠶᠢᠨ ᠲᠤᠭᠤᠷᠢᠨ ᠳᠤ᠂ ︽ᠰᠢᠯᠢ ᠶᠢᠨ ᠭᠤᠤᠯ ᠠᠶᠢᠮᠠᠭ ᠤᠨ ᠬᠤᠸᠠᠰᠢ ᠦᠬᠡᠷ ᠤᠨ ᠡᠬᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠬᠦ ᠬᠡᠷᠡᠭᠵᠢᠬᠦᠯᠬᠦ ᠲᠦᠰᠦᠯ︾ ᠢ ᠲᠤᠭᠲᠠᠭᠠᠨ᠂ 1100 ᠲᠦᠮᠡᠨ ᠲᠦᠬᠦᠷᠢᠭ ᠤᠨ ᠪᠡᠯᠡ ᠮᠦᠡᠭᠭᠦ ᠶᠢ ᠡᠮᠬᠢᠯᠡᠨ ᠨᠡᠶᠢᠯᠡᠬᠦᠯᠵᠦ ᠬᠤᠸᠠᠰᠢ ᠦᠬᠡᠷ ᠤᠨ ᠠᠵᠦ ᠦᠢᠯᠡᠰ ᠤᠨ ᠬᠦᠭᠵᠢᠯᠲᠠ ᠶᠢ ᠳᠡᠮᠵᠢᠪᠡ᠃ ᠡᠬᠦᠨ ᠤ ᠬᠠᠮᠲᠦ᠂ ᠠᠶᠢᠮᠠᠭ ᠤᠨ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠬᠢᠭᠡᠳ ᠪᠡᠬᠡᠵᠢᠩ ᠤᠨ ᠮᠠᠯ ᠠᠵᠦ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ︽ᠰᠢᠯᠢ ᠶᠢᠨ ᠭᠤᠤᠯ ᠠᠶᠢᠮᠠᠭ ᠤᠨ ᠬᠤᠸᠠᠰᠢ ᠦᠬᠡᠷ ᠢ ᠰᠤᠩᠭᠤᠨ ᠪᠤᠶᠢᠵᠢᠭᠤᠯᠬᠤ ᠬᠠᠮᠳᠤᠷᠠᠯᠴᠠᠭᠠᠨ ᠤ ᠬᠡᠯᠡᠯᠴᠡᠭᠡᠷ︾ ᠲᠤ ᠭᠠᠷ ᠤᠨ ᠦᠰᠦᠭ ᠵᠢᠷᠦᠵᠦ᠂ ᠬᠤᠶᠢᠰᠢᠲᠠ ᠶᠢᠨ ᠭᠤᠷᠪᠠᠨ ᠵᠢᠯ ᠤᠨ ᠡᠭᠦᠯᠳᠡᠷ ᠪᠤᠶᠢᠵᠢᠭᠤᠯᠬᠤ ᠲᠦᠯᠦᠪᠯᠡᠭᠡ ᠶᠢ ᠲᠤᠭᠳᠠᠭᠠᠪᠠ᠃      ᠮᠠᠨ ᠤ ᠠᠶᠢᠮᠠᠭ ᠤᠯᠠᠭᠠᠢ ᠬᠠᠮᠢᠶᠠᠷᠤᠯᠲᠠ ᠶᠢᠨ ᠤᠷᠤᠨ ᠢᠶᠠᠷ ᠭᠤᠤᠯ ᠪᠤᠯᠭᠠᠵᠦ᠂ ᠪᠤᠰᠤᠳ ᠬᠤᠰᠢᠭᠤ ᠰᠢᠶᠠᠨ ᠢᠶᠠᠷ ᠨᠦᠬᠦᠪᠦᠷᠢ ᠪᠤᠯᠭᠠᠵᠦ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠦ᠂ ᠤᠳᠤ ᠶᠢᠨ ᠪᠠᠶᠢᠭ᠎ᠠ ᠭᠤᠤᠯᠳᠠᠯᠭᠠᠲᠦ ᠰᠦᠷᠦᠭ᠂ ᠡᠭᠦᠯᠳᠡᠷ ᠪᠤᠶᠢᠵᠢᠭᠤᠯᠬᠤ ᠰᠦᠷᠦᠭ ᠢᠶᠠᠷ ᠭᠤᠤᠯᠯᠠᠭᠤᠯᠵᠦ᠂ ᠤᠯᠠᠭᠠᠢ ᠬᠠᠮᠢᠶᠠᠷᠤᠯᠲᠠ ᠶᠢᠨ ᠤᠷᠤᠨ᠂ ᠳᠤᠯᠤᠨ ᠨᠤᠤᠷ ᠰᠢᠶᠠᠨ᠂ ᠰᠢᠯᠤᠭᠤᠨ ᠬᠦᠬᠡ ᠬᠤᠰᠢᠭᠤ ᠵᠡᠷᠭᠡ ᠭᠠᠵᠠᠷ ᠲᠤ ︽ᠡᠭᠦᠯᠳᠡᠷ ᠤᠨ ᠦᠬᠡᠷ ᠤᠨ ᠲᠠᠯᠠᠪᠠᠢ + ᠭᠤᠤᠯᠳᠠᠯᠭᠠᠲᠦ ᠰᠦᠷᠦᠭ + ᠡᠭᠦᠯᠳᠡᠷ ᠪᠤᠶᠢᠵᠢᠭᠤᠯᠬᠤ ᠰᠦᠷᠦᠭ + ᠲᠡᠵᠢᠬᠡᠨ ᠦᠷᠡᠵᠢᠬᠦᠯᠬᠦ ᠡᠷᠦᠬᠡ︾ ᠳᠦᠷᠪᠡᠨ ᠱᠠᠲᠤᠨ ᠤ ᠬᠤᠸᠠᠰᠢ ᠦᠬᠡᠷ ᠤᠨ ᠰᠢᠯᠢᠳᠡᠭ ᠡᠭᠦᠯᠳᠡᠷ ᠪᠤᠶᠢᠵᠢᠭᠤᠯᠬᠤ  ᠰᠢᠰᠲ᠋ᠧᠮ ᠢ ᠪᠠᠶᠢᠭᠤᠯᠵᠠᠢ᠃ ᠤᠯᠠᠭᠠᠢ ᠬᠠᠮᠢᠶᠠᠷᠤᠯᠲᠠ ᠶᠢᠨ ᠤᠷᠤᠨ ᠤ ᠤᠯᠠᠭᠠᠢ ᠮᠠᠯᠵᠢᠯ ᠤᠨ ᠲᠠᠯᠠᠪᠠᠢ ᠶᠢᠨ ᠬᠢᠵᠠᠭᠠᠷᠲᠦ ᠺᠤᠮᠫᠠᠨᠢ᠂ ᠤᠯᠠᠭᠠᠢ ᠬᠠᠮᠢᠶᠠᠷᠤᠯᠲᠠ ᠶᠢᠨ ᠤᠷᠤᠨ ᠤ ᠬᠤᠨᠭ ᠰᠢᠩ ᠮᠠᠯ ᠠᠵᠦ ᠠᠬᠤᠢ ᠶᠢᠨ ᠬᠢᠵᠠᠭᠠᠷᠲᠦ ᠺᠤᠮᠫᠠᠨᠢ᠂ ᠳᠤᠯᠤᠨ ᠨᠤᠤᠷ ᠰᠢᠶᠠᠨ ᠤ ᠱᠤᠩ  ᠰᠢᠶᠠᠩ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ ᠤᠷᠢᠳ ᠬᠤᠵᠢᠳ ᠠᠶᠢᠮᠠᠭ ᠤᠨ ᠳᠡᠰ ᠤᠨ ᠬᠤᠸᠠᠰᠢ ᠦᠬᠡᠷ ᠤᠨ ᠦᠷ᠎ᠡ ᠶᠢᠨ ᠮᠠᠯ ᠤᠨ ᠲᠠᠯᠠᠪᠠᠢ ᠪᠠᠷ ᠦᠨᠡᠯᠡᠨ ᠲᠤᠭᠲᠠᠭᠠᠭᠳᠠᠵᠦ᠂ ᠡᠷᠭᠢᠨ ᠲᠤᠭᠤᠷᠢᠨ ᠤ ᠮᠠᠯᠵᠢᠬᠤ ᠡᠷᠦᠬᠡ ᠳᠤ ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠳᠤ ᠪᠠᠲᠤᠯᠠᠭ᠎ᠠ ᠬᠠᠨᠭ᠍ᠭᠠᠭᠰᠠᠨ ᠪᠠᠶᠢᠨ᠎ᠠ᠃      ᠲᠦᠯᠦᠪᠯᠡᠭᠰᠡᠨ ᠢᠶᠠᠷ᠂ 2025 ᠤᠨ ᠪᠤᠯᠬᠤ ᠳᠤ᠂ ᠪᠦᠬᠦ ᠠᠶᠢᠮᠠᠭ ᠤᠨ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠤᠨ ᠦᠬᠡᠷ 2.2 ᠲᠦᠮᠡ ᠳᠤ ᠬᠦᠷᠴᠦ᠂ ᠭᠤᠤᠯᠳᠠᠯᠭᠠᠲᠦ ᠰᠦᠷᠦᠭ ᠤᠨ ᠦᠬᠡᠷ 1 ᠲᠦᠮᠡ ᠳᠤ ᠬᠦᠷᠴᠦ᠂ ᠲᠤᠰ ᠲᠤᠰ ᠪᠦᠬᠦ ᠤᠯᠤᠰ ᠤᠨ ᠬᠡᠪᠴᠢᠶᠡᠨ ᠤ 70% ᠪᠤᠯᠤᠨ 60% ᠶᠢ ᠡᠵᠡᠯᠡᠬᠦ ᠪᠤᠯᠤᠨ᠎ᠠ︔ ᠬᠤᠸᠠᠰᠢ ᠦᠬᠡᠷ ᠤᠨ ᠦᠷ᠎ᠡ ᠶᠢᠨ ᠮᠠᠯ ᠤᠨ ᠲᠠᠯᠠᠪᠠᠢ 15 ᠶᠢ ᠪᠠᠶᠢᠭᠤᠯᠵᠦ᠂ ᠪᠦᠬᠦ ᠠᠶᠢᠮᠠᠭ ᠤᠨ ᠬᠡᠪᠴᠢᠶᠡᠨ ᠳᠤ ᠬᠤᠸᠠᠰᠢ ᠦᠬᠡᠷ ᠤᠨ ᠢᠴᠡᠬᠡᠯ ᠦᠷ᠎ᠡ ᠶᠢ 60 ᠲᠦᠮᠡ ᠶᠢ ᠳᠡᠯᠭᠡᠷᠡᠭᠦᠯᠦᠨ ᠬᠡᠷᠡᠭᠯᠡᠵᠦ᠂ ᠪᠦᠬᠦ ᠤᠯᠤᠰ ᠤᠨ ᠬᠤᠸᠠᠰᠢ ᠦᠬᠡᠷ ᠤᠨ ᠢᠴᠡᠭᠡᠯ ᠦᠷ᠎ᠠ ᠶᠢᠨ 60% ᠶᠢ ᠡᠵᠡᠯᠡᠭᠦᠯᠦᠨ᠎ᠠ︔ ᠬᠤᠸᠠᠰᠢ ᠦᠬᠡᠷ ᠤᠨ ᠦᠷ᠎ᠡ ᠶᠢᠨ ᠮᠠᠯ ᠢ ᠨᠡᠶᠢᠲᠡ 262 ᠢ ᠪᠤᠶᠢᠵᠢᠭᠤᠯᠵᠦ᠂ ᠪᠦᠬᠦ ᠤᠯᠤᠰ ᠤᠨ ᠬᠤᠸᠠᠰᠢ ᠦᠬᠡᠷ ᠤᠨ ᠦᠷ᠎ᠡ ᠶᠢᠨ ᠮᠠᠯ ᠤᠨ 52% ᠢ ᠡᠵᠡᠯᠡᠬᠦ ᠪᠤᠯᠭᠠᠨ᠎ᠠ︔ ᠬᠤᠸᠠᠰᠢ ᠦᠬᠡᠷ ᠤᠨ ᠡᠬᠦᠯᠳᠡᠷ ᠤᠨ ᠪᠤᠬ᠎ᠠ ᠶᠢ 4500 ᠳᠤ ᠬᠦᠷᠭᠡᠵᠦ᠂ ᠪᠦᠬᠦ ᠤᠯᠤᠰ ᠤᠨ ᠬᠤᠸᠠᠰᠢ ᠦᠬᠡᠷ ᠤᠨ ᠡᠬᠦᠯᠳᠡᠷ ᠤᠨ ᠪᠤᠬ᠎ᠠ ᠶᠢᠨ 80% ᠠᠴᠠ ᠳᠡᠭᠡᠭᠰᠢᠬᠢ ᠶᠢ ᠡᠵᠡᠯᠡᠬᠦ ᠪᠤᠯᠭᠠᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号